ᠵᠢᠦ ᠶᠤᠸᠠᠨ ᠲᠣᠭᠤᠷᠢᠭ ᠤᠨ ᠴᠡᠴᠡᠷᠯᠢᠭ ᠤᠨ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠥᠭᠵᠢᠯᠲᠡ ᠶᠢᠨ ᠲᠥᠪ ᠴᠠᠭᠠᠨ ᠰᠠᠷ᠎ᠠ ᠶᠢᠨ ᠳᠠᠷᠠᠭᠠᠬᠢ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠰᠢᠲᠠᠮᠠᠬᠠᠶ ᠬᠡᠶ ᠶᠢᠨ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/2/26
    ᠪᠥᠬᠦ ᠲᠣᠭᠤᠷᠢᠭ ᠤᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠮᠠᠨ ᠤ ᠲᠣᠭᠤᠷᠢᠭ ᠤᠨ ᠴᠠᠭᠠᠨ ᠰᠠᠷ᠎ᠠ ᠶᠢᠨ ᠳᠠᠷᠠᠭ᠎ᠠ ᠵᠠᠯᠭᠠᠭ᠎ᠠ ᠪᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠵᠦ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ᠵᠢᠤ ᠶᠤᠸᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠢᠤ ᠶᠤᠸᠠᠨ ᠲᠣᠭᠤᠷᠢᠭ ᠤᠨ ᠴᠡᠴᠡᠷᠯᠢᠭ ᠤᠨ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠥᠭᠵᠢᠯᠲᠡ ᠶᠢᠨ ᠲᠥᠪ ᠠᠴᠠ ᠪᠥᠬᠦ ᠲᠣᠭᠤᠷᠢᠭ ᠤᠨ ᠬᠡᠪᠴᠢᠶᠡᠨ ᠳᠠᠬᠢ ᠰᠢᠲᠠᠮᠠᠬᠠᠶ ᠬᠡᠶ ᠡᠵᠡᠩᠨᠡᠵᠦ ᠪᠠᠶᠢᠭ᠎ᠠ 6 ᠠᠵᠤ ᠠᠬᠤᠶᠢᠯᠠᠯ ᠳᠤ ᠪᠠᠶᠠᠷ ᠤᠨ ᠡᠳᠦᠷ ᠤᠨ ᠳᠠᠷᠠᠭᠠᠬᠢ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠮᠤᠷ ᠲᠦᠪᠰᠢᠨ ᠤ ᠪᠠᠶᠢᠴᠠᠭᠠᠯᠲᠠ ᠬᠢᠪᠠ᠃ ᠪᠠᠶᠢᠴᠠᠭᠠᠬᠤ ᠬᠤᠭᠤᠴᠠᠭᠠᠨ ᠳᠤ᠂ ᠪᠠᠶᠢᠴᠠᠭᠠᠬᠤ ᠳᠤᠭᠤᠶᠢᠯᠠᠩ ᠨᠢ ᠲᠤᠬᠠᠶ ᠶᠢᠨ ᠲᠠᠯᠠᠪᠠᠶ ᠳᠤ ᠡᠯ᠎ᠡ ᠰᠢᠲᠠᠮᠠᠬᠠᠶ ᠬᠡᠶ ᠡᠵᠡᠩᠨᠡᠵᠦ ᠪᠠᠶᠢᠭ᠎ᠠ ᠠᠵᠤ ᠠᠬᠤᠶᠢᠯᠠᠯ ᠢ ᠡᠯ᠎ᠡ ᠲᠥᠷᠥᠯ ᠤᠨ ᠰᠢᠲᠠᠮᠠᠬᠠᠶ ᠬᠡᠶ ᠶᠢᠨ ᠲᠠᠯᠠᠪᠤᠷ ᠥᠷᠲᠡᠭᠡ᠂ ᠬᠤᠭᠤᠯᠠᠶ ᠤᠲᠠᠰᠤ ᠳᠠᠮᠵᠢᠭᠤᠯᠬᠤ᠂ ᠳᠠᠷᠤᠯᠲᠠ ᠲᠣᠬᠢᠷᠠᠭᠤᠯᠬᠤ ᠥᠷᠲᠡᠭᠡ (ᠬᠠᠶᠢᠷᠴᠠᠭ᠂ ᠬᠤᠷᠭᠤ) ᠵᠡᠷᠭᠡ ᠪᠡᠯᠡᠳᠬᠡᠮᠵᠢ ᠲᠥᠬᠦᠭᠡᠷᠦᠮᠵᠢ ᠶᠢᠨ ᠠᠮᠤᠷ ᠲᠦᠪᠰᠢᠨ ᠢ ᠬᠢᠨᠠᠨ ᠰᠢᠨᠵᠢᠬᠦ ᠪᠠ ᠲᠣᠭᠤᠷᠢᠨ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠪᠠ᠃
111.jpg
    ᠲᠣᠰ ᠤᠳᠠᠭᠠᠨ ᠤ ᠠᠮᠤᠷ ᠲᠦᠪᠰᠢᠨ ᠤ ᠪᠠᠶᠢᠴᠠᠭᠠᠯᠲᠠ ᠨᠢ ᠭᠤᠤᠯᠳᠠᠭᠤ ᠠᠵᠤ ᠠᠬᠤᠶᠢᠯᠠᠯ ᠤᠨ ᠠᠵᠢᠯᠲᠠᠨ ᠤ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠤᠭᠰᠠᠨ ᠪᠠᠶᠢᠳᠠᠯ᠂ ᠠᠮᠤᠷ ᠲᠦᠪᠰᠢᠨ ᠤ ᠲᠣᠭᠤᠷᠢᠨ ᠪᠠᠶᠢᠴᠠᠭᠠᠭᠰᠠᠨ ᠲᠡᠮᠳᠡᠭᠯᠡᠯ᠂ ᠡᠭᠡᠯᠵᠢ ᠲᠤᠰᠢᠶᠠᠭᠰᠠᠨ ᠪᠠ ᠭᠥᠯᠢᠶᠡᠨ ᠠᠪᠤᠭᠰᠠᠨ ᠲᠡᠮᠳᠡᠭᠯᠡᠯ᠂ ᠲᠥᠬᠦᠭᠡᠷᠦᠮᠵᠢ ᠶᠢ ᠬᠠᠮᠠᠭᠠᠯᠠᠨ ᠠᠷᠠᠴᠢᠯᠠᠭᠰᠠᠨ ᠲᠡᠮᠳᠡᠭᠯᠡᠯ ᠨᠢ ᠪᠦᠷᠢᠨ ᠭᠦᠢᠴᠡᠳ ᠪᠠᠶᠢᠬᠤ ᠡᠰᠡᠬᠦ᠂ ᠰᠤᠷᠤᠯᠴᠠᠯᠭ᠎ᠠ ᠬᠥᠮᠦᠵᠢᠯ ᠤᠨ ᠲᠡᠮᠳᠡᠭᠯᠡᠯ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠲᠡᠮᠳᠡᠭᠯᠡᠯ ᠵᠡᠷᠭᠡ ᠲᠠᠯ᠎ᠠ ᠳᠤ ᠪᠠᠶᠢᠴᠠᠭᠠᠯᠲᠠ ᠬᠢᠪᠡ᠃
222.jpg
    ᠬᠤᠶᠢᠰᠢᠳᠠ᠂ ᠲᠤᠭᠤᠷᠢᠭ ᠤᠨ ᠴᠡᠴᠡᠷᠯᠢᠭ ᠤᠨ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠥᠭᠵᠢᠯᠲᠡ ᠶᠢᠨ ᠲᠥᠪ ᠠᠴᠠ ᠡᠯ᠎ᠡ ᠠᠵᠤ ᠠᠬᠤᠶᠢᠯᠠᠯ᠂ ᠡᠯ᠎ᠡ ᠲᠠᠯᠠᠪᠤᠷ ᠭᠠᠵᠠᠷ ᠢ ᠰᠢᠮᠳᠠᠭᠤᠯᠵᠤ ᠪᠠᠶᠢᠭᠠᠳ ᠲᠣᠭᠲᠠᠮᠠᠯ ᠬᠤᠭᠤᠴᠠᠭ᠎ᠠ ᠲᠠᠢ ᠪᠠᠷ ᠥᠪᠡᠰᠦᠪᠡᠨ ᠪᠠᠶᠢᠴᠠᠭᠠᠵᠤ᠂ ᠲᠥᠬᠦᠭᠡᠷᠦᠮᠵᠢ᠂ ᠠᠵᠢᠯᠲᠠᠨ ᠬᠢᠭᠡᠳ ᠠᠶᠦᠯᠭᠦᠢ ᠶᠢᠨ ᠬᠠᠮᠢᠶ᠎ᠠ ᠪᠦᠬᠦᠢ ᠢᠵᠢ ᠪᠦᠷᠢᠳᠦᠭᠦᠯᠬᠦ ᠪᠡᠯᠡᠳᠬᠡᠮᠵᠢ ᠶᠢᠨ ᠬᠡᠪ ᠤᠨ ᠠᠵᠢᠯᠯᠠᠭᠠᠨ ᠢ ᠦᠨᠡᠨᠬᠦ ᠪᠠᠲᠤᠯᠠᠵᠤ᠂ ᠮᠠᠨ ᠤ ᠲᠤᠭᠤᠷᠢᠭ ᠤᠨ ᠰᠢᠲᠠᠮᠠᠬᠠᠶ ᠬᠡᠢ ᠶᠢᠨ ᠠᠶᠦᠯᠭᠦᠢ ᠶᠢᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠵᠤ᠂ ᠬᠡᠢ ᠬᠡᠷᠡᠭᠯᠡᠬᠦ ᠠᠮᠤᠷ ᠲᠦᠪᠰᠢᠨ ᠰᠠᠶᠢᠨ ᠰᠠᠶᠢᠬᠠᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠪᠣᠶ  ᠪᠤᠯᠭᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号