ᠬᠥᠨᠳᠡᠯᠡᠨ ᠭᠤᠯᠳᠤ ᠵᠡᠭᠡᠯᠢ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠰᠥᠨᠢ ᠶᠢᠨ ᠠᠵᠤ ᠠᠬᠤᠢ ᠶᠢᠨ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/2/26
    ᠡᠨᠡ ᠵᠢᠯ ᠠᠴᠠ ᠨᠠᠰᠢ᠂ ᠵᠢᠦ ᠶᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠬᠥᠨᠳᠡᠯᠡᠨ ᠭᠤᠯᠳᠤ ᠵᠡᠭᠡᠯᠢ ᠶᠢᠨ ᠠᠵᠤ ᠠᠬᠤᠢ ᠶᠢᠨ ᠵᠡᠭᠡᠯᠢ ᠲᠣᠭᠤᠷᠢᠭ ᠤᠨ ᠬᠥᠭᠵᠢᠯᠲᠡ ᠶᠢᠨ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠴᠢᠨ ᠲᠣᠭᠤᠷᠢᠨ ᠤ ᠵᠠᠰᠠᠯᠲᠠ ᠪᠠ ᠦᠢᠯᠡᠴᠢᠯᠡᠭᠡ ᠶᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ᠂ ᠨᠠᠷᠢᠯᠢᠭ ᠬᠠᠮᠢᠶᠠᠷᠤᠯᠲᠠ ᠪᠠ ᠨᠠᠷᠢᠯᠢᠭ ᠣᠨᠣᠪᠴᠢᠲᠠᠢ ᠦᠢᠯᠡᠴᠢᠯᠡᠭᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠵᠢᠷᠤᠮᠵᠢᠯ ᠲᠠᠢ ᠡᠮᠬᠢ ᠵᠢᠷᠤᠮ ᠲᠠᠢ᠂ ᠠᠮᠢᠵᠢᠷᠠᠯ ᠤᠨ ᠬᠦᠴᠦᠨ ᠲᠠᠢ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠬᠦᠴᠦᠯᠡᠨ ᠪᠣᠢ ᠪᠣᠯᠭᠠᠵᠤ᠂ ᠡᠨᠡ ᠬᠦ ︽ᠤᠲᠤᠭ᠎ᠠ ᠠᠭᠤᠷ︾ ᠲᠡᠭᠦᠯᠳᠡᠷ ᠣᠨᠴᠠᠯᠢᠭᠲᠤ ᠵᠡᠭᠡᠯᠢ ᠲᠣᠭᠤᠷᠢᠭ ᠢ ᠰᠢᠨ᠎ᠡ ᠭᠡᠷᠡᠯ ᠭᠢᠯᠪᠠᠭ᠎ᠠ ᠪᠠᠨ ᠰᠠᠴᠤᠷᠠᠭᠤᠯᠪᠠ᠃
1111.jpg
    ᠵᠢᠥ ᠶᠤᠸᠠᠨ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶ᠎ᠠ ︽4 + 3︾ ᠪᠠᠶᠢᠩᠭᠤ ᠶᠢᠨ ᠵᠠᠰᠠᠯᠲᠠ ᠶᠢᠨ ᠲᠣᠭᠲᠠᠴᠠ ᠶᠢ ᠰᠢᠨ᠎ᠡ ᠪᠠᠷ ᠡᠭᠦᠳᠦᠨ ᠪᠠᠶᠢᠭᠤᠯᠵᠤ᠂ ᠰᠠᠷ᠎ᠠ ᠪᠦᠷᠢ 4 ᠡᠭᠡᠯᠵᠢ ᠶᠢᠨ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠡᠳᠦᠷ ᠪᠦᠷᠢ 3 ᠤᠳᠠᠭ᠎ᠠ ᠬᠥᠳᠡᠯᠦᠩᠭᠦᠢ ᠪᠠᠷ ᠲᠣᠭᠤᠷᠢᠨ ᠪᠠᠶᠢᠴᠠᠭᠠᠬᠤ ᠶᠢ ᠨᠠᠶᠢᠳᠠᠪᠤᠷᠢᠵᠢᠭᠤᠯᠵᠤ᠂ ᠵᠠᠮ ᠡᠵᠡᠯᠡᠨ ᠡᠵᠡᠩᠨᠡᠬᠦ᠂ ᠲᠡᠷᠭᠡ ᠬᠥᠰᠬᠡ ᠶᠢ ᠳᠤᠷ᠎ᠠ ᠪᠠᠷ ᠢᠶᠠᠨ ᠲᠠᠯᠪᠢᠬᠤ ᠵᠡᠷᠭᠡ ᠬᠠᠮᠢᠶᠠᠷᠤᠯᠲᠠ ᠶᠢᠨ ᠬᠦᠴᠢᠷ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠪᠡ᠃ 100 ᠭᠠᠷᠤᠶ ᠨᠡᠭᠦᠳᠡᠯ ᠳᠡᠯᠭᠡᠭᠡ ᠮᠠᠶᠢᠮᠠᠶ ᠶᠢ ᠴᠡᠪᠡᠷᠯᠡᠵᠦ᠂ ᠮᠠᠰᠢᠨᠲᠤ ᠪᠤᠰᠤ ᠲᠡᠷᠭᠡ 600 ᠭᠠᠷᠤᠶ ᠵᠣᠭᠰᠣᠭᠠᠬᠤ ᠶᠢ ᠵᠢᠷᠤᠮᠵᠢᠭᠤᠯᠤᠨ᠂ 40 ᠭᠠᠷᠤᠶ ᠮᠠᠰᠢᠨᠲᠤ ᠲᠡᠷᠭᠡ ᠶᠢ ᠰᠢᠯᠵᠢᠭᠦᠯᠦᠨ ᠵᠣᠭᠰᠣᠭᠠᠵᠤ᠂ ᠶᠠᠪᠠᠭᠠᠨ ᠬᠥᠮᠦᠨ ᠤ ᠰᠣᠬᠤᠷ ᠬᠥᠮᠦᠨ ᠤ ᠵᠠᠮ ᠪᠠ ᠭᠠᠯ ᠤᠨᠲᠠᠷᠠᠭᠠᠬᠤ ᠵᠠᠮ ᠢ ᠰᠠᠭᠠᠳ ᠦᠭᠡᠢ ᠨᠡᠪᠲᠡᠷᠡᠭᠦᠯᠪᠡ᠃ ᠬᠤᠳᠠᠯᠳᠤᠭᠠᠨ ᠤ ᠡᠷᠦᠬᠡ ᠶᠢᠨ ᠡᠭᠦᠳᠡᠨ ᠡᠮᠦᠨᠡᠬᠢ ︽ᠪᠢᠴᠢᠯ ᠣᠷᠴᠢᠨ ᠲᠣᠭᠤᠷᠢᠨ︾ ᠳᠤ ᠴᠢᠭᠯᠡᠭᠦᠯᠦᠨ᠂ ᠬᠤᠭ ᠨᠣᠪᠰᠢ ᠶᠢᠨ ᠰᠠᠪᠠ ᠶᠢ ᠲᠤᠰᠬᠠᠶᠢᠯᠠᠨ ᠵᠠᠰᠠᠬᠤ ᠠᠵᠢᠯᠯᠠᠭ᠎ᠠ ᠥᠷᠨᠢᠭᠦᠯᠵᠦ᠂ 127 ᠣᠯᠠᠨ ᠨᠡᠶᠢᠲᠡ ᠶᠢᠨ ᠬᠤᠭ ᠨᠣᠪᠰᠢ ᠶᠢᠨ ᠰᠠᠪᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ 2 ᠵᠠᠮ ᠡᠵᠡᠯᠡᠭᠰᠡᠨ ᠡᠯᠳᠡᠪ ᠪᠣᠳᠠᠰ ᠤᠨ ᠴᠡᠭ ᠢ ᠴᠡᠪᠡᠷᠯᠡᠵᠦ᠂ ᠵᠡᠭᠡᠯᠢ ᠲᠣᠭᠤᠷᠢᠭ ᠢ ︽ᠤᠲᠤᠭ᠎ᠠ ᠠᠭᠤᠷ︾ ᠨᠠᠩ ︽ᠪᠣᠯᠪᠠᠰᠤᠨ ᠳᠠᠭᠤᠷᠢᠶᠠᠯ︾ ᠲᠠᠢ ᠪᠣᠯᠭᠠᠪᠠ᠃
222.jpg
    ᠦᠢᠯᠡᠴᠢᠯᠡᠭᠡᠨ ᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠵᠠᠰᠠᠭ ᠤᠨ ᠣᠷᠳᠣᠨ ᠪᠠ ᠠᠵᠤ ᠠᠬᠤᠶᠢᠯᠠᠯ ᠬᠤᠯᠪᠣᠯᠳᠤᠭᠰᠠᠨ ᠬᠥᠭᠦᠷᠭᠡ ᠶᠢ ᠪᠠᠶᠢᠭᠤᠯᠵᠤ᠂ ᠬᠠᠤᠯᠢ ᠬᠡᠷᠡᠭᠵᠢᠭᠦᠯᠬᠦ ᠠᠩᠭᠢ ᠶᠢᠨ ᠭᠡᠰᠢᠭᠦᠳ ︽ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠭᠴᠢ︾ ᠪᠣᠯᠵᠣ᠂ ᠡᠷᠦᠬᠡ ᠳᠤ ᠬᠦᠷᠴᠦ ᠰᠤᠷᠪᠤᠯᠵᠢᠯᠠᠬᠤ᠂ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠤᠳᠠᠯᠳᠤᠭᠠᠨ ᠤ ᠡᠷᠦᠬᠡ ᠳᠤ ᠬᠦᠷᠭᠡᠪᠡ᠃ ᠡᠭᠦᠨ ᠤ ᠬᠠᠮᠲᠤ ᠭᠤᠷᠪᠠᠳᠠᠬᠢ ᠡᠲᠡᠭᠡᠳ ᠤᠨ ᠡᠵᠡᠩᠨᠡᠯᠲᠡ ᠶᠢᠨ ᠺᠣᠮᠫᠠᠨᠢ ᠲᠠᠢ ᠬᠠᠮᠲᠤᠷᠠᠨ ᠠᠶᠤᠯᠭᠦᠶ ᠦᠢᠯᠡᠳᠪᠦᠷᠢᠯᠡᠯ ᠤᠨ ᠲᠤᠰᠬᠠᠶ ᠰᠡᠳᠦᠪᠲᠦ ᠪᠣᠯᠪᠠᠰᠤᠷᠠᠭᠤᠯᠤᠯ ᠢ ᠡᠷᠭᠢᠯᠡᠵᠦ᠂ ᠢᠳᠡᠭᠡᠨ ᠤ ᠠᠮᠤᠷ ᠲᠦᠪᠰᠢᠨ ᠤ ᠠᠵᠢᠯᠯᠠᠭᠠᠨ ᠤ ᠵᠢᠷᠤᠮᠵᠢᠯ᠂ ᠭᠠᠯ ᠤᠨᠲᠠᠷᠠᠭᠠᠬᠤ ᠠᠮᠤᠷ ᠲᠦᠪᠰᠢᠨ᠂ ᠬᠤᠲᠠ ᠶᠢᠨ ᠦᠵᠡᠮᠵᠢ ᠶᠢᠨ ᠬᠠᠮᠢᠶᠠᠷᠤᠯᠲᠠ ᠶᠢᠨ ᠲᠦᠷᠢᠮ ᠵᠡᠷᠭᠡ ᠠᠭᠤᠯᠭ᠎ᠠ ᠶᠢᠨ ᠲᠣᠭᠤᠷᠢᠨ ᠳᠤ ᠪᠣᠳᠠᠲᠠᠶ ᠠᠵᠢᠯᠯᠠᠭᠠᠨ ᠤ ᠵᠢᠭᠠᠨ ᠰᠤᠷᠭᠠᠯᠲᠠ ᠶᠢ ᠥᠷᠨᠢᠭᠦᠯᠵᠦ᠂ ᠬᠤᠳᠠᠯᠳᠤᠭᠠᠨ ᠤ ᠡᠷᠦᠬᠡ ᠶᠢᠨ ᠵᠢᠷᠤᠮᠵᠢᠭᠰᠠᠨ ᠡᠵᠡᠩᠨᠡᠯᠲᠡ ᠶᠢᠨ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ᠃    ᠳᠠᠷᠠᠭᠠᠴᠢ ᠶᠢᠨ ᠠᠯᠬᠤᠮ ᠳᠤ᠂ ᠵᠢᠥ ᠶᠤᠸᠠᠨ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶ᠎ᠠ ︽ᠬᠠᠮᠢᠶᠠᠷᠤᠯᠲᠠ +ᠦᠢᠯᠡᠴᠢᠯᠡᠭᠡ︾ ᠶᠢᠨ ᠵᠠᠭᠪᠤᠷ ᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠥᠨᠳᠡᠯᠡᠨ ᠭᠤᠯᠳᠤ ᠵᠡᠭᠡᠯᠢ ᠪᠠᠷ ᠦᠯᠢᠭᠡᠷ ᠳᠠᠭᠤᠷᠢᠶᠠᠯ ᠪᠣᠯᠭᠠᠨ ᠰᠥᠨᠢ ᠶᠢᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠵᠠᠰᠠᠯᠲᠠ ᠶᠢᠨ ᠰᠢᠨ᠎ᠡ ᠠᠷᠭ᠎ᠠ ᠵᠠᠮ ᠢ ᠰᠦᠪᠡᠭᠴᠢᠯᠡᠵᠦ᠂ ᠵᠢᠷᠤᠮᠵᠢᠯ ᠲᠠᠢ ᠡᠮᠬᠢ ᠳᠢᠭᠯᠢᠮ ᠲᠠᠢ ᠬᠤᠳᠠ ᠶᠢᠨ ᠬᠠᠮᠢᠶᠠᠷᠤᠯᠲᠠ ᠶᠢ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠰᠥᠨᠢ ᠶᠢᠨ ᠠᠵᠤ ᠠᠬᠤᠢ ᠲᠠᠢ ᠤᠶᠠᠯᠳᠤᠭᠤᠯᠵᠤ᠂ ᠬᠤᠳᠠ ᠶᠢᠨ ᠠᠷᠠᠳ ᠵᠤᠭᠠᠴᠠᠭᠰᠠᠳ ᠲᠤ ᠨᠡᠩ ᠴᠢᠨᠠᠷ ᠰᠠᠶᠢᠲᠠᠢ ︽ᠰᠥᠨᠢ ᠶᠢᠨ ᠵᠢᠦ ᠶᠤᠸᠠᠨ︾ ᠤ ᠠᠮᠢᠳᠤᠷᠠᠯ ᠤᠨ ᠵᠢᠷᠤᠭ ᠳᠦᠷᠰᠦ ᠭᠠᠷᠭᠠᠵᠤ ᠥᠭᠭᠦᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号