ᠵᠢᠦ ᠶᠤᠸᠠᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠮᠡᠷᠭᠡᠵᠢᠯ ᠤᠨ ᠦᠢᠯᠡᠴᠢᠯᠡᠭᠡᠨ ᠤ ᠲᠥᠪ ᠢ ᠵᠠᠯᠭᠠᠭᠤᠯᠤᠭᠰᠠᠨ ᠠᠵᠤ ᠠᠬᠤᠶᠢᠯᠠᠯ ᠤᠨ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠢ ᠭᠦᠢᠴᠡᠳᠬᠡᠭᠰᠡᠨ ᠪᠠᠶᠢᠳᠠᠯ
ᠨᠡᠶᠢᠲᠡᠯᠡᠭᠰᠡᠨ ᠴᠠᠭ᠄
2025/2/26
    2025 ᠣᠨ ᠤ 2 ᠰᠠᠷ᠎ᠠ ᠶᠢᠨ 21  ᠤ ᠡᠳᠦᠷ᠂  ᠵᠢᠤ ᠶᠤᠸᠠᠨ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠮᠡᠷᠭᠡᠵᠢᠯ ᠤᠨ ᠦᠢᠯᠡᠴᠢᠯᠡᠭᠡᠨ ᠤ ᠲᠥᠪ ᠲᠣᠭᠤᠷᠢᠭ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠭᠠᠷ ᠭᠦᠢᠴᠡᠳᠬᠡᠯ ᠢ ᠭᠦᠢᠴᠡᠳᠬᠡᠬᠦ ᠬᠠᠷᠢᠭᠤᠴᠠᠯᠭᠠᠲᠠᠨ ᠵᠢᠴᠢ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠬᠠᠮᠲᠤᠷᠠᠨ᠂ ᠬᠤᠳᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠤᠪᠴᠢᠶ᠎ᠠ ᠲᠠᠢ ᠠᠵᠤ ᠠᠬᠤᠶᠢᠯᠠᠯ ᠤᠨ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠢ ᠭᠦᠢᠴᠡᠳᠭᠡᠭᠰᠡᠨ ᠪᠠᠶᠢᠳᠠᠯ ᠤᠨ ᠲᠤᠬᠠᠢ ᠭᠦᠨᠵᠡᠭᠡᠢ ᠵᠣᠯᠭᠠᠭᠤᠯᠪᠠ᠃ ᠲᠣᠰ ᠤᠳᠠᠭᠠᠨ ᠤ ᠵᠣᠯᠭᠠᠭᠤᠯᠬᠤ ᠵᠣᠷᠢᠯᠲᠠ ᠨᠢ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠢ  ᠭᠦᠢᠴᠡᠳᠭᠡᠬᠦ ᠠᠬᠢᠴᠠ ᠶᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠤᠨ ᠲᠥᠷᠥᠯ ᠵᠦᠢᠯ ᠤᠨ ᠤᠷᠤᠭᠰᠢᠲᠠᠶ ᠥᠷᠨᠢᠬᠦ ᠳᠤ ᠬᠦᠴᠦ ᠨᠡᠮᠡᠷᠢᠯᠡᠨ᠎ᠡ᠃
11111.jpg
    ᠬᠤᠷᠠᠯ ᠳᠡᠭᠡᠷ᠎ᠡ᠂ ᠡᠯ᠎ᠡ ᠲᠠᠯ᠎ᠠ ᠠᠴᠠ ᠪᠠᠷᠢᠯᠭ᠎ᠠ ᠶᠢᠨ ᠵᠥᠪᠰᠢᠶᠡᠷᠡᠯ ᠤᠨ ᠦᠨᠡᠮᠯᠡᠯ ᠭᠦᠢᠴᠡᠳᠭᠡᠬᠦ ᠶᠠᠪᠤᠴᠠ ᠳᠤ ᠲᠤᠯᠭᠠᠷᠠᠭᠰᠠᠨ ᠠᠰᠠᠭᠤᠳᠠᠯ ᠤᠨ ᠲᠤᠬᠠᠶ ᠭᠦᠢᠴᠡᠳ ᠶᠠᠷᠢᠯᠴᠠᠭ᠎ᠠ ᠥᠷᠨᠢᠭᠦᠯᠵᠦ᠂ ᠬᠡᠰᠡᠭ ᠬᠢᠨᠠᠨ ᠵᠥᠪᠰᠢᠶᠡᠷᠡᠬᠦ ᠴᠤᠪᠤᠷᠠᠯ᠂ ᠮᠠᠲ᠋ᠧᠷᠢᠶᠠᠯ ᠢ ᠬᠢᠨᠠᠨ ᠬᠠᠷᠭᠤᠭᠤᠯᠬᠤ ᠦᠶᠡᠯᠡᠯ ᠤᠨ ᠬᠤᠭᠤᠴᠠᠭ᠎ᠠ ᠵᠡᠷᠭᠡ ᠠᠰᠠᠭᠤᠳᠠᠯ ᠢ ᠡᠮᠬᠢᠯᠡᠨ ᠭᠠᠷᠭᠠᠪᠠ᠃ ᠡᠲᠡᠭᠡᠷ ᠠᠰᠠᠭᠤᠳᠠᠯ ᠳᠤ ᠴᠢᠭᠯᠡᠭᠦᠯᠦᠨ᠂ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠤᠳᠤᠷᠢᠳᠤᠯᠭ᠎ᠠ ᠬᠢᠭᠡᠳ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠲᠠᠢ ᠢᠳᠡᠪᠬᠢᠲᠡᠶ ᠨᠡᠪᠲᠡᠷᠡᠯᠴᠡᠨ ᠵᠣᠬᠢᠴᠠᠭᠤᠯᠵᠤ᠂ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠬᠦ᠂ ᠡᠯ᠎ᠡ ᠭᠤᠭᠴᠣᠭᠠᠨ ᠤ  ᠭᠦᠢᠴᠡᠳᠭᠡᠬᠦ ᠴᠠᠭ ᠤᠨ ᠬᠢᠵᠠᠭᠠᠷ ᠢ ᠲᠣᠳᠣᠷᠬᠠᠶᠢᠯᠠᠬᠤ ᠵᠡᠷᠭᠡ ᠪᠣᠳᠠᠲᠠᠶ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠳᠤᠷᠠᠳᠤᠨ᠂ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠢ ᠲᠦᠷᠭᠡᠪᠴᠢᠯᠡᠨ ᠭᠦᠢᠴᠡᠳᠭᠡᠬᠦ ᠳᠤ ᠴᠢᠭᠯᠡᠯ ᠢ ᠲᠣᠳᠣᠷᠬᠠᠶ ᠵᠢᠭᠠᠵᠤ ᠥᠭᠴᠡᠶ᠃    ᠲᠣᠰ ᠤᠳᠠᠭᠠᠨ ᠤ ᠵᠤᠯᠭᠠᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠳᠡᠭᠡᠳᠦ ᠱᠠᠲᠤᠨ ᠤ ᠨᠢᠭᠡᠴᠡ ᠬᠢᠨᠠᠨ ᠬᠠᠷᠭᠤᠭᠤᠯᠬᠤ ᠠᠬᠢᠴᠠ ᠪᠠᠨ ᠲᠦᠷᠭᠡᠳᠬᠡᠵᠦ᠂  ᠭᠦᠢᠴᠡᠳᠭᠡᠬᠦ ᠶᠠᠪᠤᠴᠠ ᠶᠢ ᠰᠢᠯᠢᠳᠡᠭᠵᠢᠭᠦᠯᠦᠨ᠂ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠢ ᠲᠦᠷᠭᠡᠬᠡᠨ ᠭᠦᠢᠴᠡᠳᠬᠡᠵᠤ ᠳᠠᠭᠤᠰᠬᠠᠬᠤ ᠶᠢ ᠦᠨᠡᠨ ᠬᠦ ᠪᠠᠲᠤᠯᠠᠵᠤ᠂ ᠠᠵᠤ ᠠᠬᠤᠶᠢᠯᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ《ᠲᠦᠷᠭᠡᠳᠬᠡᠬᠦ ᠳᠠᠷᠤᠪᠴᠢ》 ᠶᠢ ᠳᠠᠷᠤᠵᠤ ᠥᠭᠭᠦᠨ᠎ᠡ ᠭᠡᠵᠦ ᠲᠣᠳᠣᠷᠬᠠᠶ ᠢᠯᠡᠷᠬᠡᠶᠢᠯᠡᠵᠡᠶ᠃    ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠮᠡᠷᠭᠡᠵᠢᠯ ᠤᠨ ᠦᠢᠯᠡᠴᠢᠯᠡᠭᠡᠨ ᠤ ᠲᠥᠪ ᠨᠢ ᠪᠠᠷᠢᠯᠭ᠎ᠠ ᠶᠢᠨ ᠵᠥᠪᠰᠢᠶᠡᠷᠡᠯ ᠤᠨ ᠦᠨᠡᠮᠯᠡᠯ ᠭᠦᠢᠴᠡᠳᠭᠡᠬᠦ ᠠᠬᠢᠴᠠ ᠶᠢ ᠦᠷᠭᠦᠯᠵᠢᠯᠡᠨ ᠳᠠᠭᠠᠵᠤ᠂ ᠡᠯ᠎ᠡ ᠲᠠᠯ᠎ᠠ ᠶᠢᠨ ᠬᠢᠨ ᠢ ᠢᠳᠡᠪᠬᠢᠲᠡᠶ ᠵᠣᠬᠢᠴᠠᠭᠤᠯᠵᠤ᠂ ᠠᠵᠤ  ᠠᠬᠤᠶᠢᠯᠠᠯ ᠤᠨ ᠲᠥᠷᠥᠯ ᠵᠦᠢᠯ ᠢ ᠡᠷᠲᠡᠬᠡᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠦᠨᠡᠨ ᠬᠦ ᠪᠠᠲᠤᠯᠠᠵᠤ᠂  ᠵᠢᠤ ᠶᠤᠸᠠᠨ ᠲᠣᠭᠤᠷᠢᠭ ᠤᠨ ᠠᠵᠤ ᠠᠬᠤᠶ ᠶᠢᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ᠃ 
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号