2023 ᠣᠨ ᠳᠤ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠢᠮᠢ ᠶᠢᠨ | ᠠᠵᠤ ᠦᠢᠯᠡᠳᠪᠦᠷᠢ ᠲᠥᠪᠯᠡᠷᠡᠭᠰᠡᠨ ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ ᠲᠦᠷᠦᠭᠦᠦ ᠪᠦᠯᠦᠭ 4᠂ | ᠪᠤᠭᠤᠲᠤ ᠬᠤᠲᠠ ᠶᠢᠨ ᠴᠣᠷ ᠤᠨ ᠭᠠᠭᠴᠠ D ᠲᠠᠰ ( ᠨᠡᠯᠢᠶᠡᠳ ᠳᠤᠤᠷ᠎ᠠ ᠠᠮᠤᠷ ᠲᠦᠪᠰᠢᠨ ᠤ ᠲᠦᠭᠰᠢᠭᠦᠷᠢ ᠶᠢᠨ | ᠲᠠᠰ ) ᠤᠨ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢᠶᠠᠷ ᠦᠨᠡᠯᠡᠭᠳᠡᠵᠦ᠂《ᠬᠢᠮᠢ ᠶᠢᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠮᠤᠷ ᠲᠦᠪᠰᠢᠨ ᠤ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ | ᠵᠠᠰᠠᠬᠤ ᠵᠢᠯᠣᠭᠤᠳᠬᠤ ᠲᠦᠷᠢᠮ ( ᠲᠤᠷᠰᠢᠨ ᠬᠡᠷᠡᠭᠵᠢᠭᠦᠯᠬᠦ ) 》ᠵᠢᠴᠢ《ᠠᠷᠪᠠ ᠪᠠᠶᠢᠬᠤ ᠬᠤᠶᠠᠷ ᠢ | ᠴᠠᠭᠠᠵᠠᠯᠠᠬᠤ》ᠠᠮᠤᠷ ᠲᠦᠪᠰᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠬᠦᠷᠢᠶᠡᠯᠡᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠪᠠᠲᠤᠯᠠᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠤᠰᠠᠳᠠ᠂ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ ᠠᠴᠠ ᠣᠨᠴᠠ ᠦᠢᠯᠡᠴᠢᠯᠡᠭᠡᠨ ᠤ ᠭᠠᠯ ᠤᠨᠲᠠᠷᠠᠭᠠᠬᠤ ᠥᠷᠲᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠪᠡ᠃ | ᠣᠨᠴᠠ ᠦᠢᠯᠡᠴᠢᠯᠡᠭᠡᠨ ᠤ ᠭᠠᠯ ᠤᠨᠲᠠᠷᠠᠭᠠᠬᠤ ᠥᠷᠲᠡᠭᠡ ᠨᠢ ᠴᠢ ᠬᠠᠩ ᠶᠡᠭᠡ ᠵᠡᠭᠡᠯᠢ ᠪᠣᠯᠤᠨ ᠴᠦᠨ ᠬᠤᠶ | ᠶᠡᠭᠡ ᠵᠡᠭᠡᠯᠢ ᠶᠢᠨ ᠠᠭᠤᠯᠵᠠᠷ ᠤᠨ ᠪᠠᠷᠠᠭᠤᠨ ᠡᠮᠦᠨ᠎ᠡ ᠥᠨᠴᠥᠭ ᠲᠤ ᠪᠠᠶᠢᠷᠢᠯᠠᠵᠤ᠂ 15 ᠮᠥ ᠭᠠᠵᠠᠷ ᠡᠵᠡᠯᠡᠵᠦ᠂ | ᠪᠠᠷᠢᠯᠭ᠎ᠠ ᠶᠢᠨ ᠶᠡᠷᠦᠩᠬᠡᠶ ᠲᠠᠯᠠᠪᠠᠶ ᠨᠢ 5594 ᠲᠡᠭᠰᠢ ᠳᠥᠷᠪᠡᠯᠵᠢᠨ ᠮᠧᠲᠷ ᠪᠠᠶᠢᠵᠤ᠂ ᠨᠡᠶᠢᠲᠡ 4052 ᠲᠦᠮᠡᠨ | ᠲᠥᠭᠦᠷᠢᠭ ᠤᠨ ᠪᠠᠯᠠ ᠣᠷᠣᠭᠤᠯᠵᠤ᠂ 2024 ᠣᠨ ᠤ 3 ᠰᠠᠷ᠎ᠠ ᠳᠤ ᠪᠠᠷᠢᠯᠭ᠎ᠠ ᠡᠬᠢᠯᠡᠭᠦᠯᠦᠨ ᠪᠥᠲᠥᠭᠡᠨ | ᠪᠠᠶᠢᠭᠤᠯᠵᠤ᠂ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠳᠤ ᠲᠤᠰᠬᠠᠶ ᠲᠡᠷᠭᠡᠨ ᠤ ᠬᠥᠮᠥᠷᠭᠡ᠂ ᠪᠠᠭᠠᠵᠢ | ᠬᠡᠷᠡᠭᠰᠡᠯ ᠤᠨ ᠬᠥᠮᠥᠷᠭᠡ᠂ ᠬᠡᠶᠢᠯᠡᠬᠦ ᠲᠠᠰᠤᠭ ᠵᠡᠷᠭᠡ ᠲᠤᠰᠬᠠᠶ ᠴᠢᠳᠠᠮᠵᠢ ᠶᠢᠨ ᠣᠷᠣᠨ ᠪᠦᠰᠡ ᠶᠢ ᠪᠠᠭᠲᠠᠭᠠᠵᠤ᠂ | ᠡᠭᠦᠨ ᠤ ᠬᠠᠮᠲᠤ ᠪᠡᠶ᠎ᠡ ᠶᠢᠨ ᠲᠠᠮᠢᠷ ᠤᠨ ᠣᠷᠳᠣᠨ᠂ ᠣᠯᠠᠨ ᠴᠢᠳᠠᠮᠵᠢᠲᠤ ᠲᠢᠩᠬᠢᠮ᠂ ᠬᠤᠭᠤᠯᠠᠨ ᠲᠢᠩᠬᠢᠮ᠂ | ᠲᠣᠭᠤᠭᠠᠨ ᠬᠡᠷ᠂ ᠠᠩᠭᠢ ᠶᠢᠨ ᠲᠡᠦᠬᠡ ᠶᠢᠨ ᠣᠷᠳᠣᠨ᠂ ᠰᠤᠳᠤᠯᠤᠨ ᠶᠠᠷᠢᠯᠴᠠᠬᠤ ᠲᠠᠰᠤᠭ ᠵᠡᠷᠭᠡ ᠠᠮᠢᠳᠤᠷᠠᠯ᠂ | ᠪᠣᠯᠪᠠᠰᠤᠷᠠᠯ ᠵᠢᠴᠢ ᠠᠵᠢᠯᠯᠠᠬᠤ ᠲᠠᠯᠠᠪᠤᠷ ᠢ ᠳᠣᠭᠢᠷᠠᠭᠤᠯᠪᠠ᠃ 11 ᠰᠠᠷ᠎ᠠ ᠶᠢᠨ ᠪᠠᠴᠢᠮ ᠶᠠᠭᠠᠷᠠᠯᠲᠠᠶ ᠠᠵᠢᠯ ᠢᠶᠠᠷ | ᠳᠡᠮᠵᠢᠨ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢ ᠪᠦᠬᠦᠨ ᠢ ᠳᠠᠭᠤᠰᠬᠠᠭᠰᠠᠨ ᠪᠥᠭᠡᠳ 2025 ᠣᠨ ᠤ 2 | ᠰᠠᠷ᠎ᠠ ᠶᠢᠨ 24 ᠤ ᠡᠳᠦᠷ᠂ ᠪᠠᠷᠢᠯᠭ᠎ᠠ ᠳᠠᠭᠤᠰᠴᠤ ᠰᠢᠯᠭᠠᠨ ᠠᠪᠬᠤ ᠠᠵᠢᠯ ᠢ ᠪᠡᠶᠡᠯᠡᠭᠦᠯᠪᠡ᠃ | ᠣᠨᠴᠠ ᠦᠢᠯᠡᠴᠢᠯᠡᠭᠡᠨ ᠤ ᠭᠠᠯ ᠤᠨᠲᠠᠷᠠᠭᠠᠬᠤ ᠥᠷᠲᠡᠭᠡ ᠶᠢᠨ ᠪᠠᠶᠢᠭᠤᠯᠤᠭᠳᠠᠭᠰᠠᠨ ᠨᠢ ᠬᠦᠷᠢᠶᠡᠯᠡᠩ ᠲᠣᠭᠤᠷᠢᠭ | ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠭᠠᠯ ᠰᠡᠷᠭᠡᠶᠢᠯᠡᠵᠦ ᠠᠪᠤᠷᠠᠨ ᠲᠤᠰᠠᠯᠠᠬᠤ᠂ ᠭᠡᠨᠡᠳᠲᠡ ᠶᠢᠨ ᠬᠡᠷᠡᠭ ᠢ | ᠪᠠᠴᠢᠮ ᠰᠢᠢᠳᠪᠦᠷᠢᠯᠡᠬᠦ᠂ ᠭᠠᠯ ᠰᠡᠷᠭᠡᠶᠢᠯᠡᠵᠦ ᠴᠠᠭᠳᠠᠨ ᠪᠠᠶᠢᠴᠠᠭᠠᠬᠤ ᠵᠢᠴᠢ ᠠᠮᠤᠷ ᠲᠦᠪᠰᠢᠨ ᠤ ᠤᠬᠠᠭᠤᠯᠭ᠎ᠠ | ᠬᠥᠮᠦᠵᠢᠯ ᠵᠡᠷᠭᠡ ᠡᠭᠦᠷᠭᠡ ᠶᠢ ᠪᠥᠬᠦ ᠲᠠᠯ᠎ᠠ ᠪᠠᠷ ᠡᠭᠦᠷᠭᠡᠯᠡᠵᠦ᠂ ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠬᠤ | ᠠᠵᠢᠯᠯᠠᠭ᠎ᠠ ᠬᠢᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ | ᠵᠢᠴᠢ ᠡᠷᠬᠢᠨ ᠲᠣᠭᠤᠷᠢᠨ ᠤ ᠰᠠᠭᠤᠭᠠᠯᠢ ᠠᠷᠠᠳ ᠲᠤ ᠨᠠᠩ ᠨᠠᠶᠢᠳᠠᠪᠤᠷᠢᠲᠠᠶ ᠠᠮᠤᠷ ᠲᠦᠪᠰᠢᠨ ᠤ ᠪᠠᠲᠤᠯᠠᠭ᠎ᠠ | ᠬᠠᠩᠭᠠᠬᠤ ᠪᠣᠯᠤᠨ᠎ᠠ᠃ | | | | | | | | |