ᠬᠤᠷᠠᠯ ᠤᠨ ᠴᠢᠬᠤᠯᠠ ᠮᠡᠳᠡᠭᠡ᠄ ᠤᠶᠤᠨ ᠤᠬᠠᠭᠠᠨ ᠢᠶᠠᠨ ᠲᠥᠪᠯᠡᠷᠡᠭᠦᠯᠦᠨ ᠢᠷᠡᠭᠡᠳᠦᠢ ᠪᠠᠨ ᠴᠣᠭᠴᠠᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠡᠷᠢᠯᠬᠢᠯᠡᠬᠦ — ᠠᠭᠠᠷᠤᠳᠠᠢ ᠰᠤᠮᠤ ᠲᠣᠰᠬᠤᠨ ᠢ ᠳᠠᠭᠠᠭᠠᠴᠢᠯᠠᠨ ᠤᠳᠤᠷᠢᠳᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/27
11.jpg
    ᠲᠣᠰᠬᠤᠨ ᠢ ᠳᠠᠭᠠᠭᠠᠴᠢᠯᠠᠭᠰᠠᠨ ᠤᠳᠤᠷᠢᠳᠤᠯᠭ᠎ᠠ ᠶᠢᠨ ᠦᠨᠡᠨ ᠬᠦ ᠯᠠᠪᠳᠠᠭᠤᠨ ᠪᠠᠲᠤᠲᠠᠶ ᠠᠵᠢᠯᠯᠠᠵᠤ᠂ ᠬᠦᠴᠢᠷ ᠠᠰᠠᠭᠤᠳᠠᠯ ᠢ ᠯᠠᠪᠳᠠᠭᠤᠨ ᠪᠠᠲᠤᠲᠠᠶ ᠰᠢᠢᠳᠪᠦᠷᠢᠯᠡᠵᠦ᠂ ᠡᠯ᠎ᠡ ᠭᠠᠴᠠᠭ᠎ᠠ ᠲᠣᠰᠬᠤᠨ ᠢ ᠬᠠᠪᠰᠤᠷᠤᠨ ᠪᠣᠳᠠᠲᠤ ᠪᠠᠶᠢᠳᠠᠯ ᠢ ᠣᠶᠢᠯᠠᠭᠠᠵᠤ᠂ ᠰᠡᠳᠬᠢᠴᠡ ᠶᠢ ᠨᠢ ᠡᠮᠬᠢᠯᠡᠵᠦ᠂ ᠬᠥᠭᠵᠢᠯᠲᠡ ᠶᠢ ᠡᠷᠢᠯᠬᠢᠯᠡᠬᠦ ᠶᠢᠨ ᠲᠥᠯᠥᠭᠡ᠂ 2 ᠰᠠᠷ᠎ᠠ ᠶᠢᠨ 24 ᠤ ᠦᠳᠡ ᠶᠢᠨ ᠡᠮᠦᠨ᠎ᠡ᠂ ᠠᠭᠠᠷᠤᠳᠠᠢ ᠰᠤᠮᠤ ᠠᠴᠠ ᠲᠣᠰᠬᠤᠨ ᠢ ᠳᠠᠭᠠᠭᠠᠴᠢᠯᠠᠨ ᠤᠳᠤᠷᠢᠳᠬᠤ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠷᠠᠯ ᠢ ᠵᠢᠥ ᠶᠤᠸᠠᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠭᠠᠷᠤᠳᠠᠢ ᠰᠤᠮᠤ ᠶᠢᠨ ᠨᠠᠮ ᠤᠨ ᠬᠤᠷᠢᠶᠠᠨ ᠤ ᠱᠦᠵᠢ ᠴᠢ ᠵᠢᠶᠦ᠋ᠨ ᠵᠢᠶᠧ ᠡᠷᠬᠢᠯᠡᠨ ᠬᠤᠷᠠᠯᠳᠤᠭᠤᠯᠵᠤ᠂ ᠪᠦᠬᠦ ᠤᠳᠤᠷᠢᠳᠬᠤ ᠪᠠᠭ ᠤᠨ ᠪᠦᠷᠢᠯᠳᠦᠬᠦᠨ ᠣᠷᠣᠯᠴᠠᠪᠠ᠃    ᠬᠤᠷᠠᠯ ᠳᠡᠭᠡᠷ᠎ᠡ᠂ ᠡᠯ᠎ᠡ ᠳᠠᠭᠠᠭᠠᠴᠢᠯᠠᠭᠰᠠᠨ ᠲᠣᠰᠬᠤᠨ ᠤ ᠤᠳᠤᠷᠢᠳᠤᠯᠭ᠎ᠠ ᠲᠤᠰ ᠲᠣᠰᠬᠤᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠪᠠᠷ ᠬᠠᠷᠢᠭᠤ ᠮᠡᠳᠡᠭᠦᠯᠦᠯᠲᠡ ᠬᠢᠭᠰᠡᠨ ᠪᠥᠭᠡᠳ ᠣᠳᠣᠬᠠᠨ ᠤ ᠬᠥᠭᠵᠢᠯᠲᠡ ᠳᠤ ᠲᠤᠯᠭᠠᠷᠠᠵᠤ ᠪᠠᠶᠢᠭ᠎ᠠ ᠠᠰᠠᠭᠤᠳᠠᠯ ᠵᠢᠴᠢ ᠰᠢᠢᠳᠪᠦᠷᠢᠯᠡᠬᠦ ᠲᠥᠰᠦᠯ ᠢ ᠵᠢᠭᠠᠵᠤ ᠭᠠᠷᠭᠠᠭᠰᠠᠨ ᠨᠢ᠂ ᠬᠤᠷᠠᠯ ᠳᠤ ᠣᠷᠣᠯᠴᠠᠭᠰᠠᠳ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠭᠦᠨᠵᠡᠭᠡᠢ ᠰᠣᠯᠢᠯᠴᠠᠭ᠎ᠠ ᠪᠠ ᠶᠠᠷᠢᠯᠴᠠᠭ᠎ᠠ ᠬᠢᠵᠦ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠦᠨ᠂ ᠰᠢᠢᠳᠪᠦᠷᠢᠯᠡᠬᠦ ᠲᠥᠰᠦᠯ ᠪᠠ ᠰᠡᠳᠬᠢᠴᠡ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃    ᠬᠤᠷᠠᠯ ᠠᠴᠠ᠂ ᠨᠢᠭᠡ ᠳᠤ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠲᠣᠰᠬᠤᠨ ᠤ ᠤᠳᠤᠷᠢᠳᠤᠯᠭ᠎ᠠ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠲᠤᠰ ᠪᠡᠶ᠎ᠡ ᠶᠢᠨ ᠲᠤᠰᠢᠶᠠᠯ ᠬᠠᠷᠢᠭᠤᠴᠠᠯᠭ᠎ᠠ ᠪᠣᠯᠤᠨ ᠡᠭᠦᠷᠭᠡ ᠪᠠᠨ ᠲᠣᠳᠣᠷᠬᠠᠶᠢᠯᠠᠵᠤ᠂ ᠪᠦᠯᠬᠦᠮᠳᠡᠨ ᠬᠠᠮᠵᠢᠯᠴᠠᠵᠤ᠂ ᠨᠢᠭᠡ ᠰᠡᠳᠬᠢᠯ ᠨᠢᠭᠡ ᠵᠣᠷᠢᠭ ᠢᠶᠠᠷ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠷ ᠭᠤᠣᠯᠳᠠᠯᠭ᠎ᠠ ᠲᠠᠢ ᠠᠵᠢᠯ ᠢ ᠴᠢᠩᠭ᠎ᠠ ᠠᠳᠬᠤᠬᠤ ᠬᠡᠷᠡᠭᠲᠡᠢ︔ ᠬᠤᠶᠠᠷ ᠲᠤ ᠲᠦᠷᠦ ᠶᠢᠨ ᠪᠤᠳᠤᠯᠭ᠎ᠠ ᠶᠢ ᠭᠦᠨᠵᠡᠭᠡᠶ ᠣᠶᠢᠯᠠᠭᠠᠵᠤ᠂ ᠦᠨᠡᠨᠬᠦ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠬᠡᠷᠡᠭᠲᠡᠢ᠃ ᠲᠣᠰᠬᠤᠨ ᠤ ᠤᠳᠤᠷᠢᠳᠤᠯᠭ᠎ᠠ ᠳᠡᠭᠡᠳᠦ ᠱᠠᠲᠤᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠣᠯᠤᠨ ᠠᠵᠢᠯ ᠤᠨ ᠰᠡᠳᠬᠢᠴᠡ ᠶᠢ ᠣᠨᠣᠪᠴᠢᠲᠠᠢ ᠡᠵᠡᠮᠳᠡᠵᠦ᠂ ᠤᠷᠢᠳᠤᠬᠢ ᠶᠢ ᠵᠠᠯᠭᠠᠮᠵᠢᠯᠠᠨ ᠬᠤᠶᠢᠲᠤᠬᠢ ᠳᠤ ᠵᠠᠮ ᠨᠡᠭᠡᠭᠡᠬᠦ ᠬᠥᠭᠦᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯ ᠤᠨ ᠪᠠᠶᠢᠷᠢᠯᠠᠭᠤᠯᠤᠯᠲᠠ ᠶᠢ ᠤᠯᠠᠮᠵᠢᠯᠠᠬᠤ ᠪᠠᠷ ᠪᠠᠷᠠᠬᠤ ᠦᠭᠡᠢ ᠨᠡᠩ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠤᠶᠤᠨ ᠴᠢᠳᠠᠯ ᠢᠶᠠᠨ ᠬᠥᠭᠵᠢᠯᠲᠡ ᠶᠢ ᠠᠬᠢᠭᠤᠯᠬᠤ ᠳᠡᠭᠡᠷ᠎ᠡ ᠲᠥᠪᠯᠡᠷᠡᠭᠦᠯᠵᠦ᠂ ᠰᠡᠳᠬᠢᠯ ᠢᠶᠠᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠳᠡᠭᠡᠷ᠎ᠡ ᠲᠥᠪᠯᠡᠷᠡᠭᠦᠯᠵᠦ᠂ ᠪᠦᠬᠦ ᠬᠦᠴᠦᠨ ᠢᠶᠠᠷ ᠢᠶᠠᠨ ᠬᠥᠭᠵᠢᠭᠦᠯᠦᠨ ᠮᠠᠨᠳᠤᠭᠤᠯᠬᠤ ᠠᠵᠢᠯ ᠳᠤ ᠣᠷᠣᠯᠴᠠᠬᠤ ᠬᠡᠷᠡᠭᠲᠡᠢ︔ ᠭᠤᠷᠪᠠ ᠳᠤ ᠲᠥᠯᠥᠪᠵᠢᠭᠦᠯᠭᠡ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠤᠯᠤᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠬᠤ ᠬᠡᠷᠡᠭᠲᠡᠢ᠃ ᠭᠠᠴᠠᠭ᠎ᠠ ᠲᠣᠰᠬᠤᠨ ᠢ ᠳᠠᠭᠠᠭᠠᠴᠢᠯᠠᠭᠰᠠᠨ ᠤᠳᠤᠷᠢᠳᠤᠯᠭ᠎ᠠ ᠭᠠᠴᠠᠭ᠎ᠠ ᠲᠣᠰᠬᠤᠨ ᠤ ᠺᠠᠳ᠋ᠷ ᠲᠠᠢ ᠨᠢᠭᠲᠠ ᠨᠡᠪᠲᠡᠷᠡᠯᠴᠡᠵᠦ᠂ ᠰᠠᠨᠠᠯ ᠢᠶᠠᠨ ᠭᠦᠨᠵᠡᠭᠡᠶ ᠰᠣᠯᠢᠯᠴᠠᠵᠤ᠂ ᠭᠠᠴᠠᠭ᠎ᠠ ᠲᠣᠰᠬᠤᠨ ᠤ ᠢᠷᠡᠭᠡᠳᠦᠶ ᠶᠢᠨ ᠬᠥᠭᠵᠢᠯᠲᠡ ᠶᠢᠨ ᠴᠢᠭᠯᠡᠯ ᠢ ᠭᠠᠷ ᠬᠤᠯᠪᠣᠨ ᠰᠦᠪᠡᠭᠴᠢᠯᠡᠬᠦ ᠬᠡᠷᠡᠭᠲᠡᠶ᠃ ᠬᠤᠪᠢᠰᠤᠯᠲᠠ ᠶᠢᠨ ᠰᠡᠳᠬᠢᠬᠦᠢ ᠪᠠᠷ ᠬᠥᠭᠵᠢᠯᠲᠡ ᠶᠢ ᠬᠦᠳᠦᠯᠦᠨ ᠳᠠᠭᠠᠭᠤᠯᠵᠤ᠂ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠷ ᠰᠢᠪᠲᠤᠯᠤᠯᠲᠠ ᠶᠢ ᠪᠡᠶᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠠᠷ ᠬᠤᠯᠪᠣᠨ ᠠᠬᠢᠭᠤᠯᠬᠤ ᠴᠣ ᠰᠢᠨ᠎ᠡ ᠬᠠᠭᠤᠳᠠᠰᠤ ᠪᠠᠷ ᠲᠠᠮᠵᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ ᠡᠯ᠎ᠡ ᠭᠠᠴᠠᠭ᠎ᠠ ᠲᠣᠰᠬᠤᠨ ᠤ ᠪᠣᠳᠠᠲᠤ ᠪᠠᠶᠢᠳᠠᠯ ᠢ ᠦᠨᠳᠦᠰᠦᠯᠡᠨ᠂ ᠲᠣᠰ ᠭᠠᠵᠠᠷ ᠤᠨ ᠣᠨᠴᠠᠯᠢᠭ ᠲᠠᠢ ᠪᠠᠨ ᠤᠶᠠᠯᠳᠤᠭᠤᠯᠤᠨ᠂ ᠦᠨᠡᠨ ᠰᠡᠳᠬᠢᠯ᠂ ᠦᠨᠡᠨ ᠠᠷᠭ᠎ᠠ᠂ ᠦᠨᠡᠨ ᠡᠷᠴᠢ ᠵᠣᠷᠢᠭ ᠢᠶᠠᠷ ᠬᠥᠭᠵᠢᠯᠲᠡ ᠶᠢ ᠰᠢᠰᠲ᠋ᠧᠮ ᠲᠠᠢ ᠲᠥᠯᠥᠪᠵᠢᠭᠦᠯᠵᠦ᠂ ᠰᠠᠭᠤᠷᠢ ᠪᠠᠨ ᠪᠠᠲᠤᠳᠬᠠᠨ᠂ ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠵᠤ᠂ ᠳᠠᠪᠠᠯᠲᠠᠲᠤ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号