ᠬᠠᠤᠯᠢ ᠴᠠᠭᠠᠵᠠ ᠶᠢᠨ ᠮᠡᠳᠡᠯᠭᠡ ᠶᠢ ᠭᠡᠷ ᠬᠤᠷᠢᠶᠠᠯᠠᠯ ᠳᠤ ᠣᠷᠣᠭᠤᠯᠵᠤ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠦ ᠠᠷᠠᠳ ᠤᠨ ᠰᠡᠳᠬᠢᠯ ᠢ ᠳᠤᠯᠠᠭᠠᠴᠠᠭᠤᠯᠤᠶ᠎ᠠ
ᠨᠡᠶᠢᠲᠡᠯᠡᠭᠰᠡᠨ ᠴᠠᠭ᠄
2025/2/27
    ᠭᠡᠷ ᠬᠤᠷᠢᠶᠠᠯᠠᠯ ᠤᠨ ᠰᠠᠭᠤᠭᠠᠯᠢ ᠠᠷᠠᠳ ᠤᠨ ᠪᠣᠯᠪᠠᠰᠤᠨ ᠢᠶᠠᠷ ᠨᠣᠬᠠᠶ ᠲᠡᠵᠢᠭᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠡᠪᠡᠷ ᠲᠡᠭᠰᠢ ᠡᠮᠬᠢ ᠵᠢᠷᠤᠮ ᠲᠠᠢ᠂ ᠠᠮᠤᠷ ᠲᠦᠪᠰᠢᠨ ᠡᠶ᠎ᠡ ᠵᠣᠬᠢᠴᠠᠯ ᠲᠠᠢ  ᠭᠡᠷ ᠬᠤᠷᠢᠶᠠᠯᠠᠯ ᠤᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠸᠠᠨ ᠺᠧ ᠭᠡᠷ ᠬᠤᠷᠢᠶᠠᠯᠠᠯ ᠨᠢ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠲᠠᠢ ᠬᠤᠯᠪᠣᠭᠠᠯᠠᠨ ᠬᠠᠷᠢᠶ᠎ᠠ ᠬᠤᠷᠢᠶᠠᠯᠠᠯ ᠳᠤ ᠨᠢᠭᠡ ᠤᠳᠠᠭᠠᠨ ᠤ ᠪᠣᠯᠪᠠᠰᠤᠨ ᠢᠶᠠᠷ ᠨᠣᠬᠠᠶ ᠲᠡᠵᠢᠭᠡᠬᠦ ᠤᠬᠠᠭᠤᠯᠭ᠎ᠠ ᠶᠢᠨ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠪᠠ᠃ ᠲᠤᠰ ᠤᠳᠠᠭᠠᠨ ᠤ ᠬᠦᠳᠡᠯᠭᠡᠭᠡᠨ‌ᠨᠢ ᠮᠠᠰᠢ ᠣᠯᠠᠨ ᠭᠡᠷ ᠬᠤᠷᠢᠶᠠᠯᠠᠯ ᠤᠨ ᠰᠠᠭᠤᠭᠠᠯᠢ ᠠᠷᠠᠳ ᠤᠨ ᠠᠩᠬᠠᠷᠤᠯ ᠢ ᠲᠠᠲᠠᠵᠤ᠂ ᠮᠠᠰᠢ ᠰᠠᠶᠢᠨ ᠤᠬᠠᠭᠤᠯᠭ᠎ᠠ ᠶᠢᠨ ᠦᠷ᠎ᠡ ᠪᠦᠲᠦᠮᠵᠢ ᠣᠯᠤᠭᠰᠠᠨ ᠪᠠᠶᠢᠨ᠎ᠠ᠃
11.jpg
    ᠬᠦᠳᠡᠯᠭᠡᠭᠡᠨ ᠤ ᠲᠤᠬᠠᠶ ᠶᠢᠨ ᠲᠠᠯᠠᠪᠠᠶ ᠳᠤ᠂ ᠠᠵᠢᠯᠲᠠᠳ ᠬᠠᠷᠢᠶ᠎ᠠ ᠬᠤᠷᠢᠶᠠᠯᠠᠯ ᠳᠤ ᠪᠣᠯᠪᠠᠰᠤᠨ ᠢᠶᠠᠷ ᠨᠣᠬᠠᠶ ᠲᠡᠵᠢᠭᠡᠬᠦ ᠭᠠᠷ ᠳᠡᠪᠲᠡᠷ ᠲᠠᠷᠬᠠᠭᠠᠵᠤ᠂ ᠬᠠᠤᠯᠢ ᠶᠣᠰᠣᠭᠠᠷ ᠨᠣᠬᠠᠶ ᠲᠡᠵᠢᠭᠡᠬᠦ᠂ ᠲᠣᠭᠲᠠᠮᠠᠯ ᠬᠤᠭᠤᠴᠠᠭ᠎ᠠ ᠲᠠᠢ ᠪᠠᠷ ᠥᠯᠥ ᠬᠠᠯᠳᠠᠭᠠᠬᠤ᠂ ᠬᠥᠲᠥᠯᠥᠭᠦᠷ ᠬᠢᠬᠦ᠂ ᠪᠠᠭᠠᠰᠤ ᠰᠢᠭᠡᠰᠦ ᠶᠢ ᠴᠡᠪᠡᠷᠯᠡᠬᠦ ᠵᠡᠷᠭᠡ ᠭᠤᠤᠯᠳᠠᠯᠭ᠎ᠠ ᠶᠢ ᠲᠠᠶᠢᠯᠪᠤᠷᠢᠯᠠᠨ ᠥᠭᠴᠦ᠂ ᠪᠣᠳᠠᠲᠤ ᠵᠢᠱᠢᠶ᠎ᠡ ᠲᠠᠢ ᠤᠶᠠᠯᠳᠤᠭᠤᠯᠤᠨ ᠨᠣᠬᠠᠶ ᠲᠡᠵᠢᠭᠡᠬᠦ ᠬᠠᠤᠯᠢ ᠲᠣᠭᠲᠠᠭᠠᠯ ᠢ ᠲᠦᠭᠡᠮᠡᠯᠵᠢᠭᠦᠯᠦᠨ᠎ᠡ᠂ ᠵᠢᠱᠢᠶᠡᠯᠡᠪᠡᠯ ᠳᠡᠩᠰᠡᠯᠡᠨ ᠲᠡᠮᠳᠡᠭᠯᠡᠬᠦ ᠶᠠᠪᠤᠴᠠ᠂ ᠲᠣᠭᠲᠠᠭᠠᠯ ᠠᠴᠠ ᠵᠥᠷᠢᠴᠡᠭᠰᠡᠨ ᠢ ᠰᠢᠳᠬᠡᠨ ᠲᠣᠷᠭᠠᠬᠤ ᠲᠣᠭᠲᠠᠭᠠᠯ ᠪᠣᠯᠤᠨ᠎ᠠ᠃ ᠰᠠᠭᠤᠭᠠᠯᠢ ᠠᠷᠠᠳ ᠢᠳᠡᠪᠬᠢᠲᠡᠶ ᠪᠠᠷ ᠠᠰᠠᠭᠤᠯᠲᠠ ᠭᠠᠷᠭᠠᠬᠤ ᠨᠣᠬᠠᠶ ᠨᠢ ᠠᠷᠠᠳ ᠢ ᠲᠦᠢᠪᠡᠭᠡᠬᠦ᠂ ᠬᠥᠮᠦᠨ ᠢ ᠰᠢᠷᠬᠠᠲᠤᠭᠤᠯᠬᠤ ᠬᠠᠷᠢᠭᠤᠴᠠᠯᠭ᠎ᠠ ᠶᠢ ᠵᠠᠭᠠᠭᠯᠠᠨ ᠲᠣᠭᠲᠠᠭᠠᠬᠤ ᠵᠡᠷᠭᠡ ᠠᠰᠠᠭᠤᠳᠠᠯ ᠳᠤ ᠠᠵᠢᠯᠲᠠᠨ ᠬᠦᠯᠢᠴᠡᠩᠭᠦᠶ ᠪᠠᠷ ᠬᠠᠷᠢᠭᠤᠯᠲᠠ ᠥᠭᠴᠦ᠂ ᠪᠣᠳᠠᠲᠠᠶ ᠲᠠᠢ ᠨᠡᠶᠢᠴᠡᠭᠰᠡᠨ ᠰᠠᠨᠠᠭᠤᠯᠭ᠎ᠠ ᠬᠠᠩᠭᠠᠪᠠ᠃ ᠡᠨᠡ ᠬᠦ ᠤᠬᠠᠭᠤᠯᠭ᠎ᠠ ᠪᠠᠷ ᠳᠡᠮᠵᠢᠨ᠂ ᠰᠠᠭᠤᠭᠠᠯᠢ ᠠᠷᠠᠳ ᠤᠨ ᠪᠣᠯᠪᠠᠰᠤᠨ ᠢᠶᠠᠷ ᠨᠣᠬᠠᠶ ᠲᠡᠵᠢᠭᠡᠬᠦ ᠲᠤᠬᠠᠶ ᠲᠠᠨᠢᠯᠲᠠ ᠤᠯᠠᠮ ᠭᠦᠨᠵᠡᠭᠡᠶᠢᠷᠡᠵᠦ᠂ ᠭᠡᠷ ᠬᠤᠷᠢᠶᠠᠯᠠᠯ ᠤᠨ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢᠯᠡᠳᠲᠡ ᠳᠡᠭᠡᠭᠰᠢᠯᠡᠪᠡ᠃
22.jpg
    ᠢᠷᠡᠭᠡᠳᠦᠶ ᠳᠤ᠂ ᠭᠡᠷ ᠬᠤᠷᠢᠶᠠᠯᠠᠯ ᠨᠢ ᠡᠶᠢᠮᠦᠷᠬᠦ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠣᠯᠪᠠᠰᠤᠨ ᠢᠶᠠᠷ ᠨᠣᠬᠠᠶ ᠲᠡᠵᠢᠭᠡᠬᠦ ᠤᠬᠠᠭᠤᠯᠭ᠎ᠠ ᠶᠢᠨ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠭᠡᠷ ᠬᠤᠷᠢᠶᠠᠯᠠᠯ  ᠤᠨ ᠪᠣᠯᠪᠠᠰᠤᠨ ᠢᠶᠠᠷ ᠨᠣᠬᠠᠶ ᠲᠡᠵᠢᠭᠡᠬᠦ ᠶᠢ ᠰᠢᠨ᠎ᠡ ᠬᠡᠪ ᠰᠤᠷᠲᠠᠯ ᠪᠣᠯᠭᠠᠨ ᠠᠬᠢᠭᠤᠯᠵᠤ᠂ ᠡᠶ᠎ᠡ ᠵᠣᠬᠢᠴᠠᠩᠭᠤᠶ ᠰᠠᠶᠢᠨ ᠰᠠᠶᠢᠬᠠᠨ ᠭᠡᠷ ᠬᠤᠷᠢᠶᠠᠯᠠᠯ ᠤᠨ ᠣᠷᠴᠢᠨ ᠲᠣᠭᠤᠷᠢᠨ ᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号