ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠨᠢ ᠠᠵᠤ ᠠᠬᠤᠶᠢᠯᠠᠯ ᠤᠨ ᠬᠥᠭᠵᠢᠯᠲᠡ ᠶᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2025/2/27
    ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠵᠢᠴᠢ ᠪᠥᠬᠦ ᠬᠤᠲᠠ ᠶᠢᠨ《 ᠬᠤᠶᠠᠷ ᠢ ᠡᠯᠰᠡᠵᠦ ᠬᠤᠶᠠᠷ ᠢ ᠲᠠᠲᠠᠵᠤ ᠨᠢᠭᠡ ᠶᠢ ᠰᠢᠯᠢᠳᠡᠭᠵᠢᠭᠦᠯᠬᠦ》ᠳᠠᠶᠢᠴᠢᠯᠠᠯᠲᠠ ᠶᠢᠨ ᠬᠤᠷᠠᠯ ᠤᠨ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠬᠤ ᠶᠢᠨ ᠲᠥᠯᠥᠭᠡ᠂ ᠵᠢᠦ ᠶᠤᠸᠠᠨ ᠲᠣᠭᠤᠷᠢᠭ ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ ᠠᠵᠤ ᠠᠬᠤᠶᠢᠯᠠᠯ ᠳᠤ ᠭᠦᠨᠵᠡᠭᠡᠶᠢᠷᠡᠨ᠂ ᠠᠵᠤ ᠠᠬᠤᠶᠢᠯᠠᠯ ᠳᠤ ᠣᠷᠣᠵᠤ ᠬᠡᠷᠡᠭᠴᠡᠭᠡ ᠠᠰᠠᠭᠤᠵᠤ᠂ ᠰᠠᠨᠠᠭᠠᠴᠢᠯᠠᠭ᠎ᠠ ᠠᠴᠠ ᠪᠠᠨ ᠬᠡᠷ ᠲᠤᠨᠢ ᠬᠦᠷᠴᠦ ᠦᠢᠯᠡᠴᠢᠯᠡᠨ᠂ ᠠᠵᠤ ᠠᠬᠤᠶᠢᠯᠠᠯ ᠤᠨ ᠰᠢᠪᠲᠤᠯᠤᠨ ᠬᠥᠭᠵᠢᠬᠦ ᠶᠢᠨ ᠲᠦᠯᠬᠢᠭᠴᠢ ᠪᠣᠯᠵᠣ᠂ ᠠᠵᠤ ᠠᠬᠤᠶᠢᠯᠠᠯ ᠢ ᠰᠠᠭᠤᠷᠢᠰᠢᠭᠤᠯᠵᠤ᠂ ᠰᠠᠶᠢᠲᠤᠷ ᠬᠥᠭᠵᠢᠭᠦᠯᠵᠦ᠂ ᠠᠵᠤ ᠠᠬᠤᠶ ᠶᠢᠨ ᠬᠥᠭᠵᠢᠯᠲᠡ ᠳᠤ ᠠᠮᠢᠵᠢᠷᠠᠯ ᠤᠨ ᠬᠦᠴᠦ ᠨᠡᠮᠡᠷᠢᠯᠡᠪᠡ᠃    ᠨᠢᠭᠡ ᠳᠤ᠂ ᠳᠡᠯᠭᠡᠷᠡᠭᠦᠯᠬᠦ ᠠᠵᠤ ᠠᠬᠤᠶᠢᠯᠠᠯ ᠤᠨ《ᠤᠬᠠᠭᠤᠯᠤᠭᠴᠢ》ᠪᠣᠯᠬᠤ ᠬᠡᠷᠡᠭᠲᠡᠶ᠃ ᠠᠵᠤ ᠠᠬᠤᠶᠢᠯᠠᠯ ᠤᠨ ᠡᠵᠡᠩᠨᠡᠯᠲᠡ ᠬᠥᠭᠵᠢᠯᠲᠡ ᠶᠢᠨ ᠠᠵᠢᠯ ᠤᠨ ᠲᠣᠭᠤᠷᠢᠨ ᠳᠤ᠂《ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠣᠶᠢᠷᠠᠲᠤᠭᠤᠯᠵᠤ᠂ ᠮᠡᠷᠭᠡᠵᠢᠯ ᠤᠨ ᠬᠠᠯᠠᠮᠰᠢᠯ ᠢ ᠤᠬᠠᠭᠤᠯᠤᠨ᠂ ᠦᠢᠯᠡᠳᠪᠦᠷᠢᠯᠡᠯ ᠡᠵᠡᠩᠨᠡᠯᠲᠡ ᠳᠤ ᠬᠦᠴᠦ ᠨᠡᠮᠡᠷᠢᠯᠡᠵᠦ᠂ ᠬᠦᠴᠦ ᠴᠢᠳᠠᠯ ᠢ ᠲᠥᠪᠯᠡᠷᠡᠭᠦᠯᠬᠦ ᠶᠢ ᠠᠬᠢᠭᠤᠯᠬᠤ》ᠵᠠᠷᠴᠢᠮ ᠶᠣᠰᠣᠭᠠᠷ᠂ ᠠᠵᠤ ᠠᠬᠤᠶᠢᠯᠠᠯ ᠤᠨ ᠠᠵᠢᠯ ᠲᠥᠷᠥᠯ ᠤᠨ ᠳᠠᠪᠠᠭᠤᠯᠢᠭ᠂ ᠰᠤᠳᠤᠯᠤᠨ ᠨᠡᠭᠡᠭᠡᠬᠦ ᠳᠠᠪᠠᠭᠤᠯᠢᠭ᠂ ᠨᠠᠷᠠᠲᠤ ᠲᠥᠷᠥᠯ ᠲᠡᠮᠳᠡᠭᠲᠦ ᠶᠢᠨ ᠳᠠᠪᠠᠭᠤᠯᠢᠭ ᠵᠡᠷᠭᠡ ᠳᠤ ᠥᠷᠭᠡᠨ ᠢᠶᠠᠷ ᠤᠬᠠᠭᠤᠯᠤᠨ ᠳᠡᠯᠭᠡᠷᠡᠭᠦᠯᠵᠦ᠂ ᠠᠵᠤ ᠠᠬᠤᠶᠢᠯᠠᠯ ᠤᠨ《ᠳᠦᠷᠢ ᠲᠥᠷᠬᠦ ᠶᠢ ᠱᠤᠭᠤᠬᠤ》᠂《ᠠᠷᠭ᠎ᠠ ᠵᠠᠮ ᠢᠶᠠᠨ ᠥᠷᠭᠡᠳᠬᠡᠬᠦ》᠂《ᠭᠠᠷᠴᠤ ᠶᠠᠪᠤᠬᠤ》 ᠳᠤ ᠬᠦᠴᠦ ᠨᠡᠮᠡᠷᠢᠯᠡᠨ᠎ᠡ᠃《ᠭᠤᠷᠪᠠ ᠶᠢ ᠪᠠᠶᠢᠯᠭᠠᠵᠤ ᠬᠤᠶᠠᠷ ᠢ ᠡᠷᠢᠬᠦ》 ᠶᠢᠨ ᠲᠣᠭᠤᠷᠢᠨ ᠳᠤ ᠦᠷᠭᠦᠯᠵᠢᠯᠡᠨ ᠬᠦᠴᠦᠯᠡᠵᠦ᠂  ᠠᠵᠤ ᠠᠬᠤᠶᠢᠯᠠᠯ ᠳᠤ ᠦᠢᠯᠡᠴᠢᠯᠡᠵᠦ ᠵᠠᠬ᠎ᠠ ᠳᠡᠯᠭᠡᠭᠦᠷ ᠢ ᠨᠢ ᠨᠡᠭᠡᠭᠡᠬᠦ ᠶᠢ ᠠᠬᠢᠭᠤᠯᠤᠨ᠂ ᠠᠵᠤ ᠠᠬᠤᠶᠢᠯᠠᠯ ᠢ ᠢᠳᠡᠪᠬᠢᠲᠡᠶ ᠪᠠᠷ ᠬᠠᠪᠰᠤᠷᠤᠨ ᠵᠠᠬᠢᠶᠠᠯᠠᠭ᠎ᠠ ᠬᠦᠷᠦᠯᠴᠡᠬᠦ ᠦᠭᠡᠶ ᠪᠠᠶᠢᠭ᠎ᠠ ᠬᠦᠴᠢᠷᠳᠡᠯ ᠢ ᠨᠢ ᠰᠢᠢᠳᠪᠦᠷᠢᠯᠡᠨ ᠥᠭᠴᠦ᠂ ᠮᠠᠨ ᠤ ᠲᠤᠭᠤᠷᠢᠭ ᠤᠨ ᠠᠵᠤ  ᠠᠬᠤᠶᠢᠯᠠᠯ ᠤᠨ ᠦᠢᠯᠡᠳᠬᠦᠨ᠂ ᠦᠢᠯᠡᠳᠪᠦᠷᠢᠯᠡᠬᠦ ᠴᠢᠳᠠᠪᠤᠷᠢ᠂ ᠤᠷᠠᠨ ᠳᠠᠷᠬ᠎ᠠ᠂ ᠳᠡᠭᠡᠳᠦ ᠳᠣᠤᠷᠠᠳᠤ ᠬᠡᠯᠬᠢᠶ᠎ᠡ ᠶᠢᠨ ᠢᠵᠢ ᠪᠦᠷᠢᠳᠦᠭᠰᠡᠨ ᠪᠠᠶᠢᠳᠠᠯ ᠵᠡᠷᠭᠡ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠵᠠᠳᠠᠯᠤᠯᠲᠠ ᠶᠢᠨ ᠬᠦᠰᠦᠨᠦᠭᠲᠦ ᠶᠢ ᠪᠠᠶᠢᠭᠤᠯᠤᠨ ᠲᠡᠭᠦᠯᠳᠡᠷᠵᠢᠭᠦᠯᠵᠦ᠂ 1-2 ᠡᠳᠦᠷ ᠠᠯᠤᠰᠯᠠᠬᠤ ᠪᠦᠷᠢ ᠸᠢᠴᠠᠲ ᠤᠨ ᠠᠵᠢᠯ ᠤᠨ ᠴᠤᠭᠯᠠᠷᠠᠯ ᠵᠡᠷᠭᠡ ᠵᠠᠭᠤᠴᠢ ᠪᠠᠷ ᠠᠵᠤ ᠠᠬᠤᠶᠢᠯᠠᠯ ᠢ ᠲᠠᠨᠢᠯᠴᠠᠭᠤᠯᠤᠨ᠂ ᠠᠵᠤ  ᠠᠬᠤᠶᠢᠯᠠᠯ ᠢ ᠤᠬᠠᠭᠤᠯᠵᠤ᠂ ᠠᠵᠤ ᠠᠬᠤᠶᠢᠯᠠᠯ ᠢ ᠬᠠᠪᠰᠤᠷᠤᠨ ᠳᠣᠤᠷᠠᠳᠤ ᠤᠷᠤᠰᠬᠠᠯ ᠤᠨ ᠠᠵᠤ ᠠᠬᠤᠶᠢᠯᠠᠯ ᠯᠤᠭ᠎ᠠ ᠬᠠᠷᠢᠯᠴᠠᠭᠤᠯᠵᠤ᠂    ᠠᠵᠤ  ᠠᠬᠤᠶᠢᠯᠠᠯ ᠤᠨ ᠬᠤᠯᠪᠣᠭ᠎ᠠ ᠶᠢ ᠠᠬᠢᠭᠤᠯᠤᠨ᠂ ᠠᠵᠤ ᠠᠬᠤᠶᠢᠯᠠᠯ ᠤᠨ ᠡᠵᠡᠨ ᠮᠡᠳᠡᠵᠦ ᠰᠠᠶᠢᠨ ᠳᠤᠷ᠎ᠠ ᠶᠢᠨ ᠪᠠᠶᠢᠬᠤ ᠵᠠᠷᠴᠢᠮ ᠤᠨ ᠶᠣᠰᠣᠭᠠᠷ᠂ ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠶᠢᠨ ᠬᠠᠭᠤᠳᠠᠰᠤ ᠣᠯᠭᠤᠨ᠎ᠠ᠃     ᠬᠤᠶᠠᠷ ᠲᠤ ᠂ ᠬᠦᠴᠢᠷᠳᠡᠯ ᠢ ᠰᠢᠢᠳᠪᠦᠷᠢᠯᠡᠬᠦ《ᠦᠢᠯᠡᠴᠢᠯᠡᠭᠴᠢ》ᠪᠣᠯᠤᠨ᠎ᠠ᠃ ᠲᠣᠭᠲᠠᠮᠠᠯ ᠬᠤᠭᠤᠴᠠᠭ᠎ᠠ ᠲᠠᠢ ᠪᠠᠷ ᠬᠠᠷᠢᠯᠴᠠᠵᠤ᠂ ᠠᠵᠤ ᠠᠬᠤᠶᠢᠯᠠᠯ ᠢ ᠰᠤᠷᠪᠤᠯᠵᠢᠯᠠᠨ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠪᠠᠨ ᠬᠥᠭᠵᠢᠭᠦᠯᠵᠦ ᠪᠠᠶᠢᠭ᠎ᠠ ᠪᠠᠶᠢᠳᠠᠯ ᠢ ᠣᠶᠢᠯᠠᠭᠠᠵᠤ᠂ ᠬᠦᠴᠢᠷᠳᠡᠯᠲᠡᠶ ᠬᠡᠷᠡᠭᠴᠡᠭᠡ ᠱᠠᠭᠠᠷᠳᠠᠯᠭ᠎ᠠ ᠶᠢᠨ ᠡᠬᠡ ᠲᠠᠩᠰᠠ ᠶᠢ ᠪᠠᠶᠢᠭᠤᠯᠤᠨ᠂ ᠡᠯ᠎ᠡ ᠲᠠᠯ᠎ᠠ ᠶᠢᠨ ᠬᠦᠴᠦ ᠢ ᠵᠣᠬᠢᠴᠠᠭᠤᠯᠵᠤ ᠪᠠᠶᠢᠭᠠᠳ ᠠᠵᠤ ᠠᠬᠤᠶᠢᠯᠠᠯ ᠢ ᠬᠠᠪᠰᠤᠷᠤᠨ ᠠᠵᠤ ᠠᠬᠤᠶᠢᠯᠠᠯ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠭᠠᠵᠠᠷ ᠰᠢᠷᠣᠶ᠂ ᠪᠠᠯᠠ ᠮᠥᠩᠭᠦ᠂ ᠠᠵᠢᠯᠴᠢᠨ ᠬᠡᠷᠡᠭᠯᠡᠬᠦ᠂ ᠪᠠᠷᠠᠭᠠᠨ ᠤ ᠭᠦᠢᠯᠭᠡᠭᠡ᠂ ᠵᠠᠬ᠎ᠠ ᠳᠡᠯᠭᠡᠭᠦᠷ᠂ ᠡᠵᠡᠩᠨᠡᠯᠲᠡ᠂ ᠲᠥᠷᠥ ᠶᠢᠨ ᠪᠣᠳᠣᠯᠭ᠎ᠠ ᠵᠢᠴᠢ ᠤᠰᠤ᠂ ᠴᠠᠬᠢᠯᠭᠠᠨ ᠬᠠᠩᠭᠠᠬᠤ᠂ ᠢᠯᠴᠢ ᠬᠠᠩᠭᠠᠬᠤ᠂ ᠬᠡᠶ ᠬᠠᠩᠭᠠᠬᠤ ᠵᠡᠷᠭᠡ ᠬᠦᠴᠦ ᠵᠦᠢᠯ ᠤᠨ ᠪᠠᠲᠤᠯᠠᠭ᠎ᠠ ᠶᠢᠨ ᠠᠰᠠᠭᠤᠳᠠᠯ ᠢ ᠡᠮᠬᠢᠯᠡᠨ ᠰᠢᠢᠳᠪᠦᠷᠢᠯᠡᠵᠦ᠂ ᠠᠵᠤ ᠠᠬᠤᠶᠢᠯᠠᠯ ᠳᠤ ᠥᠨᠳᠥᠷ ᠦᠷ᠎ᠡ ᠪᠦᠲᠦᠮᠵᠢ ᠲᠠᠢ᠂ ᠥᠪᠡᠷ ᠤᠨ ᠥᠷᠲᠡᠭ ᠢᠶᠠᠷ ᠳᠤᠤᠷ᠎ᠠ ᠪᠠᠷ ᠬᠥᠭᠵᠢᠬᠦ ᠰᠠᠶᠢᠨ ᠰᠠᠶᠢᠬᠠᠨ ᠠᠮᠢ ᠠᠬᠤᠶ ᠶᠢᠨ ᠣᠷᠴᠢᠨ ᠲᠣᠭᠤᠷᠢᠨ ᠢ ᠪᠣᠶ ᠪᠣᠯᠭᠠᠨ ᠥᠭᠴᠦ᠂ ᠠᠵᠤ ᠠᠬᠤᠶᠢᠯᠠᠯ ᠢ ᠰᠡᠳᠬᠢᠯ ᠠᠮᠤᠷ ᠲᠠᠭᠠᠯᠠᠮᠵᠢᠲᠠᠶ ᠪᠣᠯᠭᠠᠨ᠎ᠠ᠃       ᠭᠤᠷᠪᠠ ᠳᠤ ᠂ ᠲᠦᠷᠦ ᠶᠢᠨ ᠪᠤᠳᠤᠯᠭ᠎ᠠ ᠶᠢ ᠰᠠᠶᠢᠨ ᠮᠡᠳᠡᠳᠡᠭ《ᠬᠠᠪᠰᠤᠷᠤᠨ ᠵᠢᠯᠤᠭᠤᠳᠤᠭᠴᠢ》ᠪᠣᠯᠬᠤ ᠬᠡᠷᠡᠭᠲᠡᠢ᠃ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠪᠤᠭᠤᠲᠤ ᠬᠤᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠬᠢᠨᠠᠮᠠᠭᠠᠶ ᠵᠠᠳᠠᠯᠤᠨ ᠰᠤᠳᠤᠯᠵᠤ᠂ ᠠᠵᠤ ᠠᠬᠤᠶᠢᠯᠠᠯ ᠲᠠᠢ ᠢᠳᠡᠪᠬᠢᠲᠡᠶ ᠨᠡᠪᠲᠡᠷᠡᠯᠴᠡᠨ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠬᠦᠯᠢᠴᠡᠩᠭᠦᠶ ᠪᠠᠷ ᠲᠠᠶᠢᠯᠤᠮᠵᠢ ᠬᠢᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠢᠭᠡ ᠨᠢᠭᠡ ᠪᠠᠷ ᠠᠵᠤ ᠠᠬᠤᠶᠢᠯᠠᠯ ᠳᠤ  ᠨᠢᠭᠤᠷᠳᠠᠨ ᠤᠬᠠᠭᠤᠯᠤᠨ ᠲᠠᠶᠢᠯᠪᠤᠷᠢᠯᠠᠵᠤ᠂ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠣᠶᠢᠯᠠᠭᠠᠭᠤᠯᠵᠤ᠂ ᠲᠥᠷᠥ ᠶᠢᠨ ᠪᠣᠳᠣᠯᠭ᠎ᠠ ᠶᠢ ᠣᠶᠢᠯᠠᠭᠠᠭᠤᠯᠤᠨ᠂ ᠲᠥᠷᠥ ᠶᠢᠨ ᠪᠣᠳᠣᠯᠭ᠎ᠠ ᠶᠢ ᠡᠳ᠋ᠯᠡᠭᠦᠯᠬᠦ ᠬᠡᠷᠡᠭᠲᠡᠢ᠃ ᠠᠵᠤ  ᠠᠬᠤᠶᠢᠯᠠᠯ ᠢ ᠬᠠᠪᠰᠤᠷᠴᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠲᠡᠮᠡᠴᠡᠨ ᠣᠯᠤᠨ᠎ᠠ᠃ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡᠨ ᠢ ᠴᠢᠩᠭᠠᠷᠠᠭᠤᠯᠤᠨ᠂ ᠠᠵᠤ  ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠨ ᠡᠵᠡᠮᠰᠢᠵᠦ᠂ ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠡᠵᠡᠮᠰᠢᠨ᠂ ᠲᠥᠷᠥ ᠶᠢᠨ ᠪᠣᠳᠣᠯᠭ᠎ᠠ ᠶᠢᠨ ᠠᠭᠤᠯᠤᠭᠳᠠᠬᠤᠨ ᠢ ᠣᠨᠣᠪᠴᠢᠲᠠᠶ ᠡᠵᠡᠮᠰᠢᠬᠦ ᠬᠡᠷᠡᠭᠲᠡᠶ᠃ ᠲᠥᠷᠥ ᠶᠢᠨ ᠪᠣᠳᠣᠯᠭ᠎ᠠ ᠶᠢ ᠬᠦᠷᠭᠡᠬᠦ ᠤᠬᠠᠭᠤᠯᠤᠨ ᠲᠠᠶᠢᠯᠪᠤᠷᠢᠯᠠᠬᠤ ᠦᠢᠯᠡᠴᠢᠯᠡᠭᠡ ᠶᠢ ᠴᠢᠩᠭᠠᠳᠬᠠᠵᠤ᠂ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢ ᠬᠦᠷᠭᠡᠬᠦ᠂ ᠲᠠᠶᠢᠯᠪᠤᠷᠢᠯᠠᠬᠤ ᠪᠠ ᠤᠬᠠᠭᠤᠯᠬᠤ ᠶᠢ ᠴᠢᠩᠭᠠᠳᠬᠠᠵᠤ᠂ ᠠᠵᠤ ᠠᠬᠤᠶᠢᠯᠠᠯ ᠢ ᠬᠠᠪᠰᠤᠷᠤᠨ ᠲᠥᠷᠥ ᠶᠢᠨ ᠪᠣᠳᠣᠯᠭ᠎ᠠ ᠶᠢ ᠣᠶᠢᠯᠭᠠᠨ᠂ ᠲᠥᠷᠥ ᠶᠢᠨ ᠪᠣᠳᠣᠯᠭ᠎ᠠ ᠶᠢ ᠨᠡᠪᠲᠡᠷᠡᠲᠡᠯ᠎ᠡ ᠣᠶᠢᠯᠠᠭᠠᠵᠤ᠂ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠨ᠂ ᠮᠡᠳᠡᠭᠡ ᠵᠠᠩᠭᠢ ᠶᠢᠨ ᠬᠤᠷᠢᠭ᠎ᠠ ᠶᠢ ᠡᠪᠳᠡᠵᠦ᠂ ᠡᠯ᠎ᠡ ᠱᠠᠲᠤᠨ ᠤ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠲᠡᠳᠡᠨ ᠲᠥᠷᠥ ᠶᠢᠨ ᠪᠣᠳᠣᠯᠭ᠎ᠠ ᠶᠢᠨ ᠠᠰᠢᠭ ᠢ ᠬᠦᠷᠲᠡᠭᠡᠵᠦ᠂ ᠠᠵᠤ  ᠠᠬᠤᠶᠢᠯᠠᠯ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠬᠤᠷᠳᠤᠴᠠ ᠶᠢ ᠳᠡᠭᠡᠭᠰᠢᠯᠡᠭᠦᠯᠬᠦ᠂ ᠦᠷ᠎ᠡ ᠠᠰᠢᠭ ᠢ ᠳᠡᠭᠡᠭᠰᠢᠯᠡᠭᠦᠯᠬᠦ ᠶᠢ ᠪᠦᠬᠦ ᠬᠦᠴᠦ ᠢᠶᠠᠷ ᠠᠬᠢᠭᠤᠯᠤᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号