ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠠᠷᠢᠶ᠎ᠠ ᠣᠷᠣᠨ ᠤ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠠᠷ ᠤᠨ ᠡᠳᠦᠷ ᠤᠨ ᠳᠠᠷᠠᠭᠠᠬᠢ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠶᠦᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/2/27
    ᠠᠵᠤ ᠠᠬᠤᠶᠢᠯᠠᠯ ᠤᠨ ᠴᠠᠭᠠᠨ ᠰᠠᠷ᠎ᠠ ᠶᠢᠨ ᠳᠠᠷᠠᠭᠠᠬᠢ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠶᠦᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠵᠦ᠂ ᠮᠠᠨ ᠤ ᠲᠤᠭᠤᠷᠢᠭ ᠤᠨ ᠠᠮᠤ ᠪᠤᠳᠠᠭᠠᠨ ᠤ ᠠᠵᠤ ᠠᠬᠤᠶᠢᠯᠠᠯ ᠤᠨ ᠡᠮᠬᠢ ᠵᠢᠷᠤᠮ ᠲᠠᠢ᠂ ᠠᠮᠤᠷ ᠲᠦᠪᠰᠢᠨ ᠢᠶᠠᠷ ᠠᠵᠢᠯ ᠢᠶᠠᠨ ᠰᠡᠷᠭᠦᠭᠡᠬᠦ ᠶᠢ ᠬᠥᠲᠥᠯᠥᠨ ᠵᠢᠯᠣᠭᠤᠳᠴᠤ᠂ ᠰᠢᠨ᠎ᠡ ᠵᠢᠯ ᠤᠨ ᠠᠶᠦᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠡᠬᠢᠯᠡᠭᠦᠯᠬᠦ ᠶᠢ ᠪᠠᠲᠤᠯᠠᠬᠤ ᠶᠢᠨ ᠲᠤᠰᠠᠳᠠ᠂ ᠣᠶᠢᠷ᠎ᠠ ᠳᠤ᠂ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠠᠮᠤ ᠪᠤᠳᠠᠭᠠᠨ ᠤ ᠲᠠᠰᠤᠭ ᠤᠨ ᠬᠠᠮᠢᠶ᠎ᠠ ᠪᠥᠬᠦᠶ ᠬᠥᠮᠦᠰ ᠬᠠᠷᠢᠶᠠᠲᠤ ᠣᠷᠣᠨ ᠤ ᠳᠣᠲᠣᠷᠠᠬᠢ 3 ᠠᠮᠤ ᠪᠤᠳᠠᠭᠠᠨ ᠤ ᠬᠥᠮᠥᠷᠭᠡ ᠶᠢᠨ ᠠᠵᠤ ᠠᠬᠤᠶᠢᠯᠠᠯ ᠳᠤ ᠴᠠᠭᠠᠨ ᠰᠠᠷ᠎ᠠ ᠶᠢᠨ ᠳᠠᠷᠠᠭᠠᠬᠢ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ᠃
11.jpg
    ᠪᠠᠶᠢᠴᠠᠭᠠᠬᠤ ᠶᠠᠪᠤᠴᠠ ᠳᠤ ᠠᠵᠢᠯᠲᠠᠳ ᠠᠴᠠ ᠠᠵᠤ ᠠᠬᠤᠶᠢᠯᠠᠯ ᠤᠨ ᠬᠥᠮᠥᠷᠭᠡ ᠳᠤ ᠬᠠᠳᠠᠭᠠᠯᠠᠵᠤ ᠪᠠᠶᠢᠭ᠎ᠠ ᠬᠥᠮᠥᠷᠭᠡ᠂ ᠠᠵᠢᠯᠯᠠᠬᠤ ᠲᠥᠬᠦᠭᠡᠷᠦᠮᠵᠢ᠂ ᠭᠠᠯ ᠤᠨᠲᠠᠷᠠᠭᠠᠬᠤ ᠲᠥᠬᠦᠭᠡᠷᠦᠮᠵᠢ᠂ ᠠᠵᠢᠯᠲᠠᠨ ᠤ ᠠᠵᠢᠯ ᠤᠨ ᠪᠠᠶᠢᠷᠢ ᠳᠤ ᠬᠦᠷᠦᠭᠰᠡᠨ ᠪᠠᠶᠢᠳᠠᠯ ᠳᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠡᠩ ᠤᠨ ᠠᠮᠤᠷ ᠲᠦᠪᠰᠢᠨ ᠤ ᠬᠡᠮ ᠰᠣᠭᠤᠭ ᠢ ᠨᠡᠶᠢᠲᠡ 3 ᠵᠤᠷᠪᠤᠰ ᠪᠠᠶᠢᠴᠠᠭᠠᠭᠰᠠᠨ ᠪᠥᠭᠡᠳ ᠠᠵᠤ ᠠᠬᠤᠶᠢᠯᠠᠯ ᠢ ᠬᠡᠮ ᠰᠣᠭᠤᠭ ᠤᠨ ᠠᠰᠠᠭᠤᠳᠠᠯ ᠳᠤ ᠴᠢᠭᠯᠡᠭᠦᠯᠦᠨ ᠳᠠᠷᠦᠢ ᠳᠤᠨᠢ ᠴᠡᠭᠴᠡᠯᠡᠨ ᠵᠠᠰᠠᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ᠂ ᠠᠵᠤ ᠠᠬᠤᠶᠢᠯᠠᠯ ᠢ ᠠᠮᠤᠷ ᠲᠦᠪᠰᠢᠨ ᠤ ᠤᠬᠠᠮᠰᠠᠷ᠂ ᠠᠶᠤᠯ ᠲᠦᠭᠰᠢᠭᠦᠷᠢ ᠶᠢᠨ ᠤᠬᠠᠮᠰᠠᠷ᠂ ᠬᠡᠮ ᠰᠣᠭᠤᠭ ᠤᠨ ᠤᠬᠠᠮᠰᠠᠷ ᠢᠶᠠᠨ ᠴᠢᠩᠭᠠᠳᠬᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠨᠡᠨ ᠬᠦ ᠬᠥᠮᠦᠨ᠂ ᠠᠵᠢᠯ ᠤᠨ ᠪᠠᠶᠢᠷᠢ᠂ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃    ᠲᠠᠷᠠᠭᠠᠴᠢ ᠪᠠᠷ᠂ ᠮᠠᠨ ᠤ ᠬᠤᠷᠢᠶ᠎ᠠ ︽ᠭᠤᠷᠪᠠ ᠶᠢ ᠬᠠᠮᠢᠶᠠᠷᠬᠤ ᠭᠤᠷᠪᠠ ᠶᠢ ᠡᠷᠬᠡᠪᠰᠢ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠪᠣᠯ ︽ᠤᠯᠤᠰ ᠤᠨ ᠶᠡᠭᠡ︾ ᠮᠥᠨ ᠭᠡᠳᠡᠭ ᠢ ᠢᠮᠠᠭᠲᠠ ᠪᠠᠲᠤ ᠴᠡᠭᠡᠵᠢᠯᠡᠵᠦ᠂ ᠬᠠᠷᠢᠭᠤᠴᠠᠯᠭ᠎ᠠ ᠶᠢ ᠲᠠᠰᠤᠷᠠᠯᠲᠠ ᠥᠬᠡᠶ ᠪᠣᠳᠠᠲᠠᠶᠢᠵᠢᠭᠤᠯᠵᠤ᠂ ᠳᠠᠯᠳᠠ ᠬᠡᠮ ᠢ ᠲᠦᠢᠯᠪᠤᠷᠢᠲᠠᠶ ᠪᠠᠶᠢᠴᠠᠭᠠᠵᠤ᠂ ᠳᠤᠲᠠᠭᠤᠳᠠᠯ ᠢ ᠭᠦᠢᠴᠡᠳ ᠨᠥᠬᠦᠪᠥᠷᠢᠯᠡᠵᠦ᠂ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠴᠢᠩᠭ᠎ᠠ ᠪᠣᠳᠠᠲᠠᠶ ᠨᠠᠷᠢᠯᠢᠭ ᠰᠠᠶᠢᠲᠤᠷ ᠠᠳᠬᠤᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号