ᠪᠣᠬᠢᠷᠲᠤᠯ ᠥᠬᠡᠶ ᠬᠥᠭᠵᠢᠯᠲᠡ ᠶᠢᠨ ᠣᠨᠣᠯᠵᠢᠬᠤᠨ ᠢ ᠭᠦᠨᠵᠡᠭᠡᠶ ᠲᠤᠤᠱᠯᠠᠭᠤᠯᠵᠤ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠠᠵᠤ | ᠠᠬᠤᠶᠢᠯᠠᠯ ᠤᠨ ᠦᠢᠯᠡᠳᠪᠦᠷᠢᠯᠡᠯ ᠨᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠳᠤ ᠴᠢᠩᠭ᠎ᠠ | ᠨᠡᠶᠢᠴᠡᠬᠦ ᠶᠢ ᠪᠠᠲᠤᠯᠠᠬᠤ ᠶᠢᠨ ᠲᠥᠯᠥᠭᠡ᠂ ᠵᠢᠦ ᠶᠤᠸᠠᠨ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ | ᠬᠤᠪᠢᠶᠠᠷᠢ ᠲᠣᠪᠴᠢᠶ᠎ᠠ ᠦᠳᠲᠡᠷ ᠲᠦᠷᠭᠡᠨ ᠬᠥᠳᠡᠯᠦᠯᠴᠡᠵᠦ᠂ ᠲᠤᠰᠬᠠᠶ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠭᠤᠷᠪᠠᠨ ᠲᠠᠯ᠎ᠠ ᠶᠢᠨ ᠲᠤᠰᠬᠠᠶ ᠮᠡᠷᠭᠡᠵᠢᠯᠲᠡᠨ ᠤ ᠪᠦᠯᠬᠦᠮ ᠢ ᠣᠨᠴᠠ ᠤᠷᠢᠵᠤ᠂ ᠫᠦᠲ᠋ᠧ ᠪᠣᠯᠣᠳ ᠬᠤᠭᠤᠯᠠᠶ ᠳᠤ | ᠨᠢᠭᠡ ᠤᠳᠠᠭᠠᠨ ᠤ ᠪᠥᠬᠦ ᠲᠠᠯ᠎ᠠ ᠶᠢᠨ᠂ ᠭᠦᠨ ᠳᠠᠪᠬᠤᠷᠭ᠎ᠠ ᠶᠢᠨ ᠳᠠᠬᠢᠨ ᠪᠠᠶᠢᠴᠠᠭᠠᠬᠤ ᠠᠵᠢᠯ ᠢ ᠥᠷᠨᠢᠭᠦᠯᠪᠡ᠃ | ᠲᠤᠰ ᠤᠳᠠᠭ᠎ᠠ ᠶᠢᠨ ᠲᠠᠬᠢᠨ ᠪᠠᠶᠢᠴᠠᠭᠠᠯᠲᠠ ᠨᠢ ᠫᠦᠳ᠋ ᠪᠤᠯᠤᠳ ᠬᠤᠭᠤᠯᠠᠢ ᠶᠢᠨ ᠦᠢᠯᠡᠳᠪᠦᠷᠢᠯᠡᠯ ᠤᠨ | ᠶᠠᠪᠤᠴᠠ ᠳᠠᠬᠢ ᠣᠷᠴᠢᠨ ᠲᠣᠭᠤᠷᠢᠨ ᠤ ᠬᠠᠮᠠᠭᠠᠯᠠᠯᠲᠠ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠣᠨᠣᠪᠴᠢᠲᠠᠢ | ᠵᠠᠳᠠᠯᠵᠤ᠂ ᠠᠵᠤ ᠠᠬᠤᠶᠢᠯᠠᠯ ᠤᠨ ᠪᠣᠬᠢᠷᠲᠤᠯ ᠦᠭᠡᠢ ᠦᠷᠭᠦᠯᠵᠢᠯᠡᠬᠦ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ | ᠬᠦᠴᠦᠨ ᠨᠡᠮᠡᠷᠢᠯᠡᠵᠦ᠂ ᠠᠵᠤ ᠠᠬᠤᠶᠢᠯᠠᠯ ᠲᠠᠢ ᠭᠠᠷ ᠬᠤᠯᠪᠣᠨ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ | ᠠᠶᠠᠨ ᠳᠤ ᠮᠣᠷᠳᠠᠬᠤ ᠶᠢᠨ ᠲᠥᠯᠥᠭᠡ ᠶᠤᠮ᠃ | ᠳᠠᠪᠲᠠᠨ ᠪᠠᠶᠢᠴᠠᠭᠠᠬᠤ ᠬᠤᠭᠤᠴᠠᠭᠠᠨ ᠳᠤ᠂ ᠲᠤᠰᠬᠠᠶ ᠮᠡᠷᠭᠡᠵᠢᠯᠲᠡᠨ ᠤ ᠪᠦᠯᠬᠦᠮ ᠤᠯᠤᠰ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠬᠠᠤᠯᠢ ᠲᠣᠭᠲᠠᠭᠠᠯ ᠵᠢᠴᠢ ᠠᠵᠢᠯ ᠲᠥᠷᠥᠯ ᠤᠨ ᠪᠠᠷᠢᠮᠵᠢᠶ᠎ᠠ ᠶᠢ ᠴᠢᠩᠭ᠎ᠠ | ᠦᠨᠳᠦᠰᠦᠯᠡᠵᠦ᠂ ᠲᠡᠷᠢᠭᠦᠨ ᠤ ᠲᠤᠰᠬᠠᠶ ᠮᠡᠷᠭᠡᠵᠢᠯ ᠤᠨ ᠪᠠᠶᠢᠴᠠᠭᠠᠨ ᠰᠢᠯᠭᠠᠬᠤ ᠲᠥᠬᠦᠭᠡᠷᠦᠮᠵᠢ ᠪᠣᠯᠤᠨ ᠭᠦᠨ | ᠵᠤᠵᠠᠭᠠᠨ ᠦᠢᠯᠡᠳᠦᠯᠭᠡ ᠶᠢᠨ ᠲᠤᠷᠰᠢᠯᠭ᠎ᠠ ᠶᠢ ᠭᠦᠢᠴᠡᠳ ᠠᠰᠢᠭᠯᠠᠵᠤ᠂ ᠫᠦᠲ᠋ᠧ ᠪᠣᠯᠣᠳ ᠬᠤᠭᠤᠯᠠᠶ ᠶᠢ ᠲᠦᠭᠦᠬᠡᠶ | ᠮᠠᠲ᠋ᠧᠷᠢᠶᠠᠯ ᠬᠤᠳᠠᠯᠳᠤᠨ ᠠᠪᠬᠤ᠂ ᠦᠢᠯᠡᠳᠪᠦᠷᠢᠯᠡᠬᠦ ᠤᠷᠠᠨ ᠮᠡᠷᠭᠡᠵᠢᠯ ᠤᠨ ᠠᠵᠢᠯ ᠤᠨ ᠳᠠᠷᠠᠭᠠᠯᠠᠯ ᠨᠢᠭᠡᠪᠦᠷᠢ᠂ | ᠳᠠᠬᠢᠨ ᠦᠢᠯᠡᠳᠬᠦᠨ ᠤ ᠦᠢᠯᠡᠳᠪᠦᠷᠢ ᠠᠴᠠ ᠭᠠᠷᠭᠠᠬᠤ ᠪᠥᠬᠦ ᠶᠠᠪᠤᠴᠠ ᠳᠤ ᠬᠡᠪᠢᠰ ᠮᠠᠶ᠋ᠢᠭ ᠤᠨ ᠨᠠᠷᠢᠨ | ᠪᠠᠶᠢᠴᠠᠭᠠᠯᠲᠠ ᠬᠢᠵᠡᠶ᠃ ᠳᠠᠪᠲᠠᠨ ᠪᠠᠶᠢᠴᠠᠭᠠᠬᠤ ᠭᠤᠤᠯᠳᠠᠯᠭ᠎ᠠ ᠶᠢ ᠦᠢᠯᠡᠳᠪᠦᠷᠢᠯᠡᠬᠦ ᠭᠤᠭᠴᠤᠭ᠎ᠠ ᠳᠠᠬᠢ ᠬᠠᠶᠠᠭᠳᠠᠮᠠᠯ | ᠬᠡᠶ ᠶᠢ ᠰᠢᠢᠳᠪᠦᠷᠢᠯᠡᠬᠦ ᠤᠷᠠᠨ ᠳᠠᠷᠬ᠎ᠠ ᠪᠣᠯᠤᠨ ᠭᠠᠳᠠᠭᠰᠢᠯᠠᠭᠤᠯᠬᠤ ᠭᠦᠢᠴᠡᠳᠬᠡᠯ ᠲᠤᠭ᠎ᠠ᠂ ᠵᠢᠴᠢ ᠱᠤᠤᠬᠢᠶᠠᠨ ᠤ | ᠪᠣᠬᠢᠷᠲᠤᠯ ᠢ ᠬᠢᠵᠠᠭᠠᠷᠯᠠᠬᠤ ᠦᠷ᠎ᠡ ᠪᠦᠲᠦᠮᠵᠢ ᠶᠢ ᠲᠣᠭᠲᠠᠭᠠᠬᠤ ᠬᠡᠷᠡᠭᠲᠡᠶ᠃ ᠦᠢᠯᠡᠳᠪᠦᠷᠢᠯᠡᠯ ᠤᠨ ᠲᠠᠰᠤᠭ ᠲᠤ | ᠭᠦᠨᠵᠡᠭᠡᠶ ᠬᠠᠶᠢᠨ ᠪᠠᠶᠢᠴᠠᠭᠠᠯᠲᠠ ᠬᠢᠬᠦ ᠪᠠᠷ ᠳᠡᠮᠵᠢᠨ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠡᠬᠡ ᠲᠠᠩᠰᠠ ᠶᠢᠨ | ᠮᠠᠲ᠋ᠧᠷᠢᠶᠠᠯ ᠢ ᠨᠠᠷᠢᠨ ᠬᠢᠨᠠᠮᠠᠭᠠᠶ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠮᠡᠷᠭᠡᠵᠢᠯᠲᠡᠨ ᠲᠠᠢ ᠨᠢᠭᠤᠷᠲᠠᠨ | ᠰᠠᠨᠠᠯ ᠢᠶᠠᠨ ᠰᠣᠯᠢᠯᠴᠠᠵᠤ᠂ ᠲᠤᠰᠬᠠᠶ ᠮᠡᠷᠭᠡᠵᠢᠯᠲᠡᠳ ᠠᠵᠤ ᠠᠬᠤᠶᠢᠯᠠᠯ ᠤᠨ ᠣᠷᠴᠢᠨ ᠠᠬᠤᠶ ᠶᠢᠨ | ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠨᠠᠷᠢᠨ ᠵᠦᠢᠯᠡᠰ ᠢ ᠪᠥᠬᠦ ᠲᠠᠯ᠎ᠠ ᠪᠠᠷ ᠭᠦᠨᠵᠡᠭᠡᠶ | ᠡᠵᠡᠮᠰᠢᠵᠦ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠳᠠᠯᠳᠠ ᠬᠡᠮ ᠨᠢᠭᠤᠭᠳᠠᠵᠤ ᠮᠡᠳᠡᠬᠦ ᠶᠠᠮᠠᠷᠪᠠ ᠨᠠᠷᠢᠨ | ᠵᠦᠢᠯᠡᠰ ᠢ ᠴᠦ ᠲᠠᠯᠪᠢᠬᠤ ᠥᠬᠡᠶ ᠪᠠᠶᠢᠨ᠎ᠠ᠃ | | | | ᠳᠠᠪᠲᠠᠨ ᠪᠠᠶᠢᠴᠠᠭᠠᠬᠤ ᠪᠦᠬᠦ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠳ ᠢᠮᠠᠭᠲᠠ ᠲᠤᠰᠬᠠᠶ | ᠮᠡᠷᠭᠡᠵᠢᠯᠲᠡᠨ ᠤ ᠪᠦᠯᠬᠦᠮ ᠲᠠᠢ ᠨᠢᠭᠲᠠ ᠬᠠᠮᠵᠢᠯᠴᠠᠵᠤ᠂ ᠲᠤᠰᠬᠠᠶ ᠬᠥᠮᠦᠨ ᠢ ᠨᠠᠷᠢᠨ ᠨᠢᠮᠪᠠᠶ ᠳᠣᠭᠢᠷᠠᠭᠤᠯᠤᠨ | ᠲᠤᠬᠠᠶ ᠶᠢᠨ ᠲᠠᠯᠠᠪᠠᠶ ᠶᠢᠨ ᠬᠠᠶᠢᠨ ᠪᠠᠶᠢᠴᠠᠭᠠᠬᠤ ᠠᠵᠢᠯ ᠢ ᠬᠠᠮᠵᠢᠭᠤᠯᠵᠤ᠂ ᠲᠤᠭ᠎ᠠ ᠪᠠᠷᠢᠮᠲᠠ ᠲᠡᠮᠳᠡᠭᠯᠡᠬᠦ ᠶᠢ | ᠬᠢᠨᠠᠮᠠᠭᠠᠶ ᠰᠠᠶᠢᠲᠤᠷ ᠬᠢᠵᠦ᠂ ᠠᠰᠠᠭᠤᠳᠠᠯ ᠢ ᠴᠠᠭ ᠲᠤᠬᠠᠶ ᠳᠤᠨᠢ᠂ ᠪᠦᠲᠦᠮᠵᠢᠲᠡᠶ ᠪᠠᠷ ᠨᠡᠪᠲᠡᠷᠡᠯᠴᠡᠨ᠎ᠡ᠃ ᠲᠤᠰᠬᠠᠶ | ᠮᠡᠷᠭᠡᠵᠢᠯᠲᠡᠨ ᠤ ᠳᠤᠷᠠᠳᠤᠭᠰᠠᠨ ᠠᠰᠠᠭᠤᠳᠠᠯ ᠪᠠ ᠡᠷᠬᠢᠮ ᠨᠠᠨᠳᠢᠨ ᠰᠠᠨᠠᠭᠤᠯᠭ᠎ᠠ ᠪᠦᠬᠦᠨ ᠢ ᠬᠠᠤᠯᠢ | ᠬᠡᠷᠡᠭᠵᠢᠭᠦᠯᠦᠭᠴᠢᠳ ᠴᠥᠮ ᠨᠠᠷᠢᠨ ᠲᠡᠮᠳᠡᠭᠯᠡᠬᠦ ᠶᠢᠨ ᠬᠠᠮᠲᠤ ᠠᠵᠤ ᠠᠬᠤᠶᠢᠯᠠᠯ ᠲᠠᠢ ᠬᠠᠮᠲᠤ ᠪᠠᠷ ᠦᠨᠡᠨ ᠬᠦ | ᠬᠡᠷᠡᠭᠵᠢᠭᠦᠯᠦᠭᠦᠰᠢᠲᠡᠶ ᠴᠡᠭᠴᠡᠯᠡᠨ ᠦᠭᠡᠷᠡᠴᠢᠯᠡᠬᠦ ᠠᠷᠭ᠎ᠠ ᠬᠡᠮᠵᠢᠶ᠎ᠡ ᠶᠢ ᠰᠤᠳᠤᠯᠤᠨ ᠶᠠᠷᠢᠯᠴᠠᠵᠤ᠂ ᠴᠡᠭᠴᠡᠯᠡᠨ | ᠦᠭᠡᠷᠡᠴᠢᠯᠡᠬᠦ ᠬᠤᠭᠤᠴᠠᠭ᠎ᠠ ᠪᠠᠨ ᠲᠣᠳᠣᠷᠬᠠᠶᠢᠯᠠᠵᠤ᠂ ᠴᠡᠭᠴᠡᠯᠡᠨ ᠦᠭᠡᠷᠡᠴᠢᠯᠡᠬᠦ ᠠᠵᠢᠯ ᠤᠨ ᠡᠮᠬᠢ ᠵᠢᠷᠤᠮ ᠲᠠᠢ | ᠶᠠᠪᠤᠭᠳᠠᠬᠤ ᠶᠢ ᠦᠨᠡᠨ ᠬᠦ ᠪᠠᠲᠤᠯᠠᠨ᠎ᠠ᠃ ᠲᠤᠰ ᠤᠳᠠᠭ᠎ᠠ ᠶᠢᠨ ᠳᠠᠪᠲᠠᠨ ᠪᠠᠶᠢᠴᠠᠭᠠᠯᠲᠠ ᠨᠢ ᠫᠦᠳᠧ ᠪᠤᠯᠤᠳ | ᠬᠤᠭᠤᠯᠠᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠳᠤ ᠬᠢᠭᠰᠡᠨ ᠨᠢᠭᠡ ᠤᠳᠠᠭ᠎ᠠ ᠶᠢᠨ ᠪᠦᠬᠦ | ᠲᠠᠯ᠎ᠠ ᠶᠢᠨ《ᠪᠡᠶ᠎ᠡ ᠶᠢᠨ ᠪᠠᠶᠢᠴᠠᠭᠠᠯᠲᠠ》ᠪᠣᠯᠬᠤ ᠪᠠᠷ ᠪᠠᠷᠠᠬᠤ ᠦᠭᠡᠢ᠂ ᠨᠡᠩ ᠴᠤ ᠬᠤᠪᠢᠶᠠᠷᠢ ᠲᠤᠪᠴᠢᠶ᠎ᠠ ᠠᠴᠠ | ᠬᠠᠷᠢᠶ᠎ᠠ ᠣᠷᠣᠨ ᠤ ᠠᠵᠤ ᠠᠬᠤᠶᠢᠯᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ | ᠡᠷᠴᠢᠮ ᠢᠶᠠᠨ ᠴᠢᠩᠭᠠᠷᠠᠭᠤᠯᠤᠭᠰᠠᠨ ᠬᠦᠴᠦᠲᠡᠢ ᠢᠯᠡᠷᠡᠯ ᠪᠣᠯᠤᠨ᠎ᠠ᠃ | | | | ᠵᠢᠤ ᠶᠤᠸᠠᠨ ᠲᠣᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠤᠪᠴᠢᠶ᠎ᠠ ᠫᠦᠳᠧ ᠪᠤᠯᠤᠳ | ᠬᠤᠭᠤᠯᠠᠢ ᠶᠢᠨ ᠴᠡᠭᠴᠡᠯᠡᠨ ᠦᠭᠡᠷᠡᠴᠢᠯᠡᠬᠦ ᠨᠠᠶᠢᠳᠠᠪᠤᠷᠢᠵᠢᠭᠤᠯᠤᠭᠰᠠᠨ ᠪᠠᠶᠢᠳᠠᠯ ᠢ ᠦᠷᠭᠦᠯᠵᠢᠯᠡᠨ ᠴᠢᠩᠭ᠎ᠠ | ᠮᠥᠷᠳᠡᠵᠦ᠂ ᠡᠯ᠎ᠡ ᠲᠦᠷᠦᠯ ᠤᠨ ᠠᠰᠠᠭᠤᠳᠠᠯ ᠢ ᠴᠡᠭᠴᠡᠯᠡᠨ ᠦᠭᠡᠷᠡᠴᠢᠯᠡᠭᠦᠯᠵᠤ᠂ ᠥᠨᠴᠥᠭ ᠪᠤᠯᠤᠩ ᠦᠯᠡᠳᠡᠭᠡᠬᠦ | ᠦᠭᠡᠢ ᠪᠠᠶᠢᠬᠤ ᠶᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ ᠡᠭᠦᠨ ᠤ ᠵᠡᠷᠭᠡ ᠳᠤ᠂ ᠬᠤᠪᠢᠶᠠᠷᠢ ᠲᠣᠪᠴᠢᠶ᠎ᠠ ᠪᠠᠰᠠ | ᠲᠣᠰ ᠤᠳᠠᠭᠠᠨ ᠤ ᠳᠠᠪᠲᠠᠨ ᠪᠠᠶᠢᠴᠠᠭᠠᠯᠲᠠ ᠪᠠᠷ ᠴᠢᠬᠤᠯᠠ ᠠᠵᠠ ᠲᠣᠬᠢᠶᠠᠯ ᠪᠣᠯᠭᠠᠵᠤ᠂ ᠠᠵᠤ ᠠᠬᠤᠶᠢᠯᠠᠯ ᠤᠨ | ᠣᠷᠴᠢᠨ ᠠᠬᠤᠶ ᠶᠢᠨ ᠬᠠᠮᠠᠭᠠᠯᠠᠯᠲᠠ ᠶᠢᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠡᠯ᠎ᠡ ᠲᠠᠯ᠎ᠠ ᠶᠢᠨ | ᠬᠦᠴᠦᠨ ᠢ ᠨᠢᠭᠲᠠᠷᠠᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠰᠠᠬᠢᠨ ᠬᠠᠮᠠᠭᠠᠯᠠᠬᠤ᠂ ᠦᠵᠡᠰᠬᠦᠯᠡᠩᠲᠦ | ᠰᠠᠶᠢᠬᠠᠨ ᠬᠡᠷ ᠣᠷᠣᠨ ᠢᠶᠠᠨ ᠪᠥᠲᠥᠭᠡᠨ ᠪᠠᠶᠢᠭᠤᠯᠬᠤ ᠳᠤ ᠬᠠᠮᠲᠤ ᠪᠠᠷ ᠬᠦᠴᠦᠨ ᠴᠢᠳᠠᠯ ᠢᠶᠠᠨ ᠡᠷᠭᠦᠨ᠎ᠡ ᠃ | | | | | |