ᠬᠥᠳᠡᠯᠮᠦᠷᠢ ᠬᠦᠴᠦ ᠬᠡᠷᠡᠭᠯᠡᠬᠦ ᠪᠡᠶ᠎ᠡ ᠶᠢᠨ ᠪᠠᠶᠢᠴᠠᠭᠠᠯᠲᠠ ᠥᠷᠨᠢᠭᠦᠯᠵᠦ ᠡᠶ᠎ᠡ ᠵᠣᠬᠢᠴᠠᠯᠳᠤ ᠬᠥᠳᠡᠯᠮᠦᠷᠢ ᠶᠢᠨ ᠬᠠᠷᠢᠴᠠᠭ᠎ᠠ ᠶᠢ ᠬᠠᠮᠲᠤᠪᠠᠷ ᠪᠠᠶᠢᠭᠤᠯᠤᠶ᠎ᠠ
ᠨᠡᠶᠢᠲᠡᠯᠡᠭᠰᠡᠨ ᠴᠠᠭ᠄
2025/2/27
    ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠠᠵᠢᠯᠯᠠᠭ᠎ᠠ ᠶᠢ ᠵᠢᠷᠤᠮᠵᠢᠭᠤᠯᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠡᠶ᠎ᠡ ᠵᠣᠬᠢᠴᠠᠩᠭᠤᠶ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠶᠢᠨ ᠲᠥᠯᠥᠭᠡ᠂ 2025 ᠣᠨ ᠤ 2 ᠰᠠᠷ᠎ᠠ ᠶᠢᠨ 25  ᠤ ᠡᠳᠦᠷ᠂ ᠵᠢᠤ ᠶᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠯᠢᠦᠶ ᠵᠢᠶᠠ ᠮᠢᠩ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠦᠷᠢᠶᠡᠯᠡᠩ ᠤᠨ ᠳᠡᠳ᠋ ᠳᠠᠷᠤᠭ᠎ᠠ ᠸᠠᠩ ᠳ᠋ᠠᠩ ᠧᠨ᠂ ᠡᠷᠬᠡ ᠠᠰᠢᠭ ᠢᠶᠠᠨ ᠬᠠᠮᠠᠭᠠᠯᠠᠬᠤ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠯᠢ ᠫᠧᠩ ᠵᠢᠴᠢ ᠲᠤᠤᠷ ᠰᠦᠯᠵᠢᠶ᠎ᠡ ᠶᠢᠨ ᠳᠤᠮᠳᠠ ᠠᠩᠭᠢ ᠶᠢᠨ ᠬᠠᠤᠯᠢ ᠬᠡᠷᠡᠭᠵᠢᠭᠦᠯᠬᠦ ᠠᠵᠢᠯᠲᠠᠨ ᠢ ᠳᠠᠭᠠᠭᠤᠯᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠨᠢᠭᠡᠨ ᠰᠢᠨ᠎ᠡ ᠮᠠᠲ᠋ᠧᠷᠢᠶᠠᠯ ᠤᠨ ᠺᠣᠮᠫᠠᠨᠢ ᠳᠤ ᠬᠦᠷᠴᠦ ᠬᠥᠳᠡᠯᠮᠦᠷᠢ ᠬᠦᠴᠦ ᠬᠡᠷᠡᠭᠯᠡᠬᠦ  ᠪᠡᠶ᠎ᠡ ᠶᠢᠨ ᠪᠠᠶᠢᠴᠠᠭᠠᠯᠲᠠ ᠬᠢᠪᠠ᠃
11.jpg
    ᠲᠣᠰ ᠺᠣᠮᠫᠠᠨᠢ ᠶᠢᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠨᠢᠭᠡᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠪᠣᠯᠤᠭᠰᠠᠨ ᠤ ᠬᠤᠪᠢ ᠳᠤ᠂ ᠠᠵᠢᠯᠴᠢᠨ ᠬᠡᠷᠡᠭᠯᠡᠬᠦ ᠶᠢ ᠬᠡᠷᠬᠢᠨ ᠵᠢᠷᠤᠮᠵᠢᠭᠤᠯᠬᠤ ᠶᠢᠨ ᠬᠠᠮᠲᠤ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠣᠶᠢᠯᠠᠭᠠᠵᠤ᠂ ᠬᠥᠳᠡᠯᠮᠦᠷᠢ ᠶᠢᠨ ᠵᠢᠭᠤᠷᠠᠯᠳᠤᠭᠠᠨ ᠭᠠᠷᠬᠤ ᠠᠴᠠ ᠵᠠᠶᠢᠯᠠᠰᠬᠢᠵᠦ᠂ ᠰᠠᠨᠠᠭᠠᠴᠢᠯᠠᠭ᠎ᠠ ᠠᠴᠠ ᠪᠠᠨ ᠮᠠᠨ ᠤ ᠲᠣᠪᠴᠢᠶ᠎ᠠ ᠶᠢ ᠤᠷᠢᠵᠤ ᠲᠣᠰ ᠺᠣᠮᠫᠠᠨᠢ ᠶᠢᠨ ᠬᠥᠳᠡᠯᠮᠦᠷᠢ ᠠᠵᠢᠯᠴᠢᠨ ᠬᠡᠷᠡᠭᠯᠡᠵᠦ ᠪᠠᠶᠢᠭ᠎ᠠ ᠪᠠᠶᠢᠳᠠᠯ  ᠳᠤ ᠵᠢᠯᠤᠭᠤᠳᠤᠯᠭ᠎ᠠ ᠬᠢᠬᠦ ᠴᠢᠬᠤᠯᠠᠲᠠᠶ ᠪᠠᠶᠢᠨ᠎ᠠ ᠭᠡᠵᠡᠶ᠃  ᠵᠢᠤ ᠶᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠣᠰ ᠺᠣᠮᠫᠠᠨᠢ ᠶᠢᠨ ᠬᠤᠯᠪᠣᠭᠳᠠᠯ ᠪᠥᠬᠦᠶ ᠤᠳᠤᠷᠢᠳᠤᠯᠭ᠎ᠠ ᠲᠠᠢ ᠲᠣᠰ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠳᠦᠷᠢᠮᠵᠢᠯ ᠤᠨ ᠪᠠᠶᠢᠳᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠢ ᠲᠤᠰᠢᠶᠠᠭᠰᠠᠨ ᠪᠠᠶᠢᠳᠠᠯ᠂ ᠬᠥᠳᠡᠯᠮᠦᠷᠢ ᠶᠢᠨ ᠮᠠᠷᠭᠤᠯᠳᠤᠭᠠᠨ ᠢ ᠡᠶᠡᠳᠡᠭᠦᠯᠬᠦ ᠲᠣᠭᠲᠠᠴᠠ ᠶᠢᠨ ᠪᠠᠶᠢᠭᠤᠯᠤᠯᠲᠠ ᠶᠢᠨ ᠪᠠᠶᠢᠳᠠᠯ ᠵᠡᠷᠭᠡ ᠭᠤᠷᠪᠠᠨ ᠶᠡᠭᠡ ᠭᠤᠤᠯ ᠠᠭᠤᠯᠭ᠎ᠠ ᠶᠢᠨ ᠲᠣᠭᠤᠷᠢᠨ ᠳᠤ ᠶᠠᠷᠢᠯᠴᠠᠨ ᠰᠣᠯᠢᠯᠴᠠᠵᠤ᠂ ᠡᠬᠡ ᠲᠠᠩᠰᠠ ᠶᠢ ᠪᠠᠶᠢᠴᠠᠭᠠᠨ ᠦᠵᠡᠬᠦ᠂ ᠲᠣᠬᠢᠶᠠᠯᠳᠤᠯ ᠢᠶᠠᠷ ᠰᠤᠷᠪᠤᠯᠵᠢᠯᠠᠬᠤ᠂ ᠲᠤᠬᠠᠶ ᠶᠢᠨ ᠭᠠᠵᠠᠷ ᠲᠤᠨᠢ ᠬᠢᠨᠠᠨ ᠪᠠᠶᠢᠴᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠣᠰ ᠺᠣᠮᠫᠠᠨᠢ ᠶᠢᠨ ᠬᠥᠳᠡᠯᠮᠦᠷᠢ ᠶᠢᠨ ᠭᠡᠷ᠎ᠡ ᠲᠣᠭᠲᠠᠭᠰᠠᠨ ᠪᠠ ᠭᠦᠢᠴᠡᠳᠬᠡᠭᠰᠡᠨ ᠪᠠᠶᠢᠳᠠᠯ᠂ ᠴᠠᠯᠢᠩ ᠥᠭᠭᠦᠭᠰᠡᠨ᠂ ᠠᠵᠢᠯ ᠤᠨ ᠴᠠᠭ ᠤᠨ ᠲᠦᠷᠢᠮ ᠵᠢᠴᠢ ᠨᠡᠶᠢᠭᠡᠮ ᠤᠨ ᠳᠠᠭᠠᠳᠬᠠᠯ ( ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ )  ᠢ ᠲᠤᠰᠢᠶᠠᠭᠰᠠᠨ ᠪᠠᠶᠢᠳᠠᠯ᠂ ᠠᠵᠤ ᠠᠬᠤᠶᠢᠯᠠᠯ ᠤᠨ ᠬᠥᠳᠡᠯᠮᠦᠷᠢ ᠶᠢᠨ ᠮᠠᠷᠭᠤᠯᠳᠤᠭᠠᠨ ᠢ ᠡᠶᠡᠳᠡᠭᠦᠯᠬᠦ ᠲᠠᠰᠤᠭ ᠢ ᠪᠠᠶᠢᠭᠤᠯᠤᠭᠰᠠᠨ ᠵᠢᠴᠢ ᠠᠵᠢᠯᠯᠠᠭᠠᠨ ᠤ ᠪᠠᠶᠢᠳᠠᠯ ᠢ ᠭᠤᠤᠯᠳᠠᠯᠭ᠎ᠠ ᠲᠠᠢ ᠣᠶᠢᠯᠠᠭᠠᠵᠠᠶ᠃
22.jpg
    ᠪᠠᠶᠢᠴᠠᠭᠠᠯᠲᠠ ᠶᠢᠨ ᠳᠤᠮᠳᠠ ᠲᠣᠰ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠬᠥᠳᠡᠯᠮᠦᠷᠢ ᠶᠢᠨ ᠭᠡᠷ᠎ᠡ ᠲᠣᠭᠲᠠᠭᠠᠬᠤ ᠨᠢ ᠵᠢᠷᠤᠮᠵᠢᠯ ᠥᠬᠡᠶ᠂ ᠲᠦᠷᠢᠮ ᠲᠣᠭᠲᠠᠭᠠᠯ ᠨᠢ ᠪᠦᠷᠢᠨ ᠪᠤᠰᠤ ᠵᠡᠷᠭᠡ ᠪᠠᠶᠢᠳᠠᠯ ᠢ ᠣᠯᠵᠤ ᠮᠡᠳᠡᠪᠡ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯᠲᠠᠨ ᠠᠴᠠ ᠠᠵᠤ ᠠᠬᠤᠶᠢᠯᠠᠯ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠪᠠ ᠠᠵᠢᠯᠲᠠᠨ ᠳᠤ ᠲᠤᠬᠠᠶ ᠶᠢᠨ ᠲᠠᠯᠠᠪᠤᠷ ᠤᠨ ᠪᠣᠯᠪᠠᠰᠤᠷᠠᠭᠤᠯᠤᠯ ᠬᠢᠵᠦ᠂ ᠬᠥᠳᠡᠯᠮᠦᠷᠢ ᠶᠢᠨ ᠭᠡᠷ᠎ᠡ ᠲᠣᠭᠲᠠᠭᠠᠭᠰᠠᠨ ᠬᠤᠯᠪᠣᠭᠳᠠᠯ ᠪᠥᠬᠦᠶ ᠱᠠᠭᠠᠷᠳᠠᠯᠭ᠎ᠠ ᠶᠢᠨ ᠲᠤᠬᠠᠶ ᠲᠤᠬᠠᠶ ᠶᠢᠨ ᠲᠠᠯᠠᠪᠤᠷ ᠲᠤ ᠮᠠᠳᠠᠭ ᠲᠠᠢ ᠵᠦᠢᠯ ᠢ ᠨᠢ ᠬᠠᠷᠢᠭᠤᠯᠵᠤ᠂ ᠬᠥᠳᠡᠯᠮᠦᠷᠢ ᠶᠢᠨ ᠪᠠᠲᠤᠯᠠᠭ᠎ᠠ ᠶᠢᠨ ᠲᠠᠯ᠎ᠠ ᠶᠢᠨ ᠭᠤᠤᠯᠳᠠᠯᠭ᠎ᠠ ᠲᠠᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠵᠤ᠂ ᠲᠣᠰ ᠠᠵᠤ ᠠᠬᠤᠶᠢᠯᠠᠯ ᠢ ᠬᠠᠪᠰᠤᠷᠤᠨ ᠬᠥᠳᠡᠯᠮᠦᠷᠢ ᠬᠦᠴᠦ ᠬᠡᠷᠡᠭᠯᠡᠬᠦ ᠦᠢᠯᠡ ᠠᠵᠢᠯᠯᠠᠭ᠎ᠠ ᠶᠢ ᠨᠢ ᠵᠢᠷᠤᠮᠵᠢᠭᠤᠯᠵᠤ᠂ ᠲᠦᠷᠢᠮ ᠲᠣᠭᠲᠠᠭᠠᠯ ᠢ ᠨᠢ ᠲᠡᠭᠦᠯᠳᠡᠷᠵᠢᠭᠦᠯᠦᠨ᠂ ᠠᠵᠢᠯᠴᠢᠨ ᠬᠡᠷᠡᠭᠯᠡᠬᠦ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠪᠡ᠃    ᠲᠠᠷᠠᠭᠠᠴᠢ ᠪᠠᠷ᠂ ᠮᠠᠨ ᠤ ᠲᠣᠪᠴᠢᠶ᠎ᠠ ᠬᠠᠷᠢᠶ᠎ᠠ ᠣᠷᠣᠨ ᠤ ᠪᠠᠨ ᠳᠣᠲᠣᠷᠠᠬᠢ ᠠᠵᠢᠯᠴᠢᠨ ᠬᠡᠷᠡᠭᠯᠡᠬᠦ ᠠᠵᠤ ᠠᠬᠤᠶᠢᠯᠠᠯ ᠳᠤ ᠴᠢᠭᠯᠡᠭᠦᠯᠦᠨ᠂ ᠭᠤᠤᠯᠳᠠᠯᠭ᠎ᠠ ᠲᠠᠢ ᠬᠦᠷᠢᠶᠡᠨ ᠳᠠᠬᠢ ᠦᠢᠯᠡᠴᠢᠯᠡᠭᠡᠨ ᠤ ᠵᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠡᠷᠬᠡ ᠠᠰᠢᠭ ᠢᠶᠠᠨ ᠬᠠᠮᠠᠭᠠᠯᠠᠬᠤ ᠡᠶᠡᠳᠡᠭᠦᠯᠬᠦ ᠦᠢᠯᠡᠴᠢᠯᠡᠭᠡᠨ ᠤ ᠦᠷ᠎ᠡ ᠪᠦᠲᠦᠮᠵᠢ ᠶᠢ ᠰᠢᠯᠢᠳᠡᠭᠵᠢᠭᠦᠯᠵᠦ᠂ ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ ᠲᠣᠭᠲᠠᠭᠠᠯ ᠤᠨ ᠤᠬᠠᠭᠤᠯᠭ᠎ᠠ ᠶᠢ ᠴᠢᠩᠭᠠᠳᠬᠠᠨ᠂ ᠠᠵᠢᠯᠴᠢᠨ ᠬᠡᠷᠡᠭᠯᠡᠬᠦ ᠠᠵᠤ ᠠᠬᠤᠶᠢᠯᠠᠯ ᠤᠨ ᠬᠠᠤᠯᠢ ᠶᠣᠰᠣᠭᠠᠷ ᠠᠵᠢᠯᠴᠢᠨ ᠬᠡᠷᠡᠭᠯᠡᠬᠦ ᠤᠬᠠᠮᠰᠠᠷ ᠢ ᠴᠢᠩᠭᠠᠷᠠᠭᠤᠯᠵᠤ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠨ᠎ᠠ᠃ 
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号