ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠮᠡᠳᠡᠭᠡ ᠶᠢ ᠦᠨᠳᠦᠰᠦᠯᠡᠪᠡᠯ᠂ ᠣᠲᠣ | ᠪᠣᠯᠲᠠᠯ᠎ᠠ᠂ ᠪᠥᠬᠦ ᠤᠯᠤᠰ ᠲᠤ ᠨᠢᠭᠡᠨᠲᠡ 29 ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ | ᠵᠢᠴᠢ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠲᠣᠭᠲᠠᠭᠰᠠᠨ ᠴᠡᠭ ᠤᠨ | ᠡᠮ ᠤᠨ ᠳᠡᠯᠭᠡᠭᠦᠷ ᠤᠨ ᠦᠨ᠎ᠡ ᠬᠠᠩᠰᠢ ᠶᠢ ᠬᠠᠷᠢᠴᠠᠭᠤᠯᠬᠤ ᠵᠢᠵᠢᠭ ᠫᠷᠣᠭ᠍ᠷᠠᠮ ᠢ ᠰᠦᠯᠵᠢᠶᠡᠨ ᠳᠤ ᠣᠷᠣᠭᠤᠯᠵᠤ᠂ | ᠡᠮ ᠤᠨ ᠵᠦᠢᠯ ᠤᠨ ᠦᠨ᠎ᠡ ᠬᠠᠩᠰᠢ ᠶᠢ ᠭᠠᠷ ᠤᠲᠠᠰᠤᠨ ᠳᠡᠭᠡᠷ᠎ᠡ ᠨᠢᠭᠡ ᠯᠡ ᠳᠠᠷᠤᠪᠴᠢ ᠪᠠᠷ ᠪᠠᠶᠢᠴᠠᠭᠠᠨ ᠯᠠᠪᠯᠠᠬᠤ᠂ | ᠴᠠᠭ ᠲᠤᠬᠠᠢ ᠳᠤᠨᠢ ᠬᠠᠷᠢᠴᠠᠭᠤᠯᠬᠤ ᠪᠠ ᠣᠷᠣᠨ ᠪᠠᠶᠢᠷᠢ ᠪᠠᠷ ᠵᠠᠮᠴᠢᠯᠠᠬᠤ ᠵᠡᠷᠭᠡ ᠶᠢ ᠪᠡᠶᠡᠯᠡᠭᠦᠯᠵᠦ ᠳᠡᠶᠢᠯᠬᠦ | ᠪᠣᠯᠤᠭᠰᠠᠨ ᠪᠠᠶᠢᠨ᠎ᠠ᠃ ᠡᠨᠡ ᠨᠢ ᠬᠡᠷᠡᠭᠯᠡᠭᠴᠢᠳ ᠶᠠᠮᠠᠷ ᠨᠢᠭᠡᠨ ᠡᠮ ᠤᠨ ᠵᠦᠢᠯ ᠢ ᠬᠠᠮᠢᠭ᠎ᠠ ᠠᠴᠠ ᠬᠤᠳᠠᠯᠳᠤᠨ | ᠠᠪᠴᠤ ᠪᠣᠯᠬᠤ᠂ ᠡᠰᠡᠬᠦᠯ᠎ᠡ ᠶᠠᠮᠠᠷ ᠨᠢᠭᠡᠨ ᠡᠮ ᠤᠨ ᠵᠦᠢᠯ ᠤᠨ ᠠᠳᠠᠯᠢ ᠪᠤᠰᠤ ᠡᠮ ᠤᠨ ᠳᠡᠯᠭᠡᠭᠦᠷ ᠲᠠᠬᠢ ᠦᠨ᠎ᠡ | ᠬᠠᠩᠰᠢ ᠶᠢ ᠮᠡᠳᠡᠶ᠎ᠡ ᠭᠡᠪᠡᠯ᠂ ᠥᠪᠡᠷ ᠢᠶᠠᠨ ᠳᠡᠯᠭᠡᠭᠦᠷ ᠲᠤ ᠣᠴᠢᠬᠤ ᠬᠡᠷᠡᠭ ᠦᠭᠡᠢ᠂ ᠭᠠᠷ ᠤᠲᠠᠰᠤᠨ | ᠳᠡᠭᠡᠷ᠎ᠡ ᠠᠴᠠ ᠪᠠᠨ ᠣᠶᠢᠯᠠᠭᠠᠵᠤ ᠮᠡᠳᠡᠴᠢᠬᠡᠨ᠎ᠡ ᠭᠡᠳᠡᠭ ᠢ ᠬᠠᠷᠠᠭᠤᠯᠵᠤ ᠪᠠᠶᠢᠨ᠎ᠠ᠃ ᠬᠡᠷᠡᠭᠯᠡᠭᠴᠢ ᠲᠤᠬᠠᠢ ᠶᠢᠨ | ᠭᠠᠵᠠᠷ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ App᠂ ᠸᠢᠴᠠᠲ ᠤᠨ ᠵᠢᠵᠢᠭ ᠫᠷᠣᠭ᠍ᠷᠠᠮ᠂ | ᠸᠢᠴᠠᠲ ᠤᠨ ᠨᠡᠶᠢᠲᠡ ᠶᠢᠨ ᠳ᠋ᠤᠭᠠᠷ᠂ ᡁᠢ ᠹᠦ᠋ ᠪᠣᠤ ᠶᠢᠨ ᠵᠢᠵᠢᠭ ᠫᠷᠣᠭ᠍ᠷᠠᠮ ᠵᠡᠷᠭᠡ ᠠᠷᠭ᠎ᠠ ᠵᠠᠮ ᠢᠶᠠᠷ ᠣᠷᠣᠵᠤ | ᠪᠣᠯᠣᠨ᠎ᠠ᠂ ᠳᠠᠩᠰᠠᠯᠠᠭᠤᠯᠬᠤ ᠦᠭᠡᠢ ᠪᠠᠷ ᠲᠡᠷᠡ ᠳᠠᠷᠤᠢ ᠳᠤᠨᠢ ᠬᠡᠷᠡᠭᠯᠡᠨ᠎ᠡ᠃ ᠡᠮ ᠤᠨ ᠵᠦᠢᠯ ᠤᠨ ᠨᠡᠷᠡᠶᠢᠳᠦᠯ ᠢ | ᠣᠷᠣᠭᠤᠯᠤᠭᠰᠠᠨ ᠤ ᠳᠠᠷᠠᠭ᠎ᠠ᠂ ᠣᠶᠢᠷ᠎ᠠ ᠬᠠᠪᠢ ᠶᠢᠨ ᠡᠮ ᠤᠨ ᠳᠡᠯᠭᠡᠭᠦᠷ ᠲᠤ ᠪᠠᠶᠢᠭ᠎ᠠ ᠡᠮ ᠤᠨ ᠵᠦᠢᠯ ᠤᠨ | ᠣᠷᠣᠯᠠᠭᠴᠢ ᠨᠣᠮᠧᠷ᠂ ᠬᠡᠪ ᠪᠠᠷᠢᠮᠵᠢᠶ᠎ᠠ ᠶᠢᠨ ᠨᠠᠶᠢᠷᠠᠯᠭ᠎ᠠ ᠶᠢᠨ ᠬᠡᠯᠪᠡᠷᠢ᠂ ᠦᠢᠯᠡᠳᠪᠦᠷᠢᠯᠡᠭᠰᠡᠨ ᠠᠵᠤ ᠠᠬᠤᠶᠢᠯᠠᠯ᠂ | ᠵᠥᠪᠰᠢᠶᠡᠷᠡᠯ ᠤᠨ ᠪᠢᠴᠢᠭ ᠤᠨ ᠳ᠋ᠤᠭᠠᠷ ᠵᠡᠷᠭᠡ ᠣᠯᠠᠨ ᠲᠦᠮᠡᠨ ᠤ ᠠᠩᠬᠠᠷᠴᠤ ᠪᠠᠶᠢᠭ᠎ᠠ ᠠᠭᠤᠯᠭ᠎ᠠ ᠶᠢ ᠣᠯᠵᠤ | ᠬᠠᠷᠠᠬᠤ ᠪᠠᠷ ᠪᠠᠷᠠᠬᠤ ᠦᠭᠡᠢ᠂ ᠦᠨ᠎ᠡ ᠬᠠᠩᠰᠢ ᠶᠢ ᠦᠨᠳᠦᠰᠦᠯᠡᠨ ᠰᠢᠭᠰᠢᠨ ᠰᠣᠩᠭᠤᠵᠤ ᠪᠣᠯᠣᠨ᠎ᠠ᠃ ᠬᠡᠰᠡᠭ ᠮᠤᠵᠢ | ᠣᠷᠣᠨ ᠤ ᠲᠣᠭᠲᠠᠭᠰᠠᠨ ᠴᠡᠭ ᠤᠨ ᠡᠮ ᠤᠨ ᠳᠡᠯᠭᠡᠭᠦᠷ ᠤᠨ ᠬᠠᠷᠢᠴᠠᠭᠤᠯᠤᠭᠰᠠᠨ ᠦᠨ᠎ᠡ ᠬᠠᠩᠰᠢ ᠶᠢᠨ ᠵᠢᠵᠢᠭ | ᠫᠷᠣᠭ᠍ᠷᠠᠮ ᠨᠢ ᠪᠠᠰᠠ ᠬᠥᠮᠥᠷᠭᠡ ᠶᠢᠨ ᠬᠠᠳᠠᠭᠠᠯᠠᠯᠲᠠ ᠶᠢᠨ ᠮᠡᠳᠡᠭᠡ ᠵᠠᠩᠭᠢ ᠶᠢ ᠳᠡᠯᠭᠡᠨ ᠦᠵᠡᠭᠦᠯᠬᠦ᠂ ᠬᠡᠪ ᠤᠨ ᠪᠤᠰᠤ | ᠦᠨ᠎ᠡ ᠬᠠᠩᠰᠢ ᠶᠢ ᠰᠠᠨᠠᠭᠤᠯᠬᠤ᠂ ᠦᠨ᠎ᠡ ᠬᠠᠩᠰᠢ ᠶᠢᠨ ᠬᠠᠨᠳᠤᠰᠢ ᠶᠢ ᠵᠠᠳᠠᠯᠬᠤ ᠵᠡᠷᠭᠡ ᠬᠤᠯᠪᠣᠭᠳᠠᠯ ᠪᠦᠬᠦᠢ | ᠴᠢᠳᠠᠮᠵᠢ ᠶᠢ ᠬᠠᠩᠭᠠᠭᠰᠠᠨ ᠪᠠᠶᠢᠨ᠎ᠠ᠃ | |