ᠠᠭᠠᠷᠤᠲᠠᠢ ᠰᠤᠮᠤᠨ ᠤ ᠨᠤᠲᠤᠭ ᠪᠡᠯᠴᠢᠭᠡᠷ ᠤᠨ ᠡᠷᠬᠡ ᠶᠢ ᠨᠤᠲᠠᠯᠠᠬᠤ ᠳᠠᠩᠰᠠ ᠡᠪᠬᠡᠮᠡᠯ ᠢ ᠡᠮᠬᠢᠯᠡᠬᠦ ᠠᠵᠢᠯ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2025/2/28
 111.jpg
       ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠲᠣᠭᠲᠠᠭᠠᠭᠰᠠᠨ ᠳᠠᠩᠰᠠ ᠡᠪᠬᠡᠮᠡᠯ ᠤᠨ ᠮᠠᠲ᠋ᠧᠷᠢᠶᠠᠯ ᠢ ᠪᠦᠷᠢᠨ ᠭᠦᠢᠴᠡᠳ᠂ ᠳᠠᠩᠰᠠ ᠡᠪᠬᠡᠮᠡᠯ ᠪᠠᠶᠢᠭᠤᠯᠤᠨ ᠵᠢᠷᠤᠮᠵᠢᠯ ᠲᠠᠢ᠂ ᠠᠮᠤᠷ ᠲᠦᠪᠰᠢᠨ ᠢᠶᠠᠷ ᠬᠠᠳᠠᠭᠠᠯᠠᠨ ᠬᠠᠮᠢᠶᠠᠷᠴᠤ᠂ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠪᠠᠲᠤᠯᠠᠬᠤ ᠶᠢᠨ ᠲᠥᠯᠥᠭᠡ᠂ ᠮᠠᠨ ᠤ ᠰᠤᠮᠤ 2 ᠰᠠᠷ᠎ᠠ ᠶᠢᠨ 5  ᠤ ᠡᠳᠦᠷ ᠠᠴᠠ ᠡᠬᠢᠯᠡᠨ ᠰᠤᠮᠤ ᠶᠢᠨ 3 ᠭᠠᠴᠠᠭᠠᠨ ᠤ 148 ᠡᠷᠦᠬᠡ ᠶᠢᠨ 181 ᠳᠡᠪᠲᠡᠷ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠳᠠᠩᠰᠠ ᠡᠪᠬᠡᠮᠡᠯ ᠳᠤ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠳᠠᠩᠰᠠ ᠡᠪᠬᠡᠮᠡᠯ ᠳᠤ ᠣᠷᠣᠭᠤᠯᠵᠤ ᠡᠮᠬᠢᠯᠡᠬᠦ ᠠᠵᠢᠯ ᠬᠢᠪᠡ᠃
222.jpg
       ᠰᠤᠮᠤ ᠶᠢᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠡᠯ᠎ᠡ ᠭᠠᠴᠠᠭ᠎ᠠ ᠲᠠᠢ ᠢᠳᠡᠪᠬᠢᠲᠡᠢ ᠵᠣᠯᠭᠠᠯᠴᠠᠵᠤ᠂《ᠬᠤᠶᠠᠷ ᠵᠥᠪᠯᠡᠯ》 ᠤᠨ ᠪᠦᠷᠢᠯᠳᠦᠬᠦᠨ ᠢ ᠴᠤᠭᠯᠠᠭᠤᠯᠤᠨ ᠠᠭᠤᠯᠵᠠᠨ ᠶᠠᠷᠢᠯᠴᠠᠬᠤ ᠬᠤᠷᠠᠯ ᠬᠤᠷᠠᠯᠳᠤᠭᠤᠯᠵᠤ᠂ ᠭᠠᠴᠠᠭᠠᠨ ᠤ《ᠬᠤᠶᠠᠷ ᠵᠥᠪᠯᠡᠯ》ᠪᠠ ᠮᠠᠯᠴᠢᠳ ᠲᠤ ᠮᠠᠲ᠋ᠧᠷᠢᠶᠠᠯ ᠴᠤᠭᠯᠠᠭᠤᠯᠵᠤ᠂ ᠲᠠᠩᠰᠠ ᠡᠪᠬᠡᠮᠡᠯ ᠢᠶᠠᠨ ᠡᠮᠬᠢᠯᠡᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠤᠢᠢᠯᠠᠭᠠᠭᠤᠯᠵᠤ᠂ ᠤᠯᠠᠨ ᠢ ᠲᠠᠶᠢᠴᠢᠯᠠᠨ ᠲᠤᠰ ᠤᠳᠠᠭᠠᠨ ᠤ ᠠᠵᠢᠯ ᠳᠤ ᠢᠳᠡᠪᠬᠢᠲᠡᠢ ᠬᠠᠮᠵᠢᠯᠴᠠᠭᠤᠯᠪᠠ᠃ ᠳᠠᠷᠠᠭ᠎ᠠ ᠨᠢ ᠰᠤᠮᠤᠨ ᠤ ᠵᠠᠰᠠᠭ ᠤᠨ ᠣᠷᠳᠣᠨ ᠬᠤᠷᠢᠶᠠᠨ ᠠᠪᠴᠢᠷᠠᠭᠰᠠᠨ ᠮᠠᠲ᠋ᠧᠷᠢᠶᠠᠯ ᠨᠢᠭᠡᠪᠦᠷᠢ ᠶᠢ ᠨᠠᠷᠢᠨ ᠬᠢᠨᠠᠮᠠᠭᠠᠶ ᠪᠠᠶᠢᠴᠠᠭᠠᠨ ᠬᠢᠨᠠᠵᠤ᠂ ᠲᠠᠩᠰᠠ ᠡᠪᠬᠡᠮᠡᠯ ᠳᠤ ᠣᠷᠣᠭᠤᠯᠬᠤ ᠶᠣᠰᠣᠲᠠᠶ ᠪᠣᠶ ᠪᠥᠬᠦᠶ ᠮᠠᠲ᠋ᠧᠷᠢᠶᠠᠯ ᠢ ᠣᠨᠣᠪᠴᠢᠲᠠᠶ ᠲᠥᠷᠥᠯ ᠬᠤᠪᠢᠶᠠᠨ ᠳ᠋ᠤᠭᠠᠷᠯᠠᠵᠤ᠂ ᠺᠣᠮᠫᠢᠦ᠋ᠲ᠋ᠧᠷ ᠲᠤ ᠣᠷᠣᠭᠤᠯᠤᠨ᠂ ᠡᠯᠧᠺᠲᠷᠣᠨ ᠲᠠᠩᠰᠠ ᠡᠪᠬᠡᠮᠡᠯ ᠪᠠᠶᠢᠭᠤᠯᠵᠤ᠂ ᠲᠠᠩᠰᠠ ᠡᠪᠬᠡᠮᠡᠯ ᠤᠨ ᠮᠠᠲ᠋ᠧᠷᠢᠶᠠᠯ ᠤᠨ ᠪᠦᠷᠢᠯᠳᠦᠬᠦ ᠪᠣᠭᠤᠮᠲᠠ᠂ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠡᠷᠬᠡ ᠶᠢ ᠨᠤᠲᠠᠯᠠᠨ ᠳᠠᠩᠰᠠᠯᠠᠬᠤ ᠠᠵᠢᠯ ᠤᠨ ᠪᠥᠬᠦ ᠶᠠᠪᠤᠴᠠ ᠳᠠᠬᠢ ᠲᠠᠩᠰᠠ ᠡᠪᠬᠡᠮᠡᠯ ᠤᠨ ᠮᠠᠲ᠋ᠧᠷᠢᠶᠠᠯ ᠤᠨ ᠪᠦᠷᠢᠨ ᠭᠦᠢᠴᠡᠳ᠂ ᠪᠦᠷᠢᠨ ᠪᠦᠲᠦᠨ᠂ ᠵᠥᠪ ᠣᠨᠣᠪᠴᠢᠲᠠᠶ᠂ ᠵᠢᠷᠤᠮᠵᠢᠯ ᠲᠠᠢ ᠪᠠᠶᠢᠬᠤ ᠶᠢ ᠪᠠᠲᠤᠯᠠᠪᠠ᠃ ᠣᠳᠣᠬᠠᠨ ᠳᠤ᠂ ᠲᠣᠰ ᠠᠵᠢᠯ ᠢ ᠶᠠᠭ ᠰᠠᠶᠢᠬᠠᠨ ᠡᠮᠬᠢ ᠴᠡᠭᠴᠡ ᠲᠠᠢ ᠶᠠᠪᠤᠭᠳᠠᠭᠤᠯᠵᠤ᠂ ᠠᠭᠤᠢ ᠭᠤᠤ ᠭᠠᠴᠠᠭᠠᠨ ᠤ ᠰᠠᠭᠤᠷᠢ ᠮᠡᠳᠡᠭᠡ ᠵᠠᠩᠭᠢ ᠶᠢ ᠡᠮᠬᠢᠳᠬᠡᠵᠦ ᠳᠠᠭᠤᠰᠬᠠᠨ᠂ ᠵᠢᠱᠢᠯᠲᠡ ᠪᠠᠷ 3 ᠰᠠᠷ᠎ᠠ ᠶᠢᠨ ᠰᠡᠭᠦᠯᠴᠢ ᠪᠠᠷ ᠭᠤᠷᠪᠠᠨ ᠭᠠᠴᠠᠭᠠᠨ ᠤ ᠰᠠᠭᠤᠷᠢ ᠮᠡᠳᠡᠭᠡ ᠵᠠᠩᠭᠢ ᠶᠢ ᠡᠮᠬᠢᠳᠬᠡᠵᠦ ᠳᠠᠭᠤᠰᠬᠠᠨ᠎ᠠ᠃ ᠪᠣᠶ ᠪᠦᠬᠦᠢ ᠰᠠᠭᠤᠷᠢ ᠮᠡᠳᠡᠭᠡ ᠵᠠᠩᠭᠢ ᠶᠢᠨ ᠮᠠᠲ᠋ᠧᠷᠢᠶᠠᠯ ᠢ ᠡᠮᠬᠢᠯᠡᠵᠦ ᠪᠠᠷᠠᠭᠰᠠᠨ ᠤ ᠳᠠᠷᠠᠭ᠎ᠠ ᠳᠠᠩᠰᠠ ᠡᠪᠬᠡᠮᠡᠯ ᠤᠨ ᠲᠣᠪᠴᠢᠶ᠎ᠠ ᠲᠠᠢ ᠵᠣᠬᠢᠴᠠᠭᠤᠯᠵᠤ ᠳᠠᠩᠰᠠ ᠡᠪᠬᠡᠮᠡᠯ ᠳᠤ ᠤᠷᠤᠭᠤᠯᠤᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号