《ᠨᠢᠭᠡ ᠬᠠᠤᠯᠢ ᠨᠢᠭᠡ ᠳᠦᠷᠢᠮ》 ᠢ ᠲᠤᠤᠱᠯᠠᠭᠤᠯᠵᠤ ᠠᠷᠠᠳ ᠤᠨ ᠰᠠᠨᠠᠭ᠎ᠠ ᠶᠢ ᠰᠣᠨᠣᠰᠴᠤ ᠬᠦᠴᠢᠷ ᠠᠰᠠᠭᠤᠳᠠᠯ ᠢ ᠰᠢᠢᠳᠪᠦᠷᠢᠯᠡᠶ᠎ᠡ
ᠨᠡᠶᠢᠲᠡᠯᠡᠭᠰᠡᠨ ᠴᠠᠭ᠄
2025/2/28
   《 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠣᠯᠭᠤᠯᠲᠠ ᠶᠢ ᠠᠬᠢᠭᠤᠯᠬᠤ ᠬᠠᠤᠯᠢ》《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢ ᠠᠬᠢᠭᠤᠯᠬᠤ ᠲᠦᠷᠢᠮ》 ᠢ ᠭᠦᠨᠵᠡᠭᠡᠶ ᠲᠤᠤᠱᠯᠠᠭᠤᠯᠤᠨ ᠬᠡᠷᠡᠭᠵᠢᠭᠦᠯᠬᠦ ᠶᠢᠨ ᠲᠥᠯᠥᠭᠡ᠂ 2 ᠰᠠᠷ᠎ᠠ ᠶᠢᠨ 25  ᠤ ᠡᠳᠦᠷ ᠤᠨ ᠦᠳᠡ ᠶᠢᠨ ᠬᠤᠶᠢᠨ᠎ᠠ᠂ ᠪᠤᠭᠤᠲᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠡᠶᠢᠭᠡᠮ ᠤᠨ ᠪᠠᠶᠢᠭᠤᠯᠤᠯᠲᠠ ᠶᠢᠨ ᠵᠥᠪᠯᠡᠯ ᠤᠨ ᠡᠷᠬᠢᠯᠡᠭᠴᠢ ᠭᠡᠰᠢᠭᠦᠨ ᠭᠦᠸᠧ ᠢᠦᠶ ᠮᠢᠩ ᠨᠡᠷ ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠢᠷᠡᠵᠦ᠂《ᠨᠢᠭᠡ ᠬᠠᠤᠯᠢ ᠨᠢᠭᠡ ᠲᠦᠷᠢᠮ》 ᠢ ᠲᠤᠤᠱᠯᠠᠭᠤᠯᠤᠨ ᠬᠡᠷᠡᠭᠵᠢᠭᠦᠯᠬᠦ ᠶᠢᠨ ᠲᠣᠭᠤᠷᠢᠨ ᠳᠤ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠲᠥᠯᠥᠭᠡᠯᠡᠭᠴᠢ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠲᠥᠯᠥᠭᠡᠯᠡᠭᠴᠢ ᠵᠢᠴᠢ ᠠᠵᠢᠯ ᠤᠯᠬᠤ ᠳᠤ ᠬᠦᠴᠢᠷᠲᠡᠶ ᠬᠥᠮᠦᠰ ᠤᠨ ᠲᠥᠯᠥᠭᠡᠯᠡᠭᠴᠢᠳ ᠲᠠᠢ ᠶᠠᠷᠢᠯᠴᠠᠪᠠ᠃ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠵᠢᠦ ᠶᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠤᠳᠤᠷᠢᠳᠤᠯᠭ᠎ᠠ ᠶᠠᠷᠢᠯᠴᠠᠬᠤ ᠬᠤᠷᠠᠯ ᠳᠤ ᠣᠷᠣᠯᠴᠠᠪᠠ᠃
1111.jpg
    ᠶᠠᠷᠢᠯᠴᠠᠬᠤ ᠬᠤᠷᠠᠯ ᠳᠡᠭᠡᠷ᠎ᠡ᠂ ᠠᠵᠢᠯ ᠣᠯᠭᠤᠯᠲᠠ ᠶᠢᠨ ᠭᠤᠣᠯᠳᠠᠯᠭ᠎ᠠ ᠲᠠᠢ ᠬᠥᠮᠦᠰ ᠤᠨ ᠲᠥᠯᠥᠭᠡᠯᠡᠭᠴᠢᠳ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠪᠠ᠃ ᠳᠡᠭᠡᠳᠦ ᠰᠤᠷᠭᠠᠭᠤᠯᠢ ᠲᠡᠭᠦᠰᠦᠭᠰᠡᠨ ᠤᠶᠤᠲᠠᠳ ᠤᠨ ᠲᠥᠯᠥᠭᠡᠯᠡᠭᠴᠢ ᠶᠠᠩ ᠹᠠᠨ᠂ ᠰᠢᠨ᠎ᠡ ᠵᠠᠭᠤᠴᠢᠯᠠᠭᠤᠷ ᠤᠨ ᠠᠵᠢᠯ ᠲᠦᠷᠦᠯ ᠤᠨ ᠦᠢᠯᠡᠰ ᠪᠣᠰᠬᠠᠭᠴᠢ ᠪᠣᠯᠤᠭᠰᠠᠨ ᠤ ᠬᠤᠪᠢ ᠳᠤ᠂ ᠦᠢᠯᠡᠰ ᠪᠤᠰᠬᠠᠬᠤ ᠪᠣᠯᠪᠠᠰᠤᠷᠠᠯ᠂ ᠦᠢᠯᠡᠰ ᠪᠤᠰᠬᠠᠬᠤ ᠵᠢᠭᠡᠯᠡᠯᠭᠡ ᠵᠡᠷᠭᠡ ᠲᠦᠷᠦ ᠶᠢᠨ ᠪᠤᠳᠤᠯᠭ᠎ᠠ ᠨᠢ ᠲᠡᠭᠦᠨ ᠳᠤ ᠮᠠᠰᠢ ᠶᠡᠭᠡ ᠬᠠᠪᠰᠤᠷᠤᠯᠭ᠎ᠠ ᠦᠵᠡᠭᠦᠯᠵᠦ᠂ ᠲᠡᠭᠦᠨ ᠢ ᠵᠣᠷᠢᠭᠲᠠᠢ ᠪᠠᠷ ᠬᠦᠰᠡᠯ ᠵᠡᠭᠦᠳᠦ ᠪᠠᠨ ᠬᠥᠭᠡᠭᠡᠴᠡᠯᠳᠦᠭᠦᠯᠪᠡ ᠭᠡᠵᠦ ᠢᠯᠡᠳᠬᠡᠪᠡ᠃ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠲᠥᠯᠥᠭᠡᠯᠡᠭᠴᠢ ᠵᠣᠣ ᠵᠢᠶᠦ᠋ᠨ ᠯᠢᠨ ᠢᠯᠡᠷᠬᠡᠶᠢᠯᠡᠬᠦ ᠳᠡᠭᠡᠨ᠂ ᠰᠢᠨ᠎ᠡ ᠪᠠᠷ ᠪᠠᠶᠢᠭᠤᠯᠤᠭᠰᠠᠨ ᠰᠤᠯᠠ ᠠᠵᠢᠯ ᠤᠨ ᠵᠠᠬ᠎ᠠ ᠳᠡᠯᠭᠡᠭᠦᠷ ᠢ ᠠᠵᠢᠯ ᠡᠷᠢᠬᠦ ᠳᠤ ᠲᠥᠬᠦᠮ ᠪᠣᠯᠭᠠᠵᠤ᠂ ᠠᠵᠢᠯ ᠤᠨ ᠪᠠᠶᠢᠷᠢ ᠠᠷᠪᠢᠨ᠂ ᠠᠵᠢᠯ ᠡᠷᠢᠬᠦ ᠳᠤ ᠲᠦᠷᠭᠡᠨ ᠪᠣᠯᠭᠠᠵᠤ᠂ ᠣᠷᠣᠯᠭ᠎ᠠ  ᠨᠢ ᠲᠣᠭᠲᠠᠭᠤᠨ ᠪᠣᠯᠭᠠᠪᠠ᠃ ᠠᠵᠢᠯ ᠤᠯᠬᠤ ᠳᠤ ᠬᠦᠴᠢᠷᠲᠡᠶ ᠬᠥᠮᠦᠰ ᠤᠨ ᠲᠥᠯᠥᠭᠡᠯᠡᠭᠴᠢ ᠸᠠᠩ ᠯᠢ ᠰᠢᠤ ᠬᠡᠯᠡᠬᠦ ᠳᠡᠭᠡᠨ᠂ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠨᠢ ᠬᠡᠷ ᠪᠦᠯᠢ ᠶᠢᠨ ᠠᠮᠢᠳᠤᠷᠠᠯ ᠤᠨ ᠪᠠᠶᠢᠳᠠᠯ ᠢ ᠲᠦᠢᠯ ᠤᠨ ᠶᠡᠭᠡ ᠪᠠᠷ ᠰᠠᠶᠢᠵᠢᠷᠠᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠠᠴᠠ ᠲᠥᠪᠬᠢᠨᠡᠭᠦᠯᠬᠦ ᠪᠠᠷ ᠳᠡᠮᠵᠢᠨ᠂ ᠣᠲᠣ ᠬᠡᠷ ᠲᠡᠭᠡᠨ ᠣᠷᠣᠯᠭ᠎ᠠ ᠲᠠᠢ ᠪᠣᠯᠵᠣ᠂ ᠠᠮᠢᠳᠤᠷᠠᠯ  ᠨᠢ ᠴᠦ ᠡᠷᠡᠮᠡᠯᠵᠡᠯ ᠲᠠᠢ ᠪᠣᠯᠵᠠᠶ᠃
222.jpg
    ᠭᠦᠸᠧ ᠢᠦᠶ ᠮᠢᠩ ᠭᠡᠰᠢᠭᠦᠨ ᠣᠯᠠᠨ ᠤ ᠶᠠᠷᠢᠶ᠎ᠠ ᠶᠢ ᠨᠠᠷᠢᠨ ᠬᠢᠨᠠᠮᠠᠭᠠᠶ ᠰᠣᠨᠣᠰᠴᠤ᠂ ᠪᠤᠭᠤᠲᠤ ᠬᠤᠲᠠ᠂ ᠵᠢᠤ ᠶᠤᠸᠠᠨ ᠲᠣᠭᠤᠷᠢᠭ ᠤᠨ ᠠᠵᠢᠯ ᠣᠯᠭᠤᠯᠲᠠ ᠶᠢᠨ ᠠᠵᠢᠯ ᠢ ᠭᠦᠢᠴᠡᠳ ᠨᠤᠲᠠᠯᠠᠪᠠ᠃ ᠲᠡᠷᠡ᠂ ᠡᠳᠡᠭᠡᠷ ᠦᠨᠡᠨ ᠪᠣᠳᠠᠲᠠᠢ ᠠᠷᠭ᠎ᠠ  ᠬᠡᠮᠵᠢᠶ᠎ᠡ ᠪᠣᠯᠤᠨ ᠢᠳᠡᠪᠬᠢᠲᠡᠢ ᠬᠤᠪᠢᠷᠠᠯᠲᠠ ᠨᠢ ᠶᠠᠭ《ᠨᠢᠭᠡ ᠬᠠᠤᠯᠢ ᠨᠢᠭᠡ ᠲᠦᠷᠢᠮ》 ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠠᠮᠢᠳᠤᠯᠢᠭ ᠢᠯᠡᠷᠡᠯ ᠪᠠᠶᠢᠵᠤ᠂ ᠠᠵᠢᠯ ᠣᠯᠭᠤᠯᠲᠠ ᠶᠢ ᠠᠬᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠲᠠᠯ᠎ᠠ ᠪᠠᠷ ᠬᠢ ᠲᠦᠷᠦ ᠶᠢᠨ ᠪᠤᠳᠤᠯᠭ᠎ᠠ ᠶᠢᠨ ᠴᠢᠬᠤᠯᠠ ᠦᠢᠯᠡᠳᠦᠯ ᠢ ᠢᠯᠡᠷᠡᠭᠦᠯᠪᠡ᠃    ᠲᠠᠷᠠᠭᠠᠴᠢ ᠪᠠᠷ᠂ ᠵᠢᠤ ᠶᠤᠸᠠᠨ ᠲᠣᠭᠤᠷᠢᠭ《ᠨᠢᠭᠡ ᠬᠠᠤᠯᠢ ᠨᠢᠭᠡ ᠲᠦᠷᠢᠮ》 ᠢ ᠲᠤᠤᠱᠯᠠᠭᠤᠯᠤᠨ ᠬᠡᠷᠡᠭᠵᠢᠭᠦᠯᠬᠦ ᠪᠠᠷ ᠭᠤᠤᠯᠳᠠᠯᠭ᠎ᠠ ᠪᠣᠯᠭᠠᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠᠨ ᠴᠢᠩᠭᠠᠳᠬᠠᠨ᠂ ᠠᠵᠢᠯ ᠣᠯᠭᠤᠯᠲᠠ ᠶᠢᠨ ᠦᠢᠯᠡᠴᠢᠯᠡᠭᠡ ᠶᠢ ᠳᠡᠭᠡᠭᠰᠢᠯᠡᠭᠦᠯᠵᠦ᠂ ᠴᠢᠨᠠᠷ ᠰᠠᠶᠢᠲᠠᠶ ᠭᠦᠢᠴᠡᠳ ᠠᠵᠢᠯ ᠣᠯᠭᠤᠯᠲᠠ ᠶᠢ ᠪᠡᠶᠡᠯᠡᠭᠦᠯᠬᠦ ᠳᠤ ᠤᠯᠠᠮ ᠶᠡᠭᠡ ᠠᠮᠵᠢᠯᠲᠠ ᠪᠦᠲᠦᠮᠵᠢ ᠭᠠᠷᠭᠠᠨ᠎ᠠ᠃ 
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号