ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠴᠢᠩᠭ᠎ᠠ ᠠᠳᠬᠤᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ《ᠠᠮᠤᠷ ᠲᠦᠪᠰᠢᠨ ᠤ ᠨᠡᠭᠡᠯᠡᠬᠡᠶ》 ᠶᠢ ᠤᠭᠰᠠᠷᠠᠨ᠎ᠠ
ᠨᠡᠶᠢᠲᠡᠯᠡᠭᠰᠡᠨ ᠴᠠᠭ᠄
2025/2/28
    ᠵᠢᠤ ᠶᠤᠸᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠭᠤᠤᠯᠳᠠᠭᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠤᠨ ᠲᠣᠭᠤᠷᠢᠨ ᠳᠤ᠂ ᠭᠤᠷᠪᠠᠨ ᠲᠠᠯ᠎ᠠ ᠪᠠᠷ ᠬᠦᠴᠦᠯᠡᠵᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠠᠵᠢᠯᠯᠠᠭ᠎ᠠ ᠶᠢ ᠡᠬᠢ ᠡᠭᠦᠰᠦᠯ ᠠᠴᠠ ᠨᠢ ᠲᠠᠰᠤᠷᠠᠯᠲᠠ ᠥᠬᠡᠶ ᠵᠢᠷᠤᠮᠵᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠳᠤ ᠪᠠᠲᠤᠯᠠᠭ᠎ᠠ ᠬᠠᠩᠭᠠᠬᠤ ᠪᠠᠷ ᠬᠦᠴᠦᠯᠡᠪᠡ᠃    ᠨᠢᠭᠡ᠂ ᠬᠢᠨᠠᠨ ᠬᠠᠷᠭᠤᠭᠤᠯᠬᠤ  ᠶᠠᠪᠦᠴᠠ ᠶᠢ ᠰᠢᠯᠢᠳᠡᠭᠵᠢᠭᠦᠯᠬᠦ ᠲᠠᠯ᠎ᠠ ᠪᠠᠷ ᠬᠦᠴᠦᠯᠡᠵᠦ᠂  ᠬᠢᠨᠠᠬᠤ ᠶᠤᠰᠤᠲᠠᠢ ᠶᠢ ᠨᠢ ᠪᠦᠬᠦᠨ ᠢ ᠬᠢᠨᠠᠬᠤ ᠶᠢ ᠪᠠᠲᠤᠯᠠᠨ᠎ᠠ《ᠵᠢᠤ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠠᠵᠢᠯ ᠤᠨ ᠲᠦᠷᠢᠮ (ᠲᠤᠷᠰᠢᠨ ᠬᠡᠷᠡᠭᠵᠢᠭᠦᠯᠬᠦ) 》 ᠢ ᠨᠡᠶᠢᠲᠡᠯᠡᠵᠦ᠂《 3+3》ᠠᠵᠢᠯ ᠤᠨ ᠬᠡᠯᠪᠡᠷᠢ ᠶᠢ ᠬᠡᠷᠡᠭᠯᠡᠨ᠂《ᠪᠢᠴᠢᠭ ᠮᠠᠲ᠋ᠧᠷᠢᠶᠠᠯ ᠶᠠᠪᠤᠭᠤᠯᠬᠤ ᠭᠤᠤᠯ ᠴᠣᠭᠴᠠ᠂ ᠲᠣᠭᠲᠠᠭᠠᠬᠤ ᠲᠠᠰ ᠳᠠᠷᠠᠭᠠᠯᠠᠯ᠂ ᠪᠢᠴᠢᠭ ᠮᠠᠲ᠋ᠧᠷᠢᠶᠠᠯ ᠤᠨ ᠠᠭᠤᠯᠭ᠎ᠠ》 ᠳᠤ ᠠᠩᠬᠠᠷᠤᠯ ᠢᠶᠠᠨ ᠲᠥᠪᠯᠡᠷᠡᠭᠦᠯᠵᠦ᠂《ᠬᠢᠨᠠᠭᠤᠯᠬᠤ ᠪᠠᠷ ᠬᠦᠷᠭᠡᠬᠦ ᠮᠠᠲ᠋ᠧᠷᠢᠶᠠᠯ᠂  ᠳᠤᠭᠲᠠᠭᠠᠭᠰᠠᠨ ᠦᠨᠳᠦᠰᠦ ᠪᠠᠷᠢᠮᠲᠠ᠂ ᠬᠢᠨᠠᠨ ᠪᠠᠶᠢᠴᠠᠭᠠᠬᠤ ᠪᠠᠷᠢᠮᠵᠢᠶ᠎ᠠ》 ᠶᠢ ᠪᠣᠳᠠᠲᠠᠶ ᠠᠳᠬᠤᠵᠤ᠂《ᠬᠠᠤᠯᠢ ᠶᠣᠰᠣᠴᠢ ᠴᠢᠨᠠᠷ》 ᠢᠶᠠᠷ ᠬᠢᠨᠠᠨ ᠪᠠᠶᠢᠴᠠᠭᠠᠬᠤ ᠭᠤᠤᠯ ᠱᠤᠭᠤᠮ ᠪᠣᠯᠭᠠᠵᠤ᠂ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠶᠢ ᠬᠠᠷᠢᠯᠴᠠᠨ ᠨᠢᠭᠡᠳᠦᠭᠦᠯᠬᠦ ᠶᠢ ᠴᠢᠬᠤᠯᠠᠴᠢᠯᠠᠪᠠ᠃《ᠠᠭᠤᠯᠭ᠎ᠠ ᠶᠢᠨ ᠳᠤᠲᠠᠭᠳᠠᠯ ᠢ ᠨᠢ ᠬᠢᠨᠠᠨ ᠪᠠᠶᠢᠴᠠᠭᠠᠬᠤ》᠂  ᠨᠢᠭᠤᠷᠲᠠᠨ ᠬᠢᠨᠠᠨ ᠪᠠᠶᠢᠴᠠᠭᠠᠬᠤ᠂ ᠪᠠᠴᠢᠮ ᠬᠢᠨᠠᠨ ᠪᠠᠶᠢᠴᠠᠭᠠᠬᠤ ᠠᠵᠢᠯ ᠤᠨ ᠬᠡᠯᠪᠡᠷᠢ ᠳᠤ ᠰᠢᠨ᠎ᠡ ᠶᠢ ᠡᠭᠦᠳᠦᠨ᠎ᠡ᠃ ᠴᠢᠬᠤᠯᠠ ᠶᠡᠭᠡ ᠪᠠᠴᠢᠮ ᠰᠢᠢᠳᠪᠦᠷᠢᠲᠦ ᠪᠣᠳᠣᠯᠭ᠎ᠠ ᠶᠢᠨ  ᠵᠦᠢᠯᠡᠰ ᠲᠤ᠂ ᠰᠢᠢᠳᠪᠦᠷᠢᠲᠦ ᠪᠣᠳᠣᠯᠭ᠎ᠠ ᠶᠢ ᠳᠠᠭᠠᠭᠠᠨ ᠭᠦᠢᠴᠡᠳᠬᠡᠬᠦ ᠨᠢᠭᠡᠴᠡ ᠶᠢᠨ ᠮᠠᠲ᠋ᠧᠷᠢᠶᠠᠯ ᠨᠥᠬᠦᠪᠥᠷᠢᠯᠡᠬᠦ ᠶᠢᠨ ᠬᠠᠮᠲᠤ《ᠠᠭᠤᠯᠭ᠎ᠠ ᠶᠢᠨ ᠳᠤᠲᠠᠭᠳᠠᠯ ᠢ ᠨᠢ ᠬᠢᠨᠠᠨ ᠪᠠᠶᠢᠴᠠᠭᠠᠯᠲᠠ》ᠬᠢᠬᠦ ᠶᠢ ᠵᠥᠪᠰᠢᠶᠡᠷᠡᠨ᠎ᠡ︔ ᠣᠨᠴᠠᠭᠠᠶ ᠤᠴᠢᠷ ᠶᠠᠪᠤᠳᠠᠯ ᠳᠤ᠂ ᠳᠠᠭᠠᠭᠠᠨ ᠭᠦᠢᠴᠡᠳᠬᠡᠬᠦ ᠨᠢᠭᠡᠴᠡ ᠨᠢᠭᠤᠷᠲᠠᠨ ᠨᠡᠪᠲᠡᠷᠡᠯᠴᠡᠵᠦ ᠪᠠᠶᠢᠭᠠᠳ ᠬᠢᠨᠠᠨ ᠪᠠᠶᠢᠴᠠᠭᠠᠬᠤ ᠶᠢ ᠬᠡᠷᠡᠭᠵᠢᠭᠦᠯᠦᠨ᠎ᠡ︔ ᠪᠠᠴᠢᠮ ᠵᠦᠢᠯᠡᠰ ᠲᠤ᠂ ᠠᠵᠢᠯ ᠠᠴᠠ ᠪᠠᠭᠤᠭᠰᠠᠨ ᠤ ᠳᠠᠷᠠᠭ᠎ᠠ ᠵᠢᠴᠢ ᠪᠠᠶᠠᠷ ᠳᠤᠷᠠᠰᠬᠠᠯ ᠠᠮᠠᠷᠠᠯᠲᠠ ᠶᠢᠨ ᠴᠠᠭ ᠢ ᠠᠰᠢᠭᠯᠠᠨ ᠬᠢᠨᠠᠨ ᠪᠠᠶᠢᠴᠠᠭᠠᠯᠲᠠ ᠥᠷᠨᠢᠭᠦᠯᠵᠦ᠂ ᠪᠠᠴᠢᠮ ᠵᠦᠢᠯᠡᠰ ᠤᠨ ᠴᠢᠬᠤᠯᠠ ᠨᠥᠬᠦᠴᠡᠯ ᠢ ᠲᠣᠭᠲᠠᠭᠰᠠᠨ ᠴᠠᠭ ᠬᠢᠵᠠᠭᠠᠷ ᠤᠨ ᠳᠣᠲᠣᠷ᠎ᠠ ᠴᠢᠨᠠᠷ ᠰᠠᠶᠢᠲᠠᠶ ᠦᠷ᠎ᠡ ᠪᠦᠲᠦᠮᠵᠢ ᠲᠠᠢ ᠪᠠᠷ ᠬᠢᠨᠠᠨ ᠳᠠᠭᠤᠰᠬᠠᠬᠤ ᠶᠢ ᠦᠨᠡᠨᠬᠦ ᠪᠠᠲᠤᠯᠠᠨ᠎ᠠ᠃    ᠬᠤᠶᠠᠷ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠪᠦᠯᠬᠦᠮ ᠨᠡᠶᠢᠲᠡ ᠶᠢ ᠨᠢᠭᠲᠠᠷᠠᠭᠤᠯᠬᠤ ᠲᠠᠯ᠎ᠠ ᠪᠠᠷ ᠬᠦᠴᠦᠯᠡᠵᠦ᠂ ᠬᠢᠨᠠᠨ ᠪᠠᠶᠢᠴᠠᠭᠠᠬᠤ ᠶᠠᠰᠤ ᠴᠢᠨᠠᠷ ᠢ ᠳᠡᠭᠡᠭᠰᠢᠯᠡᠭᠦᠯᠦᠨ᠎ᠡ    ᠬᠠᠤᠯᠢ ᠴᠠᠭᠠᠵᠠ ᠶᠢᠨ ᠵᠥᠪᠯᠡᠭᠴᠢ᠂ ᠬᠠᠤᠯᠢ ᠴᠠᠭᠠᠵᠠ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠬᠦᠴᠦᠨ ᠢ ᠨᠢᠭᠲᠠᠷᠠᠭᠤᠯᠵᠤ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠤᠨ ᠬᠦᠴᠦᠨ ᠬᠦᠷᠦᠯᠴᠡᠬᠦ ᠥᠬᠡᠶ᠂ ᠴᠢᠳᠠᠪᠤᠷᠢ ᠬᠦᠷᠦᠯᠴᠡᠬᠦ ᠥᠬᠡᠶ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ ᠰᠠᠯᠠᠭ᠎ᠠ ᠮᠥᠴᠢᠷ᠂ ᠵᠡᠭᠡᠯᠢ ᠪᠠᠯᠭᠠᠰᠤᠨ ᠤ ᠪᠢᠴᠢᠭ ᠮᠠᠲ᠋ᠧᠷᠢᠶᠠᠯ (ᠰᠢᠢᠳᠪᠦᠷᠢᠲᠦ ᠪᠣᠳᠣᠯᠭ᠎ᠠ ᠲᠣᠭᠲᠠᠭᠠᠬᠤ) ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠶᠠᠪᠤᠴᠠ ᠳᠤ᠂ ᠰᠠᠯᠠᠭ᠎ᠠ ᠮᠥᠴᠢᠷ᠂ ᠵᠡᠭᠡᠯᠢ ᠪᠠᠯᠭᠠᠰᠤᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠬᠠᠤᠯᠢ ᠴᠠᠭᠠᠵᠠ ᠶᠢᠨ ᠵᠥᠪᠯᠡᠭᠴᠢ ᠶᠢᠨ ᠪᠥᠬᠦ ᠲᠠᠯ᠎ᠠ ᠪᠠᠷ ᠣᠷᠣᠯᠴᠠᠬᠤ ᠶᠢ ᠠᠬᠢᠭᠤᠯᠤᠨ᠂《ᠣᠯᠠᠨ ᠡᠰᠢᠴᠢᠯᠡᠭᠰᠡᠨ》ᠬᠢᠨᠠᠨ ᠪᠠᠶᠢᠴᠠᠭᠠᠬᠤ ᠡᠩᠨᠡᠭᠡ ᠶᠢᠨ ᠰᠢᠰᠲ᠋ᠧᠮ  ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠤᠰᠬᠠᠶ ᠠᠵᠢᠯᠲᠠᠨ ᠪᠠ ᠥᠨᠳᠥᠷ ᠬᠢᠷᠢ ᠲᠦᠪᠰᠢᠨ ᠪᠥᠬᠦᠶ ᠬᠠᠤᠯᠢ ᠴᠠᠭᠠᠵᠠ ᠶᠢᠨ ᠠᠵᠢᠯᠲᠠᠨ ᠤ ᠳᠣᠲᠣᠷ᠎ᠠ ᠭᠠᠳᠠᠨ᠎ᠠ ᠬᠤᠯᠪᠣᠭᠠᠯᠠᠨ ᠬᠥᠳᠡᠯᠦᠯᠴᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠤᠨ ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ᠃    ᠭᠤᠷᠪᠠ᠂ AI ᠬᠢᠨᠠᠨ ᠪᠠᠶᠢᠴᠠᠭᠠᠬᠤ  ᠲᠠᠯ᠎ᠠ ᠪᠠᠷ ᠬᠦᠴᠦᠯᠡᠵᠦ᠂ ᠬᠠᠤᠯᠢ ᠪᠠᠷ ᠵᠠᠰᠠᠬᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ    ᠲᠣᠭᠠᠴᠢᠯᠠᠭᠰᠠᠨ ᠤᠷᠤᠰᠬᠠᠯ ᠳᠣᠣᠷ᠎ᠠ᠂ ᠵᠢᠤ ᠶᠤᠸᠠᠨ ᠲᠣᠭᠤᠷᠢᠭ ᠤᠨ ᠬᠠᠤᠯᠢ ᠴᠠᠭᠠᠵᠠ ᠶᠢᠨ ᠲᠤᠪᠴᠢᠶ᠎ᠠ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠤᠨ ᠰᠢᠨ᠎ᠡ ᠶᠢ ᠡᠭᠦᠳᠬᠦ ᠬᠤᠪᠢᠰᠤᠯᠲᠠ ᠶᠢ ᠢᠳᠡᠪᠬᠢᠲᠡᠢ ᠰᠦᠪᠡᠭᠴᠢᠯᠡᠪᠡ᠃ ᠨᠢᠭᠡ ᠲᠠᠯ᠎ᠠ ᠪᠠᠷ᠂《ᠲᠤᠰᠬᠠᠶ ᠬᠠᠤᠯᠢᠴᠢ + ᠠᠵᠢᠯᠲᠠᠨ》 ᠤ ᠬᠢᠨᠠᠨ ᠪᠠᠶᠢᠴᠠᠭᠠᠬᠤ ᠬᠡᠯᠪᠡᠷᠢ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠥᠭᠦᠭᠡ ᠲᠠᠯ᠎ᠠ ᠪᠠᠷ᠂ AI ᠬᠢᠨᠠᠨ ᠪᠠᠶᠢᠴᠠᠭᠠᠬᠤ  ᠮᠡᠷᠭᠡᠵᠢᠯ ᠢ ᠢᠳᠡᠪᠬᠢᠲᠡᠶ ᠣᠷᠣᠭᠤᠯᠤᠨ ᠠᠪᠴᠢᠷᠠᠵᠤ᠂ ᠵᠣᠬᠢᠶᠠᠮᠠᠯ  ᠤᠶᠤᠨ ᠴᠢᠳᠠᠪᠦᠷᠢ ᠶᠢᠨ ᠥᠨᠳᠥᠷ ᠪᠦᠲᠦᠮᠵᠢᠲᠡᠶ᠂ ᠨᠠᠷᠢᠨ ᠣᠨᠣᠪᠴᠢᠲᠠᠶ ᠥᠪᠡᠷᠮᠢᠴᠡ ᠴᠢᠨᠠᠷ ᠢ ᠠᠰᠢᠭᠯᠠᠨ᠂ ᠶᠡᠭᠡ ᠬᠡᠮᠵᠢᠶᠡᠨ ᠤ ᠬᠠᠤᠯᠢ ᠲᠣᠭᠲᠠᠭᠠᠯ ᠤᠨ ᠲᠤᠭ᠎ᠠ ᠪᠠᠷᠢᠮᠲᠠ ᠳᠤ ᠲᠦᠷᠭᠡᠨ ᠬᠠᠷᠢᠴᠠᠭᠤᠯᠤᠯ ᠪᠠ ᠣᠶᠤᠨᠴᠢ ᠵᠠᠳᠠᠯᠤᠯᠲᠠ ᠬᠢᠵᠦ᠂ ᠳᠠᠯᠳᠠ ᠬᠠᠤᠯᠢ ᠴᠠᠭᠠᠵᠠ ᠶᠢᠨ ᠲᠦᠭᠰᠢᠭᠦᠷᠢ ᠶᠢᠨ ᠴᠡᠭ ᠢ ᠭᠦᠨᠵᠡᠭᠡᠶ ᠠᠭᠤᠳᠠᠯᠤᠨ᠎ᠠ᠃ ᠲᠤᠰᠬᠠᠶ ᠮᠡᠷᠭᠡᠵᠢᠯ ᠤᠨ ᠬᠥᠮᠦᠨ ᠤ ᠬᠦᠴᠦᠨ ᠤ ᠬᠢᠨᠠᠨ ᠪᠠᠶᠢᠴᠠᠭᠠᠯᠲᠠ ᠪᠣᠯᠤᠨ AI ᠣᠶᠤᠨᠴᠢ ᠬᠢᠨᠠᠨ ᠪᠠᠶᠢᠴᠠᠭᠠᠯᠲᠠ ᠶᠢ ᠣᠷᠭᠠᠨᠢᠭ ᠢᠶᠠᠷ ᠠᠭᠤᠰᠤᠯᠴᠠᠭᠤᠯᠬᠤ ᠪᠠᠷ ᠳᠠᠮᠵᠢᠭᠤᠯᠤᠨ᠂ ᠪᠥᠬᠦ ᠲᠠᠯ᠎ᠠ ᠶᠢᠨ᠂ ᠣᠯᠠᠨ ᠲᠠᠰ ᠳᠠᠪᠬᠤᠷᠭ᠎ᠠ ᠶᠢᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠰᠢᠰᠲ᠋ᠧᠮ ᠢ ᠪᠠᠶᠢᠭᠤᠯᠵᠤ᠂ ᠬᠢᠨᠠᠨ ᠪᠠᠶᠢᠴᠠᠭᠠᠬᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠨ᠎ᠡ᠃    ᠲᠠᠷᠠᠭᠠᠴᠢ ᠪᠠᠷ᠂  ᠵᠢᠤ ᠶᠤᠸᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ《ᠬᠠᠤᠯᠢ ᠪᠠᠷ ᠵᠠᠰᠠᠬᠤ  ᠪᠣᠯ ᠬᠠᠮᠤᠭ ᠤᠨ ᠰᠠᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ》ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂《ᠥᠨᠳᠥᠷ ᠪᠠᠷᠢᠮᠵᠢᠶ᠎ᠠ ᠲᠠᠢ᠂ ᠴᠢᠩᠭ᠎ᠠ ᠡᠵᠡᠮᠳᠡᠵᠦ᠂ ᠦᠢᠯᠡᠴᠢᠯᠡᠭᠡ ᠪᠠᠨ ᠰᠢᠯᠢᠳᠡᠭᠵᠢᠭᠦᠯᠬᠦ》 ᠪᠠᠷ ᠵᠠᠩᠭᠢᠯᠠᠭ᠎ᠠ ᠶᠢᠨ ᠬᠦᠴᠦᠯᠡᠬᠦ ᠴᠡᠭ ᠪᠣᠯᠭᠠᠵᠤ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ ᠭᠦᠨᠵᠡᠭᠡᠶ ᠪᠥᠭᠡᠳ ᠨᠠᠷᠢᠯᠢᠭ ᠬᠢᠵᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠥᠬᠦ ᠲᠠᠯ᠎ᠠ ᠪᠠᠷ ᠬᠦᠴᠦ ᠨᠡᠮᠡᠷᠢᠯᠡᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号