ᠪᠥᠬᠦ ᠲᠤᠭᠤᠷᠢᠭ ᠤᠨ ᠲᠤᠰᠬᠠᠶ ᠵᠢᠭᠡᠯᠡᠯᠭᠡ ᠶᠢᠨ ᠲᠡᠮᠳᠡᠭᠲᠦ ᠶᠢ ᠭᠤᠶᠤᠴᠢᠯᠠᠨ ᠮᠡᠳᠡᠭᠦᠯᠬᠦ ᠶᠢᠨ ᠠᠮᠵᠢᠯᠲᠠ | ᠤᠯᠬᠤ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠥᠷᠥᠯ ᠵᠦᠢᠯ ᠢ ᠲᠥᠯᠥᠪᠵᠢᠭᠦᠯᠬᠦ ᠵᠢᠴᠢ ᠪᠠᠯᠠ | ᠮᠥᠩᠭᠦ ᠶᠢ ᠥᠨᠳᠥᠷ ᠪᠦᠲᠦᠮᠵᠢᠲᠡᠶ ᠬᠡᠷᠡᠭᠯᠡᠬᠦ ᠶᠢ ᠠᠬᠢᠭᠤᠯᠬᠤ ᠶᠢᠨ ᠲᠥᠯᠥᠭᠡ᠂ 2 ᠰᠠᠷ᠎ᠠ ᠶᠢᠨ 26 ᠤ ᠡᠳᠦᠷ ᠤᠨ | ᠦᠳᠡ ᠶᠢᠨ ᠡᠮᠦᠨ᠎ᠡ᠂ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠲᠤᠰᠬᠠᠶ ᠵᠢᠭᠡᠯᠡᠯᠭᠡ ᠶᠢᠨ ᠲᠡᠮᠳᠡᠭᠲᠦ ᠶᠢ | ᠭᠤᠶᠤᠴᠢᠯᠠᠨ ᠮᠡᠳᠡᠭᠦᠯᠬᠦ ᠲᠤᠰᠬᠠᠶ ᠰᠡᠳᠦᠪᠲᠦ ᠪᠣᠯᠪᠠᠰᠤᠷᠠᠭᠤᠯᠤᠯ ᠢ ᠨᠠᠷᠢᠨ ᠨᠢᠮᠪᠠᠶ ᠵᠣᠬᠢᠶᠠᠨ ᠪᠠᠶᠢᠭᠤᠯᠤᠨ | ᠥᠷᠨᠢᠭᠦᠯᠵᠦ᠂ ᠲᠤᠭᠤᠷᠢᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠨᠢᠭᠡᠴᠡ ᠶᠢᠨ ᠲᠤᠬᠠᠶᠢᠯᠠᠭᠰᠠᠨ ᠠᠵᠢᠯ ᠤᠨ | ᠭᠤᠤᠯᠯᠠᠭᠴᠢ 40 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠪᠠ᠃ | | | | ᠲᠣᠰ ᠤᠳᠠᠭᠠᠨ ᠤ ᠪᠣᠯᠪᠠᠰᠤᠷᠠᠭᠤᠯᠤᠯ ᠨᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠪᠣᠳᠠᠲᠠᠶ ᠠᠵᠢᠯᠯᠠᠭ᠎ᠠ | ᠵᠢᠴᠢ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠭᠤᠷᠪᠠᠨ ᠶᠡᠭᠡ ᠭᠤᠤᠯ ᠬᠡᠰᠡᠭ ᠢ ᠴᠢᠩᠭ᠎ᠠ ᠡᠵᠡᠮᠳᠡᠪᠡ᠃ | ᠪᠣᠯᠪᠠᠰᠤᠷᠠᠭᠤᠯᠤᠯ ᠤᠨ ᠳᠤᠮᠳᠠ᠂ ᠭᠤᠤᠯ ᠲᠠᠶᠢᠯᠪᠤᠷᠢᠯᠠᠭᠴᠢ ᠪᠠᠭᠰᠢ 2025 ᠣᠨ ᠤ ᠬᠠᠮᠤᠭ ᠤᠨ ᠰᠢᠨ᠎ᠡ | ᠲᠥᠷᠥ ᠶᠢᠨ ᠪᠣᠳᠣᠯᠭ᠎ᠠ ᠶᠢᠨ ᠬᠠᠨᠳᠤᠰᠢ ᠲᠠᠢ ᠤᠶᠠᠯᠳᠤᠭᠤᠯᠤᠨ᠂ ᠲᠤᠰᠬᠠᠶ ᠵᠢᠭᠡᠯᠡᠯᠭᠡ ᠶᠢᠨ ᠲᠡᠮᠳᠡᠭᠲᠦ ᠶᠢᠨ | ᠲᠥᠷᠥ ᠶᠢᠨ ᠪᠣᠳᠣᠯᠭ᠎ᠠ ᠶᠢᠨ ᠠᠬᠤᠶ ᠪᠠᠶᠢᠳᠠᠯ᠂ ᠲᠠᠷᠬᠠᠭᠠᠬᠤ ᠶᠠᠪᠤᠴᠠ᠂ ᠪᠠᠯᠠ ᠮᠥᠩᠭᠦ ᠬᠡᠷᠡᠭᠯᠡᠬᠦ ᠱᠠᠭᠠᠷᠳᠠᠯᠭ᠎ᠠ | ᠵᠢᠴᠢ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠡᠷᠭᠡ ᠶᠢᠨ ᠲᠣᠭᠤᠷᠢᠨ ᠳᠤ᠂ ᠲᠤᠰᠬᠠᠶ ᠵᠢᠭᠡᠯᠡᠯᠭᠡ ᠶᠢᠨ ᠬᠡᠷᠡᠭᠯᠡᠬᠦ | ᠬᠡᠪᠴᠢᠶ᠎ᠡ᠂ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠪᠠ ᠬᠢᠨᠠᠨ ᠵᠥᠪᠰᠢᠶᠡᠷᠡᠬᠦ ᠶᠠᠪᠤᠴᠠ᠂ ᠪᠠᠯᠠ ᠮᠥᠩᠭᠦ ᠶᠢᠨ | ᠬᠡᠷᠡᠭᠯᠡᠯᠲᠡ ᠶᠢ ᠬᠢᠨᠠᠨ ᠬᠠᠮᠢᠶᠠᠷᠬᠤ ᠲᠣᠭᠲᠠᠴᠠ ᠵᠢᠴᠢ ᠲᠦᠭᠰᠢᠭᠦᠷᠢ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢ | ᠰᠢᠰᠲ᠋ᠧᠮ ᠲᠠᠢ ᠲᠠᠶᠢᠯᠪᠤᠷᠢᠯᠠᠬᠤ ᠶᠢᠨ ᠬᠠᠮᠲᠤ᠂ ᠪᠣᠳᠠᠲᠠᠶ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠭᠦᠨᠵᠡᠭᠡᠶ | ᠪᠥᠭᠡᠳ ᠣᠶᠢᠯᠠᠭᠠᠮᠵᠢᠲᠠᠶ ᠪᠠᠷ ᠵᠠᠳᠠᠯᠤᠯᠲᠠ ᠬᠢᠵᠦ᠂ ᠲᠤᠬᠠᠶ ᠶᠢᠨ ᠲᠠᠯᠠᠪᠠᠶ ᠳᠤ ᠪᠠᠰᠠ ᠡᠯ᠎ᠡ ᠨᠢᠭᠡᠴᠡ ᠶᠢᠨ | ᠳᠤᠷᠠᠳᠤᠭᠰᠠᠨ ᠠᠰᠠᠭᠤᠳᠠᠯ ᠳᠤ ᠬᠠᠷᠢᠭᠤᠯᠲᠠ ᠥᠭᠴᠦ᠂ ᠡᠯ᠎ᠡ ᠬᠠᠮᠢᠶ᠎ᠠ ᠪᠥᠬᠦᠶ ᠨᠢᠭᠡᠴᠡ ᠶᠢ ᠬᠠᠪᠰᠤᠷᠤᠨ ᠲᠤᠰᠬᠠᠶ | ᠵᠦᠢᠯ ᠤᠨ ᠵᠢᠭᠡᠯᠡᠯᠭᠡ ᠶᠢᠨ ᠪᠠᠯᠠ ᠲᠣᠬᠢᠷᠠᠭᠤᠯᠭ᠎ᠠ ᠶᠢ ᠭᠤᠶᠤᠴᠢᠯᠠᠨ ᠮᠡᠳᠡᠭᠦᠯᠬᠦ ᠴᠢᠳᠠᠪᠤᠷᠢ ᠶᠢ ᠨᠢ ᠳᠡᠭᠡᠭᠰᠢᠯᠡᠭᠦᠯᠪᠡ᠃ | ᠲᠤᠰ ᠤᠳᠠᠭᠠᠨ ᠤ ᠪᠣᠯᠪᠠᠰᠤᠷᠠᠭᠤᠯᠤᠯ ᠨᠢ ᠬᠤᠷᠠᠯ ᠳᠤ ᠣᠷᠣᠯᠴᠠᠭᠰᠠᠳ ᠲᠤ ᠰᠤᠷᠤᠯᠴᠠᠯᠭ᠎ᠠ ᠰᠣᠯᠢᠯᠴᠠᠭᠠᠨ ᠤ | ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ᠂ ᠵᠢᠤ ᠶᠤᠸᠠᠨ ᠲᠣᠭᠤᠷᠢᠭ ᠤᠨ ᠲᠤᠰᠬᠠᠢ ᠵᠢᠭᠡᠯᠡᠯᠭᠡ ᠶᠢᠨ | ᠲᠡᠮᠳᠡᠭᠲᠦ ᠶᠢᠨ ᠠᠵᠢᠯ ᠤᠨ ᠤᠷᠤᠭᠰᠢᠲᠠᠢ ᠶᠠᠪᠤᠭᠳᠠᠬᠤ ᠳᠤ ᠪᠠᠲᠤ ᠰᠠᠭᠤᠷᠢ ᠲᠠᠯᠪᠢᠵᠤ ᠥᠭᠴᠡᠢ᠃ ᠢᠷᠡᠭᠡᠳᠦᠶ ᠳᠤ᠂ | ᠵᠢᠤ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠲᠥᠷᠥ ᠶᠢᠨ ᠪᠣᠳᠣᠯᠭ᠎ᠠ ᠶᠢᠨ ᠬᠥᠳᠡᠯᠦᠯ ᠪᠠᠶᠢᠳᠠᠯ ᠢ | ᠦᠷᠭᠦᠯᠵᠢᠯᠡᠨ ᠠᠩᠬᠠᠷᠴᠤ᠂ ᠠᠵᠢᠯ ᠤᠨ ᠶᠠᠪᠤᠴᠠ ᠢᠶᠠᠨ ᠲᠠᠰᠤᠷᠠᠯᠲᠠ ᠥᠬᠡᠶ ᠰᠢᠯᠢᠳᠡᠭᠵᠢᠭᠦᠯᠦᠨ᠂ ᠤᠯᠠᠮ ᠣᠯᠠᠨ | ᠴᠢᠨᠠᠷ ᠰᠠᠶᠢᠲᠠᠶ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ᠬᠦᠴᠦ ᠨᠡᠮᠡᠷᠢᠯᠡᠵᠦ᠂ ᠪᠥᠬᠦ ᠲᠣᠭᠤᠷᠢᠭ ᠤᠨ ᠠᠵᠤ | ᠠᠬᠤᠶ ᠨᠡᠶᠢᠭᠡᠮ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦ ᠨᠡᠮᠡᠷᠢᠯᠡᠬᠦ ᠪᠣᠯᠤᠨ᠎ᠠ᠃ | | | | |