ᠤᠨᠤᠪᠴᠢᠲᠠᠢ ᠵᠣᠯᠭᠠᠭᠤᠯᠵᠤ ᠡᠨᠧᠷᠭᠢ ᠣᠯᠭᠤᠨ ᠬᠥᠭᠵᠢᠭᠦᠯᠦᠨ᠎ᠡ
ᠨᠡᠶᠢᠲᠡᠯᠡᠭᠰᠡᠨ ᠴᠠᠭ᠄
2025/2/28
    2 ᠰᠠᠷ᠎ᠠ ᠶᠢᠨ 24  ᠤ ᠡᠳᠦᠷ ᠬᠤᠷᠠᠯᠳᠤᠭᠰᠠᠨ ᠵᠢᠤ ᠶᠤᠸᠠᠨ ᠲᠣᠭᠤᠷᠢᠭ ᠤᠨ《ᠲᠠᠷᠢᠶᠠᠯᠠᠩ ᠢ ᠳᠡᠮᠵᠢᠵᠦ ᠠᠵᠤ ᠠᠬᠤᠶᠢᠯᠠᠯ ᠢ ᠳᠡᠮᠵᠢᠵᠦ ᠠᠷᠠᠳ ᠲᠤ ᠠᠰᠢᠭ ᠬᠦᠷᠲᠡᠭᠡᠬᠦ》ᠵᠠᠰᠠᠭ ᠪᠠᠩᠬᠢ ᠠᠵᠤ ᠠᠬᠤᠶᠢᠯᠠᠯ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠢᠳᠡᠪᠬᠢᠲᠡᠶ ᠴᠤᠤᠷᠢᠶᠠᠲᠤᠨ ᠦᠳᠲᠡᠷ ᠲᠦᠷᠭᠡᠨ ᠨᠠᠶᠢᠳᠠᠪᠤᠷᠢᠵᠢᠭᠤᠯᠬᠤ ᠶᠢᠨ ᠲᠤᠰᠠᠳᠠ᠂  ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠴᠢᠯᠡᠭᠡᠨ ᠤ ᠲᠥᠪ ᠨᠢ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠢᠳᠡᠪᠬᠢᠲᠡᠶ ᠬᠥᠳᠡᠯᠦᠯᠴᠡᠵᠦ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠳᠤ ᠬᠦᠴᠦ ᠨᠡᠮᠡᠷᠢᠯᠡᠪᠡ᠃
111.jpg 
   ᠨᠢᠭᠡ᠂ ᠣᠨᠣᠪᠴᠢᠲᠠᠶ ᠪᠠᠷ ᠬᠦᠴᠦᠯᠡᠵᠦ᠂ ᠮᠥᠩᠭᠦᠨ ᠭᠦᠢᠯᠭᠡᠭᠡᠨ ᠤ ᠵᠢᠭᠡᠯᠡᠯᠭᠡ ᠶᠢ ᠥᠨᠳᠥᠷ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠦᠨ᠎ᠡ    ᠬᠤᠷᠠᠯ ᠤᠨ ᠳᠠᠷᠠᠭ᠎ᠠ᠂ ᠲᠥᠪ ᠨᠢ ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠵᠢᠦ ᠶᠤᠸᠠᠨ ᠰᠠᠯᠪᠤᠷᠢ ᠪᠠᠩᠬᠢ ᠲᠠᠢ ᠨᠢᠭᠲᠠ ᠬᠠᠮᠲᠤᠷᠠᠯᠴᠠᠭ᠎ᠠ ᠥᠷᠨᠢᠭᠦᠯᠵᠦ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠳᠤ ᠨᠠᠷᠢᠯᠢᠭ ᠠᠩᠬᠠᠷᠤᠯ ᠢᠶᠠᠨ ᠲᠥᠪᠯᠡᠷᠡᠭᠦᠯᠪᠡ᠃ 2 ᠰᠠᠷ᠎ᠠ ᠶᠢᠨ 24  ᠤ ᠦᠳᠡ ᠶᠢᠨ ᠬᠤᠶᠢᠨ᠎ᠠ᠂ ᠱᠧᠩ ᠭᠤᠤ ᠸᠠᠩ ᠮᠠᠯ ᠠᠵᠤ ᠠᠬᠤᠢ ᠳᠤ 300 ᠲᠦᠮᠡᠨ ᠲᠥᠭᠦᠷᠢᠭ ᠤᠨ ᠮᠥᠩᠭᠦᠨ ᠭᠦᠢᠯᠭᠡᠭᠡᠨ ᠤ ᠵᠢᠭᠡᠯᠡᠯᠭᠡ ᠣᠯᠵᠤ ᠥᠭᠪᠡ᠃ ᠳᠠᠷᠠᠭ᠎ᠠ ᠨᠢ᠂ ᠪᠤᠭᠤᠲᠤ ᠬᠤᠲᠠ ᠶᠢᠨ ᠶᠤᠸᠠᠨ ᠱᠧᠩ ᠶᠤᠸᠠᠨ ᠳᠠᠷᠢᠵᠤ ᠲᠡᠵᠢᠭᠡᠨ ᠦᠷᠡᠵᠢᠭᠦᠯᠬᠦ ᠲᠠᠷᠢᠶᠠᠴᠢᠳ ᠤᠨ ᠲᠤᠰᠬᠠᠶ ᠬᠤᠷᠰᠢᠶ᠎ᠠ᠂ ᠪᠤᠭᠤᠲᠤ ᠬᠤᠲᠠ ᠶᠢᠨ ᠸᠠᠩ ᠹᠦ᠋ ᠶᠤᠸᠠᠨ ᠲᠠᠷᠢᠶᠠᠯᠠᠩ ᠤᠨ ᠮᠠᠰᠢᠨ ᠤ ᠲᠤᠰᠬᠠᠶ ᠬᠤᠷᠰᠢᠶ᠎ᠠ᠂ ᠪᠤᠭᠤᠲᠤ ᠬᠤᠲᠠ ᠶᠢᠨ ᠦ᠋ ᠰᠧ ᠲᠠᠷᠢᠶᠠᠯᠠᠩ ᠤᠨ ᠮᠠᠰᠢᠨ ᠤ ᠲᠤᠰᠬᠠᠶ ᠬᠤᠷᠰᠢᠶ᠎ᠠ᠂ ᠪᠤᠭᠤᠲᠤ ᠬᠤᠲᠠ ᠶᠢᠨ ᠲᠦᠩ ᠵᠥᠩ ᠬᠥᠩ ᠶᠢᠩ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠲᠠᠷᠢᠶᠠᠴᠢᠳ ᠤᠨ ᠲᠤᠰᠬᠠᠶ ᠬᠤᠷᠰᠢᠶ᠎ᠠ᠂ ᠪᠤᠭᠤᠲᠤ ᠬᠤᠲᠠ ᠶᠢᠨ ᠳ᠋ᠠ ᠹᠠᠩ ᠲᠡᠵᠢᠭᠡᠯ ᠪᠣᠷᠳᠣᠭᠠᠨ ᠤ ᠬᠢᠵᠠᠭᠠᠷᠲᠤ ᠺᠣᠮᠫᠠᠨᠢ ᠵᠡᠷᠭᠡ ᠬᠤᠷᠰᠢᠶ᠎ᠠ᠂ ᠠᠵᠤ ᠠᠬᠤᠶᠢᠯᠠᠯ ᠲᠠᠢ ᠵᠣᠯᠭᠠᠭᠤᠯᠵᠤ᠂ ᠮᠥᠩᠭᠦᠨ ᠭᠦᠢᠯᠭᠡᠭᠡᠨ ᠤ ᠵᠢᠭᠡᠯᠡᠯᠭᠡ ᠮᠢᠩᠭ᠎ᠠ ᠭᠠᠷᠤᠶ ᠲᠦᠮᠡᠨ ᠲᠥᠭᠦᠷᠢᠭ ᠲᠠᠯᠪᠢᠬᠤ ᠪᠠᠷ ᠵᠢᠱᠢᠵᠦ ᠪᠣᠶ᠃ ᠡᠨᠡ ᠪᠦᠯᠦᠭ ᠪᠠᠯᠠ ᠮᠥᠩᠭᠦ ᠨᠢ ᠶᠠᠭ ᠨᠢᠭᠡ ᠤᠳᠠᠭᠠᠨ ᠤ《ᠴᠠᠭ ᠤᠨ ᠬᠤᠷ᠎ᠠ》ᠮᠡᠲᠦ ᠪᠠᠶᠢᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ᠂ ᠬᠤᠷᠰᠢᠶ᠎ᠠ ᠶᠢᠨ ᠣᠳᠣᠬᠠᠨ ᠳᠤ ᠲᠤᠯᠭᠠᠷᠠᠵᠤ ᠪᠠᠶᠢᠭ᠎ᠠ ᠪᠠᠯᠠ ᠮᠥᠩᠭᠦ ᠶᠢᠨ ᠳᠠᠷᠤᠯᠲᠠ ᠶᠢ ᠬᠦᠴᠦᠲᠡᠶ ᠨᠠᠮᠳᠠᠭᠤᠯᠵᠤ᠂ ᠠᠵᠤ ᠠᠬᠤᠶᠢᠯᠠᠯ᠂ ᠬᠤᠷᠰᠢᠶ᠎ᠠ ᠶᠢᠨ ᠦᠢᠯᠡᠳᠪᠦᠷᠢᠯᠡᠯ ᠤᠨ ᠬᠡᠪᠴᠢᠶ᠎ᠡ ᠪᠠᠨ ᠥᠷᠭᠡᠳᠬᠡᠬᠦ᠂ ᠲᠥᠬᠦᠭᠡᠷᠦᠮᠵᠢ ᠪᠠᠨ ᠰᠢᠨᠡᠳᠬᠡᠬᠦ᠂ ᠵᠠᠬ᠎ᠠ ᠳᠡᠯᠭᠡᠭᠦᠷ ᠢᠶᠠᠨ ᠥᠷᠭᠡᠳᠬᠡᠬᠦ ᠵᠡᠷᠭᠡ ᠳᠤ ᠪᠠᠯᠠ ᠮᠥᠩᠭᠦ ᠶᠢᠨ ᠪᠠᠲᠤ ᠪᠠᠬᠢ ᠪᠠᠲᠤᠯᠠᠭ᠎ᠠ ᠬᠠᠩᠭᠠᠵᠤ᠂ ᠠᠵᠤ ᠠᠬᠤᠶᠢᠯᠠᠯ  ᠤᠨ ᠵᠠᠬ᠎ᠠ ᠳᠡᠯᠭᠡᠭᠦᠷ ᠲᠠᠬᠢ ᠥᠷᠢᠰᠦᠯᠳᠦᠬᠦ ᠬᠦᠴᠦᠨ ᠢ ᠪᠦᠲᠦᠮᠵᠢᠲᠡᠶ ᠳᠡᠭᠡᠭᠰᠢᠯᠡᠭᠦᠯᠵᠦ᠂ ᠲᠡᠳᠡᠨ ᠤ ᠲᠠᠷᠢᠶᠠᠯᠠᠩ ᠮᠠᠯ ᠠᠵᠤ ᠠᠬᠤᠶ ᠶᠢᠨ ᠬᠦᠷᠢᠶᠡᠨ ᠳᠤ ᠦᠷᠭᠦᠯᠵᠢᠯᠡᠨ ᠪᠤᠵᠠᠭᠠᠶᠢᠷᠠᠨ ᠬᠦᠴᠦᠷᠬᠡᠭᠵᠢᠬᠦ ᠳᠤ ᠬᠦᠴᠦ ᠨᠡᠮᠡᠷᠢᠯᠡᠬᠦ ᠪᠣᠯᠤᠨ᠎ᠠ᠃
222.jpg
    ᠬᠤᠶᠠᠷ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠭᠢ ᠣᠯᠭᠤᠵᠤ᠂ ᠣᠶᠤᠨᠴᠢ ᠬᠤᠨᠢᠨ ᠲᠠᠯᠠᠪᠠᠢ ᠶᠢᠨ ᠲᠥᠷᠥᠯ ᠵᠦᠢᠯ ᠤᠨ ᠲᠥᠯᠥᠪᠵᠢᠭᠦᠯᠭᠡ ᠶᠢ ᠠᠬᠢᠭᠤᠯᠤᠨ᠎ᠠ    ᠠᠵᠤ ᠠᠬᠤᠶᠢᠯᠠᠯ ᠤᠨ ᠪᠠᠯᠠ ᠮᠥᠩᠭᠦ ᠶᠢᠨ ᠠᠰᠠᠭᠤᠳᠠᠯ ᠢ ᠰᠢᠢᠳᠪᠦᠷᠢᠯᠡᠬᠦ ᠳᠤ  ᠬᠦᠴᠦ ᠨᠡᠮᠡᠷᠢᠯᠡᠬᠦ ᠶᠢᠨ ᠬᠠᠮᠲᠤ᠂ ᠲᠥᠪ ᠨᠢ ᠠᠵᠤ ᠦᠢᠯᠡᠰ ᠤᠨ ᠲᠠᠰ ᠳᠡᠪᠰᠢᠬᠦ ᠶᠢ ᠢᠳᠡᠪᠬᠢᠲᠡᠶ ᠳᠥᠯᠭᠢᠨ ᠠᠬᠢᠭᠤᠯᠵᠤ᠂ ᠨᠠᠷᠢᠨ ᠨᠢᠮᠪᠠᠶ ᠵᠣᠬᠢᠶᠠᠨ ᠪᠠᠶᠢᠭᠤᠯᠤᠨ ᠵᠣᠬᠢᠴᠠᠭᠤᠯᠬᠤ ᠪᠠᠷ ᠳᠡᠮᠵᠢᠨ᠂ ᠳᠤᠮᠳᠠᠳᠤ ᠤᠯᠤᠰ ᠤᠨ ᠴᠠᠬᠢᠯᠭᠠᠨ ᠬᠤᠯᠪᠣᠭ᠎ᠠ ᠬᠢᠭᠡᠳ ᠪᠤᠭᠤᠲᠤ ᠬᠤᠲᠠ ᠶᠢᠨ ᠮᠤᠨᠠ ᠠᠭᠤᠯᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠤᠶᠤᠨᠴᠢ ᠬᠤᠨᠢᠨ ᠲᠠᠯᠠᠪᠠᠶ ᠶᠢᠨ ᠲᠥᠷᠥᠯ ᠵᠦᠢᠯ ᠤᠨ ᠲᠤᠬᠠᠶ ᠭᠦᠨᠵᠡᠭᠡᠶ ᠶᠠᠷᠢᠯᠴᠠᠬᠤ ᠪᠠ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠶᠢ ᠠᠬᠢᠭᠤᠯᠪᠠ᠃ ᠤᠶᠤᠨᠴᠢ ᠬᠤᠨᠢᠨ ᠲᠠᠯᠠᠪᠠᠶ ᠶᠢᠨ ᠲᠥᠷᠥᠯ ᠵᠦᠢᠯ ᠳᠤ ᠲᠣᠭᠠᠴᠢᠯᠠᠭᠰᠠᠨ ᠮᠡᠷᠭᠡᠵᠢᠯ ᠢ ᠭᠦᠢᠴᠡᠳ ᠬᠡᠷᠡᠭᠯᠡᠵᠦ᠂ ᠬᠤᠨᠢᠨ ᠲᠠᠯᠠᠪᠠᠶ ᠳᠤ ᠲᠡᠵᠢᠭᠡᠨ ᠦᠷᠡᠵᠢᠭᠦᠯᠬᠦ᠂ ᠨᠢᠲᠤᠯᠬᠤ᠂ ᠬᠠᠮᠢᠶᠠᠷᠬᠤ᠂ ᠪᠣᠷᠣᠯᠠᠭᠤᠯᠬᠤ ᠵᠡᠷᠭᠡ ᠭᠤᠭᠴᠤᠭ᠎ᠠ ᠶᠢᠨ ᠤᠶᠤᠨᠴᠢᠯᠠᠯᠲᠠ᠂ ᠨᠠᠷᠢᠯᠢᠭᠵᠢᠭᠤᠯᠤᠯᠲᠠ ᠶᠢ ᠪᠡᠶᠡᠯᠡᠭᠦᠯᠬᠦ ᠪᠣᠯᠤᠨ᠎ᠠ᠃ ᠡᠨᠡ ᠨᠢ ᠬᠤᠨᠢᠨ ᠲᠠᠯᠠᠪᠠᠢ ᠶᠢᠨ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠶᠡᠬᠡᠪᠡᠷ ᠳᠡᠭᠡᠭᠰᠢᠯᠡᠭᠦᠯᠵᠦ᠂ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠵᠤ ᠴᠢᠳᠠᠬᠤ ᠪᠠᠷ ᠪᠠᠷᠠᠬᠤ ᠥᠬᠡᠶ᠂ ᠪᠠᠰᠠ《 50》ᠬᠤᠨᠢᠨ ᠤ ᠨᠡᠷᠡᠲᠦ ᠲᠡᠮᠳᠡᠭ ᠢ ᠡᠭᠦᠳᠬᠦ ᠳᠤ ᠪᠠᠲᠤ ᠪᠠᠬᠢ ᠰᠠᠭᠤᠷᠢ ᠲᠠᠯᠪᠢᠵᠤ᠂ ᠵᠢᠦ ᠶᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠲᠡᠰᠢ ᠤᠷᠤᠭᠰᠢᠯᠠᠬᠤ ᠶᠢ ᠠᠬᠢᠭᠤᠯᠤᠨ᠎ᠠ᠃    ᠭᠤᠷᠪᠠ᠂ ᠦᠷᠭᠦᠯᠵᠢᠯᠡᠨ ᠠᠬᠢᠭᠤᠯᠵᠤ᠂ ᠵᠠᠰᠠᠭ ᠪᠠᠩᠬᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ    ᠢᠷᠡᠭᠡᠳᠦᠢ ᠶᠢ ᠪᠠᠷᠠᠯᠠᠬᠤᠶ᠎ᠠ᠂ ᠵᠢᠤ ᠶᠤᠸᠠᠨ ᠲᠣᠭᠤᠷᠢᠭ ᠤᠨ ᠮᠠᠯ ᠠᠵᠤ ᠠᠬᠤᠢ ᠲᠠᠷᠢᠶᠠᠯᠠᠩ ᠤᠨ ᠦᠢᠯᠡᠴᠢᠯᠡᠭᠡᠨ ᠤ ᠲᠥᠪ ᠦᠷᠭᠦᠯᠵᠢᠯᠡᠨ《ᠲᠠᠶᠢᠯᠬᠤ ᠰᠡᠳᠬᠢᠬᠦᠢ》 ᠶᠢ ᠪᠠᠷᠢᠮᠲᠠᠯᠠᠵᠤ᠂ ᠠᠵᠢᠯ ᠤᠨ ᠠᠷᠭ᠎ᠠ ᠪᠠᠨ ᠳᠠᠰᠤᠷᠠᠯᠳᠠ ᠦᠭᠡᠢ ᠰᠢᠨᠡᠴᠢᠯᠡᠵᠦ᠂ ᠵᠠᠰᠠᠭ ᠪᠠᠩᠬᠢ ᠠᠵᠤ ᠠᠬᠤᠶᠢᠯᠠᠯ ᠤᠨ ᠬᠠᠮᠲᠤᠷᠠᠯᠴᠠᠭᠠᠨ ᠤ ᠲᠠᠪᠴᠠᠩ ᠢ ᠦᠷᠭᠦᠯᠵᠢᠯᠡᠨ ᠪᠠᠶᠢᠭᠤᠯᠤᠨ ᠲᠡᠭᠦᠯᠳᠡᠷᠵᠢᠭᠦᠯᠦᠨ᠎ᠡ᠃ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠬᠤ᠂ ᠮᠡᠳᠡᠭᠡ ᠵᠠᠩᠭᠢ ᠶᠢ ᠬᠠᠮᠲᠤᠪᠠᠷ ᠬᠦᠷᠲᠡᠬᠦ᠂ ᠨᠡᠪᠲᠡᠷᠡᠯᠴᠡᠨ ᠵᠣᠬᠢᠴᠠᠭᠤᠯᠬᠤ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠬᠢᠭᠡᠳ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠤᠨ ᠤᠯᠠᠮ ᠭᠦᠨ ᠳᠠᠪᠬᠤᠷᠭ᠎ᠠ ᠶᠢᠨ ᠬᠠᠮᠲᠤᠷᠠᠯᠴᠠᠭ᠎ᠠ ᠶᠢ ᠪᠡᠶᠡᠯᠡᠭᠦᠯᠬᠦ ᠶᠢ ᠠᠬᠢᠭᠤᠯᠤᠨ᠎ᠠ᠃ ᠨᠠᠩ ᠪᠣᠳᠠᠲᠠᠶ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠳᠤ ᠪᠥᠬᠦ ᠲᠠᠯ᠎ᠠ ᠶᠢᠨ᠂ ᠣᠯᠠᠨ ᠲᠠᠰ ᠳᠠᠪᠬᠤᠷᠭ᠎ᠠ ᠶᠢᠨ ᠳᠡᠮᠵᠢᠯᠭᠡ ᠪᠠ ᠦᠢᠯᠡᠴᠢᠯᠡᠭᠡ ᠬᠠᠩᠭᠠᠵᠤ᠂  ᠵᠢᠤ ᠶᠤᠸᠠᠨ ᠲᠤᠭᠤᠷᠢᠭ  ᠤᠨ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ᠂ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠳᠤ  ᠬᠦᠴᠦ  ᠨᠡᠮᠡᠷᠢᠯᠡᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号