ᠡᠮᠡᠭᠲᠡᠶᠢᠴᠦᠳ ᠬᠡᠦᠬᠡᠳ ᠤᠨ ᠬᠠᠮᠲᠤ ᠴᠣᠭᠴᠠ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠠᠵᠢᠯ ᠢ | ᠤᠯᠠᠮ ᠨᠢᠭᠡ ᠠᠯᠬᠤᠮ ᠰᠠᠶᠢᠲᠤᠷ ᠬᠢᠵᠦ᠂ ᠨᠠᠮ ᠤᠨ ᠬᠠᠶᠢᠷ᠎ᠠ ᠬᠠᠯᠠᠮᠵᠢ ᠶᠢ ᠣᠯᠠᠨ ᠲᠦᠮᠡᠨ ᠤ ᠰᠡᠳᠬᠢᠯ ᠳᠤ ᠦᠨᠡᠨ | ᠬᠦ ᠬᠦᠷᠭᠡᠬᠦ ᠶᠢᠨ ᠲᠥᠯᠥᠭᠡ᠂ ᠬᠤᠶᠠᠷᠬᠤᠳᠳᠤᠭ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠬᠤᠲᠠ᠂ | ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠤᠨ ᠬᠠᠩᠭᠠᠭᠰᠠᠨ ᠬᠠᠶᠢᠷ᠎ᠠ ᠬᠠᠯᠠᠮᠵᠢ ᠶᠢᠨ ᠡᠳ᠋ ᠪᠣᠳᠠᠰ ᠪᠣᠯᠤᠨ | ᠲᠣᠬᠤᠨᠢᠭᠤᠯᠬᠤ ᠮᠥᠩᠭᠦ ᠶᠢ ᠲᠦᠰᠢᠭᠯᠡᠵᠦ᠂ ᠬᠦᠴᠢᠷᠳᠡᠯ ᠳᠤ ᠲᠤᠯᠭᠠᠷᠠᠭᠰᠠᠨ ᠡᠮᠡᠭᠲᠡᠶᠢᠴᠦᠳ᠂ ᠬᠡᠦᠬᠡᠳ ᠤᠨ ᠭᠡᠷ | ᠪᠦᠯᠢ ᠳᠤ ᠴᠠᠭᠠᠨ ᠰᠠᠷ᠎ᠠ ᠶᠢᠨ ᠲᠣᠬᠤᠨᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠡᠳᠡᠨ ᠤ | ᠪᠠᠶᠠᠷ ᠤᠨ ᠡᠳᠦᠷ ᠤᠨ ᠬᠤᠭᠤᠴᠠᠭᠠᠨ ᠳᠤ ᠨᠡᠶᠢᠭᠡᠮ ᠤᠨ ᠬᠠᠶᠢᠷ᠎ᠠ ᠬᠠᠯᠠᠮᠵᠢ ᠶᠢ ᠮᠡᠳᠡᠷᠡᠭᠦᠯᠵᠦ᠂ ᠬᠠᠯᠠᠭᠤᠨ ᠳᠤᠯᠠᠭᠠᠨ | ᠥᠯᠵᠡᠢ ᠪᠡᠯᠭᠡ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠪᠠ᠃ | | | | ᠣᠶᠢᠷ᠎ᠠ ᠳᠤ᠂ ᠪᠠᠯᠭᠠᠰᠤ ᠲᠣᠰᠬᠤᠨ ᠤ ᠡᠮᠡᠭᠲᠡᠶᠢᠴᠦᠳ ᠤᠨ ᠬᠤᠯᠪᠣᠭᠠᠨ ᠤ ᠺᠠᠳ᠋ᠷᠴᠤᠳ ᠬᠦᠴᠢᠷᠳᠡᠯ ᠳᠤ | ᠲᠤᠯᠭᠠᠷᠠᠭᠰᠠᠨ ᠡᠮᠡᠭᠲᠡᠶᠢᠴᠦᠳ ᠤᠨ ᠭᠡᠷ ᠲᠤ ᠬᠦᠷᠴᠦ᠂ ᠲᠡᠳᠡᠨ ᠤ ᠡᠳᠦᠷ ᠲᠤᠲᠤᠮ ᠤᠨ ᠠᠮᠢᠳᠤᠷᠠᠯ᠂ ᠡᠷᠡᠭᠦᠯ | ᠮᠡᠨᠳᠦ ᠶᠢᠨ ᠪᠠᠶᠢᠳᠠᠯ ᠵᠡᠷᠭᠡ ᠢ ᠬᠠᠯᠠᠮᠵᠢᠯᠠᠨ ᠠᠰᠠᠭᠤᠵᠤ᠂ ᠲᠡᠳᠡᠨ ᠤ ᠰᠡᠳᠬᠢᠯ ᠤᠨ ᠦᠭᠡ ᠶᠢ ᠨᠠᠷᠢᠨ ᠬᠢᠨᠠᠮᠠᠭᠠᠢ | ᠰᠣᠨᠣᠰᠴᠤ᠂ ᠲᠡᠳᠡᠨ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠬᠡᠷᠡᠭᠴᠡᠭᠡ ᠱᠠᠭᠠᠷᠳᠠᠯᠭ᠎ᠠ ᠶᠢ ᠬᠦᠯᠢᠴᠡᠩᠭᠦᠢ ᠪᠠᠷ | ᠲᠡᠮᠳᠡᠭᠯᠡᠵᠦ᠂ ᠲᠡᠳᠡᠨ ᠤ ᠰᠠᠶᠢᠨ ᠰᠠᠶᠢᠬᠠᠨ ᠰᠡᠳᠬᠢᠴᠡ ᠶᠢᠨ ᠢᠳᠡᠪᠬᠢᠲᠡᠢ ᠠᠮᠢᠳᠤᠷᠠᠯ ᠢ ᠵᠣᠷᠢᠭᠵᠢᠭᠤᠯᠬᠤ ᠶᠢᠨ | ᠬᠠᠮᠲᠤ ᠲᠣᠬᠤᠨᠢᠭᠤᠯᠬᠤ ᠮᠥᠩᠭᠦ ᠵᠢᠴᠢ ᠰᠢᠨ᠎ᠡ ᠵᠢᠯ ᠤᠨ ᠮᠡᠨᠳᠦᠴᠢᠯᠡᠯ ᠬᠦᠷᠭᠡᠪᠡ᠃ | ᠡᠭᠦᠨ ᠤ ᠬᠠᠮᠲᠤ᠂ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠪᠣᠯᠣᠨ ᠡᠯ᠎ᠡ ᠲᠣᠰᠬᠤᠨ ᠤ | ᠡᠮᠡᠭᠲᠡᠶᠢᠴᠦᠳ ᠤᠨ ᠬᠤᠯᠪᠣᠭ᠎ᠠ ᠨᠢ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠪᠣᠯᠭᠤᠭᠠᠨ ᠲᠣᠬᠤᠨᠢᠭᠤᠯᠵᠤ᠂ | ᠬᠠᠷᠢᠶ᠎ᠠ ᠣᠷᠣᠨ ᠤ ᠪᠠᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ᠬᠠᠶᠢᠷ᠎ᠠ ᠬᠠᠯᠠᠮᠵᠢ ᠶᠢᠨ ᠡᠳ᠋ ᠪᠣᠳᠠᠰ ᠵᠢᠴᠢ | ᠵᠥᠩᠨᠡᠯ ᠳᠡᠪᠰᠢᠭᠦᠯᠬᠦ ᠶᠢᠨ ᠬᠠᠮᠲᠤ ᠬᠡᠦᠬᠡᠳ ᠤᠳ ᠢ ᠪᠠᠶᠠᠰᠤᠩᠭᠤᠢ ᠢᠳᠡᠪᠬᠢᠲᠡᠢ ᠣᠪᠣᠷ ᠢᠶᠠᠷ ᠴᠢᠷᠮᠠᠶᠢᠨ | ᠰᠤᠷᠤᠯᠴᠠᠵᠤ᠂ ᠥᠪᠡᠷ ᠤᠨ ᠬᠦᠴᠦᠨ ᠴᠢᠳᠠᠯ ᠢᠶᠠᠷ ᠢᠶᠠᠨ ᠰᠠᠶᠢᠨ ᠰᠠᠶᠢᠬᠠᠨ ᠢᠷᠡᠭᠡᠳᠦᠢ ᠪᠠᠨ ᠴᠣᠭᠴᠠᠯᠠᠬᠤ ᠶᠢ | ᠵᠣᠷᠢᠭᠵᠢᠭᠤᠯᠪᠠ᠃ | ᠳᠠᠷᠠᠭᠠᠴᠢ ᠶᠢᠨ ᠠᠯᠬᠤᠮ ᠳᠤ᠂ ᠬᠤᠶᠠᠷᠬᠤᠳᠳᠤᠭ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠨᠢ | ᠡᠮᠡᠭᠲᠡᠶᠢᠴᠦᠳ ᠤᠨ ᠬᠤᠯᠪᠣᠭᠠᠨ ᠤ ᠵᠣᠬᠢᠶᠠᠨ ᠪᠠᠶᠢᠭᠤᠯᠵᠤ ᠬᠥᠲᠥᠯᠥᠨ ᠳᠠᠭᠠᠭᠤᠯᠬᠤ᠂ ᠬᠠᠷᠢᠯᠴᠠᠬᠤ᠂ ᠦᠢᠯᠡᠴᠢᠯᠡᠬᠦ | ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠬᠦᠴᠢᠷᠳᠡᠯ ᠳᠤ ᠲᠤᠯᠭᠠᠷᠠᠭᠰᠠᠨ ᠡᠮᠡᠭᠲᠡᠶᠢᠴᠦᠳ ᠵᠢᠴᠢ | ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠭᠡᠷ ᠪᠦᠯᠢ ᠶᠢ ᠬᠠᠪᠰᠤᠷᠤᠨ ᠲᠡᠳᠬᠦᠬᠦ ᠡᠷᠴᠢᠮ ᠢᠶᠠᠨ ᠤᠯᠠᠮ ᠨᠢᠭᠡ | ᠠᠯᠬᠤᠮ ᠴᠢᠩᠭᠠᠷᠠᠭᠤᠯᠵᠤ᠂ ᠬᠠᠪᠰᠤᠷᠤᠨ ᠲᠡᠳᠬᠦᠬᠦ ᠠᠷᠭ᠎ᠠ ᠵᠠᠮ ᠢ ᠥᠷᠭᠡᠳᠬᠡᠨ᠂ ᠬᠠᠪᠰᠤᠷᠤᠨ ᠲᠡᠳᠬᠦᠬᠦ | ᠬᠡᠯᠪᠡᠷᠢ ᠶᠢ ᠪᠠᠶᠠᠯᠢᠭᠵᠢᠭᠤᠯᠵᠤ᠂ ᠲᠡᠳᠡᠨ ᠤ ᠠᠮᠢᠳᠤᠷᠠᠯ ᠤᠨ ᠪᠠᠶᠢᠳᠠᠯ ᠢ ᠦᠨᠡᠨ ᠬᠦ ᠰᠠᠶᠢᠵᠢᠷᠠᠭᠤᠯᠤᠨ᠂ ᠲᠡᠳᠡᠨ ᠳᠤ | ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠵᠦ᠂ ᠨᠡᠩ ᠰᠠᠶᠢᠨ ᠰᠠᠶᠢᠬᠠᠨ ᠠᠮᠢᠳᠤᠷᠠᠯ ᠢ | ᠡᠳ᠋ᠯᠡᠭᠦᠯᠦᠨ᠎ᠡ᠃ | | | | | | |