【 ᠬᠤᠷᠢᠨᠭᠡᠷ ᠤᠨ ᠴᠠᠭ ᠤᠨ ᠪᠠᠶᠢᠳᠠᠯ 】 ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ ᠰᠢᠨ᠎ᠡ ᠪᠠᠶᠢᠳᠠᠯ ᠢ ᠪᠣᠢ ᠪᠣᠯᠭᠠᠵᠤ ᠰᠢᠨ᠎ᠡ ᠶᠢ ᠡᠭᠦᠳᠴᠦ ᠬᠥᠭᠵᠢᠯᠲᠡ ᠶᠢ ᠡᠷᠢᠯᠬᠢᠯᠡᠶ᠎ᠡ
ᠨᠡᠶᠢᠲᠡᠯᠡᠭᠰᠡᠨ ᠴᠠᠭ᠄
2025/2/6
    ᠴᠠᠭᠠᠨ ᠰᠠᠷ᠎ᠠ ᠶᠢᠨ ᠡᠬᠢ ᠪᠠᠷ ᠲᠦᠮᠡᠨ ᠦᠵᠡᠭᠳᠡᠯ ᠰᠢᠨᠡᠳᠪᠡ᠃ 2 ᠰᠠᠷ᠎ᠠ ᠶᠢᠨ 5 ᠤ ᠡᠳᠦᠷ᠂ ᠬᠤᠷᠢᠨᠭᠡᠷ ᠪᠠᠯᠭᠠᠰᠤ ᠪᠦᠬᠦ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠪᠦᠬᠦ ᠬᠤᠲᠠ ᠶᠢᠨ ︽ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠴᠢᠳᠠᠪᠤᠷᠢᠲᠠᠨ ᠡᠯᠰᠡᠵᠣ ᠣᠶᠤᠨ ᠢ ᠣᠷᠣᠭᠤᠯᠬᠤ ᠵᠢᠴᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ︾ ᠳᠠᠶᠢᠴᠢᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2025 ᠣᠨ ᠤ ᠪᠦᠬᠦ ᠪᠠᠯᠭᠠᠰᠤᠨ ᠤ ᠭᠤᠣᠯᠳᠠᠯᠭ᠎ᠠ ᠲᠠᠢ᠂ ᠭᠢᠯᠠᠰ ᠴᠡᠭ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠪᠦᠬᠦ ᠺᠠᠳ᠋ᠷᠴᠤᠳ ᠢ ᠳᠠᠶᠢᠴᠢᠯᠠᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠪᠠᠶᠢᠳᠠᠯ ᠢ ᠲᠣᠬᠢᠷᠠᠭᠤᠯᠤᠨ ᠰᠢᠯᠢᠳᠡᠭᠵᠢᠭᠦᠯᠵᠦ᠂ ᠡᠬᠢᠯᠡᠯᠲᠡ ᠶᠢᠨ ᠪᠠᠶᠢᠳᠠᠯ᠂ ᠴᠠᠭᠠᠨ ᠰᠠᠷ᠎ᠠ ᠶᠢᠨ ᠠᠭᠤᠷ ᠠᠮᠢᠰᠬᠤᠯ ᠢᠶᠠᠷ ᠰᠢᠨ᠎ᠡ ᠡᠭᠦᠷᠭᠡᠯᠡᠯ ᠢ ᠢᠯᠡᠷᠡᠭᠦᠯᠵᠦ᠂ ᠰᠢᠨ᠎ᠡ ᠵᠢᠳᠬᠦᠯ ᠴᠢᠷᠮᠠᠶᠢᠯᠭ᠎ᠠ ᠶᠢ ᠪᠡᠶᠡᠯᠡᠭᠦᠯᠵᠦ᠂ ᠪᠦᠬᠦ ᠪᠠᠯᠭᠠᠰᠤᠨ ᠤ ᠡᠯ᠎ᠡ ᠵᠦᠢᠯ ᠤᠨ ᠠᠵᠢᠯ ᠤᠨ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠵᠠᠩ ᠬᠠᠢ ᠪᠦᠸᠧ ᠬᠤᠷᠠᠯ ᠢ ᠡᠷᠬᠢᠯᠡᠵᠦ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠼᠦᠢ ᠯᠦᠩ ᠣᠷᠣᠯᠴᠠᠵᠤ ᠶᠠᠷᠢᠶ᠎ᠠ ᠲᠠᠯᠪᠢᠵᠤ᠂ ᠪᠦᠬᠦ ᠤᠳᠤᠷᠢᠳᠬᠤ ᠪᠠᠭ ᠤᠨ ᠪᠦᠷᠢᠯᠳᠦᠬᠦᠨ ᠵᠢᠴᠢ ᠪᠠᠶᠢᠭᠤᠯᠭ᠎ᠠ ᠶᠢᠨ ᠺᠠᠳ᠋ᠷ ᠣᠷᠣᠯᠴᠠᠪᠠ᠃
1111.jpg
    ᠬᠤᠷᠠᠯ ᠠᠴᠠ ᠡᠮᠦᠨ᠎ᠡ᠂ ᠡᠯ᠎ᠡ ᠰᠠᠯᠠᠭ᠎ᠠ ᠲᠠᠰᠤᠭ ᠤᠨ ᠡᠷᠬᠢᠯᠡᠭᠴᠢ ᠲᠤᠰ ᠲᠤᠰ ᠤᠨ 2025 ᠣᠨ ᠤ ᠭᠤᠣᠯᠳᠠᠯᠭ᠎ᠠ᠂ ᠭᠢᠯᠠᠰ ᠴᠡᠭ ᠤᠨ ᠠᠵᠢᠯ ᠤᠨ ᠲᠣᠭᠤᠷᠢᠨ ᠳᠤ ᠲᠣᠪᠴᠢ ᠬᠠᠷᠢᠭᠤ ᠮᠡᠳᠡᠭᠦᠯᠦᠯᠲᠡ ᠬᠢᠵᠦ᠂ ᠡᠯ᠎ᠡ ᠰᠠᠯᠠᠭ᠎ᠠ ᠲᠠᠰᠤᠭ ᠤᠨ ᠰᠢᠨ᠎ᠡ ᠨᠢᠭᠡ ᠵᠢᠯ ᠤᠨ ᠰᠢᠨ᠎ᠡ ᠶᠢ ᠡᠭᠦᠳᠬᠦ ᠰᠡᠳᠬᠢᠴᠡ ᠪᠣᠯᠤᠨ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠶᠢ ᠭᠦᠢᠴᠡᠳ ᠢᠯᠡᠷᠡᠭᠦᠯᠪᠡ᠃
22222.jpg
    ᠡᠯ᠎ᠡ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠪᠠᠯᠭᠠᠰᠤᠨ ᠤ ᠬᠡᠪᠴᠢᠶᠡᠨ ᠤ ᠬᠥᠭᠵᠢᠯᠲᠡ ᠶᠢᠨ ᠲᠥᠯᠥᠪᠵᠢᠭᠦᠯᠭᠡ ᠬᠢᠭᠡᠳ ᠣᠳᠣᠬᠠᠨ ᠤ ᠪᠠᠶᠢᠳᠠᠯ ᠲᠠᠢ ᠤᠶᠠᠯᠳᠤᠭᠤᠯᠤᠨ᠂ ᠬᠠᠷᠢᠭᠤ ᠮᠡᠳᠡᠭᠦᠯᠦᠯᠲᠡ ᠶᠢᠨ ᠠᠭᠤᠯᠭ᠎ᠠ ᠶᠢ ᠨᠥᠬᠦᠪᠥᠷᠢᠯᠡᠨ ᠲᠡᠭᠦᠯᠳᠡᠷᠵᠢᠭᠦᠯᠬᠦ ᠶᠢᠨ ᠬᠠᠮᠲᠤ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠳᠤ ᠨᠠᠷᠢᠨ ᠨᠢᠮᠪᠠᠢ ᠲᠣᠬᠢᠷᠠᠭᠤᠯᠤᠯᠲᠠ ᠬᠢᠵᠦ᠂ ᠠᠵᠢᠯ ᠤᠨ ᠬᠠᠷᠢᠭᠤᠴᠠᠯᠭ᠎ᠠ ᠲᠠᠢ ᠬᠥᠮᠦᠨ ᠪᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ ᠠᠬᠢᠬᠤ ᠶᠢ ᠦᠨᠡᠨ ᠬᠦ ᠪᠠᠲᠤᠯᠠᠪᠠ᠃     ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠼᠦᠢ ᠯᠦᠩ ᠪᠦᠬᠦ ᠬᠤᠲᠠ ᠶᠢᠨ ︽ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠴᠢᠳᠠᠪᠤᠷᠢᠲᠠᠨ ᠡᠯᠰᠡᠵᠣ ᠣᠶᠤᠨ ᠢ ᠣᠷᠣᠭᠤᠯᠬᠤ ᠵᠢᠴᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ︾ ᠳᠠᠶᠢᠴᠢᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ᠂ ᠣᠯᠠᠨ ᠲᠠᠯ᠎ᠠ ᠠᠴᠠ ᠤᠯᠠᠮᠵᠢᠯᠠᠭᠰᠠᠨ ᠪᠥᠭᠡᠳ ᠬᠤᠷᠢᠨᠭᠡᠷ ᠪᠠᠯᠭᠠᠰᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠴᠢᠳᠠᠪᠤᠷᠢᠲᠠᠨ ᠡᠯᠰᠡᠵᠣ ᠣᠶᠤᠨ ᠢ ᠣᠷᠣᠭᠤᠯᠬᠤ ᠵᠢᠴᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ︾ ᠠᠵᠢᠯ ᠤᠨ ᠴᠢᠬᠤᠯᠠ ᠴᠢᠨᠠᠷ ᠬᠢᠭᠡᠳ ᠲᠤᠯᠭᠠᠮ᠎ᠠ ᠴᠢᠨᠠᠷ ᠲᠤ ᠭᠦᠨᠵᠡᠭᠡᠢ ᠵᠠᠳᠠᠯᠤᠯᠲᠠ ᠬᠢᠭᠰᠡᠨ ᠪᠥᠭᠡᠳ ᠡᠯ᠎ᠡ ᠬᠦᠷᠢᠶ᠎ᠡ ᠴᠠᠷᠠᠭ᠎ᠠ᠂ ᠡᠯ᠎ᠡ ᠵᠦᠢᠯ ᠤᠨ ᠠᠵᠢᠯ ᠤᠨ ᠬᠠᠷᠠᠯᠲᠠ ᠶᠢ ᠡᠮᠬᠢᠯᠡᠨ ᠲᠣᠳᠣᠷᠬᠠᠶᠢᠯᠠᠵᠤ᠂ ᠪᠦᠬᠦ ᠪᠠᠯᠭᠠᠰᠤ ᠪᠠᠷ ᠢᠶᠠᠨ ᠦᠵᠡᠯ ᠰᠠᠨᠠᠭ᠎ᠠ ᠪᠠᠨ ᠨᠢᠭᠡᠳᠬᠡᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠬᠤᠷᠢᠨᠭᠡᠷ ᠤᠨ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠠᠬᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠱᠠᠭᠠᠷᠳᠠᠪᠠ᠃     ᠬᠤᠷᠠᠯ ᠡᠴᠠ‌‍ᠴᠢᠬᠤᠯᠠᠴᠢᠯᠠᠭᠰᠠᠨ ᠨᠢ᠂ ᠪᠦᠬᠦ ᠪᠠᠯᠭᠠᠰᠤᠨ ᠤ ᠳᠡᠭᠡᠳᠦ ᠳᠣᠣᠷᠠᠳᠤ ᠱᠠᠲᠤ ᠪᠠᠷ ᠢᠶᠠᠨ ᠪᠠᠶᠢᠳᠠᠯ ᠢ ᠲᠣᠳᠣᠷᠬᠠᠢ ᠲᠠᠨᠢᠵᠤ᠂ ᠱᠠᠭᠠᠷᠳᠠᠯᠭ᠎ᠠ ᠶᠢ ᠲᠣᠳᠣᠷᠬᠠᠢ ᠮᠡᠳᠡᠬᠦ ᠬᠡᠷᠡᠭᠲᠡᠢ᠃ ︽ᠬᠤᠶᠠᠷ ᠢ ᠡᠯᠰᠡᠵᠦ ᠬᠤᠶᠠᠷ ᠢ ᠣᠷᠣᠭᠤᠯᠵᠤ ᠨᠢᠭᠡ ᠶᠢ ᠰᠢᠯᠢᠳᠡᠭᠵᠢᠭᠦᠯᠬᠦ︾ ᠬᠤᠷᠠᠯ ᠤᠨ ᠵᠣᠷᠢᠭ ᠰᠠᠨᠠᠭ᠎ᠠ ᠲᠠᠢ ᠨᠢᠭᠲᠠ ᠤᠶᠠᠯᠳᠤᠭᠤᠯᠤᠨ᠂ ᠬᠠᠷᠠᠯᠲᠠ ᠪᠠᠨ ᠰᠤᠯᠠᠷᠠᠭᠤᠯᠤᠯ ᠦᠭᠡᠢ ᠴᠢᠩᠭ᠎ᠠ ᠠᠳᠬᠤᠵᠤ᠂ ᠦᠵᠡᠯ ᠰᠠᠨᠠᠭ᠎ᠠ ᠪᠠᠨ ᠨᠢᠭᠡᠳᠬᠡᠨ᠂ ᠵᠣᠷᠢᠭ ᠰᠠᠨᠠᠭ᠎ᠠ ᠪᠠᠨ ᠬᠥᠭᠵᠢᠭᠡᠵᠦ᠂ ︽ᠲᠡᠭ ᠪᠣᠯᠭᠠᠬᠤ ᠰᠡᠳᠬᠢᠴᠡ︾ ᠪᠠᠷ ᠰᠢᠨ᠎ᠡ ᠬᠠᠭᠤᠳᠠᠰᠤ ᠶᠢ ᠪᠢᠴᠢᠭᠯᠡᠵᠦ᠂ ︽ᠨᠤᠮᠤ ᠳᠦᠭᠦᠷᠡᠩ ᠪᠠᠶᠢᠳᠠᠯ︾ ᠢᠶᠠᠷ ᠰᠢᠨ᠎ᠡ ᠬᠠᠭᠤᠳᠠᠰᠤ ᠶᠢ ᠪᠢᠴᠢᠭᠯᠡᠨ᠎ᠡ᠃ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ᠂ ᠠᠵᠢᠯ ᠢᠶᠠᠨ ᠨᠠᠷᠢᠯᠢᠭ ᠬᠢᠬᠦ ᠬᠡᠷᠡᠭᠲᠡᠢ᠃ ᠤᠬᠠᠮᠰᠠᠷ ᠠᠴᠠ ᠪᠠᠨ ᠵᠣᠭᠰᠣᠴᠠ ᠪᠠᠨ ᠳᠡᠭᠡᠭᠰᠢᠯᠡᠭᠦᠯᠵᠦ᠂ ᠶᠡᠭᠡ ᠲᠠᠯ᠎ᠠ ᠶᠢᠨ ᠲᠣᠭᠤᠷᠢᠨ ᠳᠤ ᠡᠷᠡᠯᠬᠡᠭᠯᠡᠨ ᠲᠡᠮᠡᠴᠡᠵᠦ᠂ ᠨᠠᠷᠢᠨ ᠲᠠᠩᠰᠠᠵᠢᠭᠤᠯᠤᠨ ᠬᠠᠮᠢᠶᠠᠷᠬᠤ ᠶᠢ ᠪᠠᠷᠢᠮᠲᠠᠯᠠᠵᠤ᠂ ᠠᠵᠢᠯ ᠤᠨ ᠪᠠᠷᠢᠮᠵᠢᠶ᠎ᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠠᠶᠢᠳᠠᠯ ᠢ ᠡᠵᠡᠮᠳᠡᠵᠦ ᠶᠡᠭᠡ ᠶᠠᠪᠤᠳᠠᠯ ᠢ ᠪᠣᠳᠣᠯᠬᠢᠯᠠᠵᠤ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠨ ᠴᠢᠳᠠᠪᠤᠷᠢ ᠪᠠᠨ ᠴᠢᠩᠭᠠᠳᠬᠠᠵᠤ᠂ ᠬᠠᠮᠲᠤᠷᠠᠯ ᠤᠨ ᠬᠦᠴᠦᠨ ᠢ ᠨᠢᠭᠲᠠᠷᠠᠭᠤᠯᠵᠤ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠠᠵᠢᠯᠯᠠᠬᠤ ᠶᠢ ᠲᠡᠷᠢᠭᠦᠨ ᠳᠤ ᠲᠠᠯᠪᠢᠵᠤ᠂ ᠴᠤᠴᠠᠯᠲᠠ ᠦᠭᠡᠢ ᠰᠢᠨ᠎ᠡ ᠶᠢ ᠡᠭᠦᠳᠬᠦ ᠳᠤᠮᠳᠠ ᠪᠣᠳᠠᠲᠠᠢ ᠶᠢ ᠡᠷᠬᠢᠮᠯᠡᠨ ᠵᠣᠷᠢᠭᠲᠠᠢ ᠠᠵᠢᠯᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠳᠤᠮᠳᠠ ᠰᠢᠷᠭᠠᠭᠤ ᠬᠠᠲᠠᠭᠤᠵᠢᠯᠲᠠᠢ ᠠᠵᠢᠯᠯᠠᠵᠤ᠂ ᠬᠤᠷᠢᠭ᠎ᠠ ᠱᠤᠭᠤᠮ ᠢ ᠪᠠᠲᠤ ᠰᠠᠬᠢᠬᠤ ᠳᠤᠮᠳᠠ ᠦᠨᠡᠨ ᠶᠢ ᠠᠳᠬᠤᠨ ᠪᠣᠳᠠᠲᠠᠢ ᠠᠵᠢᠯᠯᠠᠵᠤ᠂ ᠠᠷᠭ᠎ᠠ ᠪᠦᠬᠦᠨ ᠢ ᠰᠦᠪᠡᠭᠴᠢᠯᠡᠨ ᠨᠢᠭᠡᠳᠦᠭᠡᠷ ᠤᠯᠠᠷᠢᠯ ᠤᠨ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠰᠢᠨ᠎ᠡ ᠵᠢᠯ ᠤᠨ ︽ᠨᠢᠭᠡᠳᠦᠭᠡᠷ ᠰᠢᠳᠠᠮ︾ ᠢ ᠴᠢᠷᠮᠠᠶᠢᠨ ᠰᠠᠶᠢᠲᠤᠷ ᠭᠦᠶᠦᠬᠦ ᠶᠢᠨ ᠬᠠᠮᠲᠤ ᠪᠦᠬᠦ ᠵᠢᠯ ᠤᠨ ᠠᠵᠢᠯ ᠤᠨ ᠳᠤᠮᠳᠠ ᠦᠷᠭᠦᠯᠵᠢᠯᠡᠨ ᠬᠦᠴᠦᠯᠡᠵᠦ᠂ ︽ᠰᠢᠳᠠᠮ ᠨᠢᠭᠡᠪᠦᠷᠢ︾ ᠶᠢ ᠦᠷᠭᠦᠯᠵᠢᠯᠡᠨ ᠰᠠᠶᠢᠲᠤᠷ ᠭᠦᠶᠦᠯᠭᠡᠵᠦ᠂ ᠬᠤᠷᠢᠨᠭᠡᠷ ᠪᠠᠯᠭᠠᠰᠤᠨ ᠤ ᠬᠥᠭᠵᠢᠯᠲᠡ ᠳᠤ ᠨᠢᠭᠡ ᠬᠤᠪᠢ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ᠃ 
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号