ᠬᠤᠲᠠ ᠶᠢᠨ ᠬᠥᠭᠵᠢᠯᠲᠡ ᠶᠢᠨ ᠶᠠᠪᠤᠴᠠ ᠳᠤ᠂ ᠲᠥᠷᠥᠯ ᠵᠦᠢᠯ ᠤᠨ ᠭᠤᠶᠤᠴᠢᠯᠠᠨ ᠮᠡᠳᠡᠭᠦᠯᠬᠦ ᠨᠢ | ᠠᠭᠠᠵᠢᠮ ᠢᠶᠠᠷ ᠬᠤᠲᠠ ᠶᠢᠨ ᠦᠷᠭᠦᠯᠵᠢᠯᠡᠬᠦ ᠬᠥᠭᠵᠢᠯᠲᠡ ᠶᠢ ᠠᠬᠢᠭᠤᠯᠵᠤ᠂ ᠰᠠᠭᠤᠭᠠᠯᠢ ᠠᠷᠠᠳ ᠤᠨ ᠠᠮᠢᠳᠤᠷᠠᠯ ᠤᠨ | ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠵᠠᠩᠭᠢᠯᠠᠭ᠎ᠠ ᠶᠢᠨ ᠬᠦᠴᠦᠨ ᠪᠣᠯᠵᠤ ᠪᠠᠶᠢᠨ᠎ᠠ᠃ ᠲᠡᠷᠡ ᠨᠢ ᠬᠤᠲᠠ ᠶᠢᠨ ᠥᠩᠭᠡ | ᠲᠥᠷᠬᠦ ᠶᠢ ᠰᠢᠨᠡᠴᠢᠯᠡᠵᠦ ᠪᠠᠶᠢᠬᠤ ᠲᠡᠳᠦᠢ ᠦᠭᠡᠢ ᠨᠡᠩ ᠴᠤ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠵᠦ᠂ | ᠨᠡᠶᠢᠭᠡᠮ ᠤᠨ ᠴᠢᠳᠠᠪᠬᠢ ᠶᠢ ᠲᠡᠭᠦᠯᠳᠡᠷ ᠪᠣᠯᠭᠠᠬᠤ ᠶᠢᠨ ᠴᠢᠬᠤᠯᠠ ᠭᠠᠷᠳᠠᠴᠠ ᠪᠣᠯᠬᠤ ᠶᠤᠮ᠃ | | | | ᠲᠥᠪ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ 2025 ᠣᠨ ᠤ 2 ᠰᠠᠷ᠎ᠠ ᠶᠢᠨ 5 ᠤ | ᠡᠳᠦᠷ᠂ ᠪᠠᠶᠠᠨᠰᠢᠯᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠸᠠᠩ ᠳ᠋ᠠᠢ ᠲᠥᠷᠥᠯ ᠵᠦᠢᠯ ᠢ | ᠮᠡᠳᠡᠭᠦᠯᠬᠦ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ ᠲᠤᠤ ᠯᠧᠢ᠂ ᠬᠤᠲᠠ ᠶᠢᠨ | ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠵᠠᠩ ᠭᠦᠸᠧ ᠶᠠᠨ᠂ ᠡᠯ᠎ᠡ ᠲᠣᠰᠬᠤᠨ ᠤ ᠱᠦᠵᠢ ᠪᠣᠯᠤᠨ ᠲᠥᠷᠥᠯ | ᠵᠦᠢᠯ ᠤᠨ ᠵᠢᠷᠤᠭ ᠲᠥᠯᠥᠪᠯᠡᠭᠡ ᠶᠢᠨ ᠺᠣᠮᠫᠠᠨᠢ ᠶᠢᠨ ᠲᠥᠯᠥᠭᠡᠯᠡᠭᠴᠢ ᠬᠤᠷᠠᠯ ᠳᠤ ᠣᠷᠣᠯᠴᠠᠵᠠᠢ᠃ ᠵᠡᠭᠡᠯᠢ | ᠭᠤᠳᠤᠮᠵᠢ ᠶᠢᠨ ᠳᠡᠳ᠋ ᠡᠷᠬᠢᠯᠡᠭᠴᠢ ᠲᠤᠤ ᠯᠧᠢ ᠲᠥᠷᠥᠯ ᠵᠦᠢᠯ ᠤᠨ ᠲᠥᠷᠥ ᠶᠢᠨ ᠪᠣᠳᠣᠯᠭ᠎ᠠ ᠶᠢᠨ ᠲᠤᠬᠠᠢ | ᠲᠠᠶᠢᠯᠤᠮᠵᠢ ᠬᠢᠵᠦ᠂ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠠ ᠳᠡᠮᠵᠢᠬᠦ ᠠᠷᠭ᠎ᠠ ᠬᠡᠮᠵᠢᠶ᠎ᠡ ᠶᠢ | ᠲᠣᠳᠣᠷᠬᠠᠶᠢᠯᠠᠪᠠ᠃ ᠬᠤᠷᠠᠯ ᠳᠤ ᠣᠷᠣᠯᠴᠠᠭᠰᠠᠳ ᠲᠥᠷᠥᠯ ᠵᠦᠢᠯ ᠤᠨ ᠮᠡᠳᠡᠭᠦᠯᠦᠯᠲᠡ ᠶᠢᠨ ᠲᠣᠭᠤᠷᠢᠨ ᠳᠤ | ᠭᠦᠨᠵᠡᠭᠡᠢ ᠶᠠᠷᠢᠯᠴᠠᠪᠠ᠃ ᠶᠠᠷᠢᠯᠴᠠᠬᠤ ᠪᠠᠷ ᠳᠠᠮᠵᠢᠨ᠂ ᠡᠯ᠎ᠡ ᠲᠣᠰᠬᠤᠨ ᠤ ᠬᠢᠨ ᠲᠥᠷᠥᠯ ᠵᠦᠢᠯ ᠢ ᠮᠡᠳᠡᠭᠦᠯᠦᠨ | ᠬᠦᠷᠭᠡᠬᠦ ᠴᠢᠭᠯᠡᠯ ᠢᠶᠠᠨ ᠤᠯᠠᠮ ᠴᠢᠨᠠᠭᠰᠢᠳᠠ ᠲᠣᠳᠣᠷᠬᠠᠶᠢᠯᠠᠵᠤ᠂ ᠬᠤᠲᠠ ᠬᠥᠳᠡᠭᠡ ᠶᠢᠨ ᠬᠥᠭᠵᠢᠯᠲᠡ ᠶᠢᠨ ᠪᠦᠬᠦᠯᠢ | ᠴᠣᠭᠴᠠ ᠶᠢᠨ ᠲᠥᠯᠥᠪᠵᠢᠭᠦᠯᠭᠡ ᠪᠣᠯᠤᠨ ᠣᠯᠠᠨ ᠲᠦᠮᠡᠨ ᠤ ᠲᠤᠯᠭᠠᠮ᠎ᠠ ᠬᠡᠷᠡᠭᠴᠡᠭᠡ ᠳᠤ ᠨᠡᠶᠢᠴᠡᠭᠦᠯᠬᠦ ᠶᠢ ᠪᠠᠲᠤᠯᠠᠪᠠ᠃ | ᠬᠤᠷᠠᠯ ᠤᠨ ᠶᠠᠷᠢᠯᠴᠠᠭᠰᠠᠨ ᠦᠷ᠎ᠡ ᠳ᠋ᠦᠩ ᠲᠠᠢ ᠤᠶᠠᠯᠳᠤᠭᠤᠯᠤᠨ᠂ ᠵᠡᠭᠡᠯᠢ ᠭᠤᠳᠤᠮᠵᠢ ᠶᠢᠨ ᠠᠩᠬ᠎ᠠ ᠠᠯᠬᠤᠮ ᠤᠨ | ᠲᠥᠰᠦᠯ ᠢ ᠪᠦᠷᠢᠯᠳᠦᠭᠦᠯᠵᠦ᠂ ᠬᠤᠶᠢᠰᠢᠳᠠ ᠶᠢᠨ ᠠᠵᠢᠯ ᠳᠤ ᠲᠣᠳᠣᠷᠬᠠᠢ ᠵᠢᠯᠣᠭᠤᠳᠣᠯᠭ᠎ᠠ ᠬᠠᠩᠭᠠᠪᠠ᠃ | | | | ᠳᠠᠷᠠᠭᠠᠴᠢ ᠶᠢᠨ ᠠᠯᠬᠤᠮ ᠳᠤ᠂ ᠡᠯ᠎ᠡ ᠲᠣᠰᠬᠤᠨ ᠤ ᠬᠢᠨ ᠬᠤᠷᠠᠯ ᠤᠨ ᠦᠷ᠎ᠡ ᠪᠦᠲᠦᠭᠡᠯ ᠢ ᠦᠨᠳᠦᠰᠦᠯᠡᠨ᠂ | ᠲᠥᠷᠥᠯ ᠵᠦᠢᠯ ᠢ ᠮᠡᠳᠡᠭᠦᠯᠦᠨ ᠬᠦᠷᠭᠡᠬᠦ ᠮᠠᠲ᠋ᠧᠷᠢᠶᠠᠯ ᠢ ᠴᠢᠨᠠᠭᠰᠢᠳᠠ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢᠨ | ᠣᠨᠣᠪᠴᠢᠲᠤ ᠴᠢᠨᠠᠷ ᠪᠣᠯᠤᠨ ᠪᠦᠷᠢᠨ ᠪᠦᠲᠦᠨ ᠴᠢᠨᠠᠷ ᠢ ᠪᠠᠲᠤᠯᠠᠬᠤ ᠪᠣᠯᠤᠨ᠎ᠠ᠃ ᠲᠤᠰ ᠤᠳᠠᠭᠠᠨ ᠤ ᠲᠥᠷᠥᠯ | ᠵᠦᠢᠯ ᠢ ᠭᠤᠶᠤᠴᠢᠯᠠᠨ ᠮᠡᠳᠡᠭᠦᠯᠬᠦ ᠲᠤᠰᠬᠠᠢ ᠰᠡᠳᠦᠪᠲᠦ ᠬᠤᠷᠠᠯ ᠢ ᠬᠤᠷᠠᠯᠳᠤᠭᠤᠯᠤᠭᠰᠠᠨ ᠨᠢ ᠵᠡᠭᠡᠯᠢ ᠭᠤᠳᠤᠮᠵᠢ ᠶᠢᠨ | ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠠᠵᠢᠯ ᠰᠢᠨ᠎ᠡ ᠱᠠᠲᠤᠨ ᠳᠤ ᠤᠷᠤᠭᠰᠠᠨ ᠢ ᠬᠠᠷᠠᠭᠤᠯᠵᠤ᠂ ᠵᠡᠭᠡᠯᠢ | ᠭᠤᠳᠤᠮᠵᠢ ᠬᠢᠭᠡᠳ ᠡᠯ᠎ᠡ ᠲᠣᠰᠬᠤᠨ ᠤ ᠬᠠᠮᠲᠤ ᠶᠢᠨ ᠴᠢᠷᠮᠠᠶᠢᠯᠭ᠎ᠠ ᠳᠣᠣᠷ᠎ᠠ᠂ ᠲᠥᠷᠥᠯ ᠵᠦᠢᠯ ᠢ ᠭᠤᠶᠤᠴᠢᠯᠠᠨ | ᠮᠡᠳᠡᠭᠦᠯᠬᠦ ᠳᠤ ᠢᠯᠡᠳᠲᠡ ᠦᠷ᠎ᠡ ᠪᠦᠲᠦᠮᠵᠢ ᠣᠯᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠨᠡᠩ ᠰᠠᠶᠢᠨ | ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠪᠣᠢ ᠪᠣᠯᠭᠠᠵᠤ ᠥᠭᠬᠦ ᠪᠣᠯᠤᠨ᠎ᠠ᠃ | | | | | | |