1 ᠰᠠᠷ᠎ᠠ ᠶᠢᠨ 27 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠵᠢᠶᠦ᠋ᠨ ᠢ ᠨᠢᠭᠡᠳᠦᠭᠡᠷ | ᠹᠷᠣᠨᠲ ᠤᠨ ᠠᠵᠢᠯᠲᠠᠳ ᠢ ᠲᠣᠬᠤᠨᠢᠭᠤᠯᠵᠤ᠂ ᠬᠠᠶᠢᠷ᠎ᠠ ᠬᠠᠯᠠᠮᠵᠢ ᠶᠢ ᠲᠡᠳᠡᠨ ᠤ ᠳᠡᠷᠭᠡᠳᠡ ᠬᠦᠷᠭᠡᠪᠡ᠃ | | | | ᠯᠢᠦ ᠵᠢᠶᠦ᠋ᠨ ᠢ ᠤᠷᠢᠳ ᠬᠤᠵᠢᠳ ᠵᠢᠦ ᠶᠤᠸᠠᠨ ᠲᠣᠭᠤᠷᠢᠭ ᠤᠨ ᠬᠢᠲᠠᠳ ᠧᠦ᠋ᠷᠣᠫᠠ ᠤᠶᠠᠯᠳᠤᠭᠰᠠᠨ | ᠡᠮᠨᠡᠯᠭᠡ ᠶᠢᠨ ᠬᠤᠷᠢᠶᠠᠨ ᠤ ᠵᠢᠵᠢᠭᠦᠷᠯᠡᠨ ᠰᠠᠬᠢᠵᠤ ᠪᠠᠶᠢᠭ᠎ᠠ ᠡᠮᠴᠢ ᠰᠤᠪᠢᠯᠠᠭᠴᠢᠳ ᠂ ᠲᠣᠭᠤᠷᠢᠭ ᠤᠨ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠵᠢᠵᠢᠭᠦᠷᠯᠡᠨ ᠰᠠᠬᠢᠵᠤ ᠪᠠᠶᠢᠭ᠎ᠠ ᠠᠷᠠᠳ ᠤᠨ ᠴᠠᠭᠳᠠᠭ᠎ᠠ᠂ | ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠤᠨ ᠵᠢᠵᠢᠭᠦᠷᠯᠡᠨ ᠰᠠᠬᠢᠵᠤ ᠪᠠᠶᠢᠭ᠎ᠠ ᠭᠠᠯ | ᠤᠨᠲᠠᠷᠠᠭᠠᠭᠴᠢ᠂ ᠲᠣᠭᠤᠷᠢᠭ ᠤᠨ ᠨᠠᠮ ᠤᠨ ᠬᠤᠷᠢᠶᠠᠨ ᠤ ᠨᠢᠭᠤᠴᠠ ᠶᠢ ᠬᠠᠮᠠᠭᠠᠯᠠᠬᠤ ᠲᠣᠪᠴᠢᠶ᠎ᠠ᠂ ᠲᠣᠭᠤᠷᠢᠭ ᠤᠨ | ᠵᠠᠰᠠᠭ ᠤᠨ ᠣᠷᠳᠣᠨ ᠤ ᠵᠢᠵᠢᠭᠦᠷᠯᠡᠬᠦ ᠲᠠᠰᠤᠭ ᠤᠨ ᠠᠵᠢᠯᠲᠠᠳ ᠢ ᠪᠣᠯᠭᠤᠭᠠᠨ ᠲᠣᠬᠤᠨᠢᠭᠤᠯᠵᠤ᠂ ᠡᠯ᠎ᠡ ᠰᠠᠯᠠᠭ᠎ᠠ | ᠮᠥᠴᠢᠷ᠂ ᠨᠢᠭᠡᠴᠡ ᠶᠢᠨ ᠴᠠᠭᠠᠨ ᠰᠠᠷ᠎ᠠ ᠶᠢᠨ ᠬᠤᠭᠤᠴᠠᠭᠠᠨ ᠳᠤ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ ᠢ ᠨᠠᠷᠢᠨ | ᠠᠰᠠᠭᠤᠨ ᠯᠠᠪᠯᠠᠵᠤ᠂ ᠵᠢᠵᠢᠭᠦᠷᠯᠡᠭᠴᠢ ᠶᠢᠨ ᠡᠭᠦᠷᠭᠡ ᠲᠤᠰᠢᠶᠠᠯ ᠳᠠᠭᠠᠨ ᠦᠨᠡᠨᠴᠢ ᠰᠢᠳᠤᠷᠭᠤ᠂ ᠬᠠᠷᠠᠮ ᠦᠭᠡᠢ | ᠵᠣᠷᠢᠭᠤᠯᠬᠤ ᠠᠵᠢᠯ ᠤᠨ ᠰᠤᠷᠲᠠᠯ ᠢ ᠳᠡᠭᠡᠳᠦ ᠬᠡᠮᠵᠢᠶ᠎ᠡ ᠪᠠᠷ ᠦᠨᠡᠯᠡᠭᠰᠡᠨ ᠪᠥᠭᠡᠳ ᠣᠯᠠᠨ ᠳᠤ ᠴᠠᠭᠠᠨ ᠰᠠᠷ᠎ᠠ ᠶᠢᠨ | ᠮᠡᠨᠳᠦᠴᠢᠯᠡᠯ ᠪᠠ ᠰᠠᠶᠢᠨ ᠰᠠᠶᠢᠬᠠᠨ ᠵᠥᠩᠨᠡᠯ ᠳᠡᠪᠰᠢᠭᠦᠯᠵᠡᠢ᠃ | ᠠᠶᠢᠯ ᠬᠤᠲᠠᠯᠠᠭᠠᠷ ᠬᠤᠷᠠᠨ ᠴᠤᠭᠯᠠᠷᠠᠬᠤ ᠦᠶ᠎ᠡ ᠳᠤ ᠬᠠᠷᠢᠭᠤᠴᠠᠯᠭ᠎ᠠ ᠨᠢ ᠠᠭᠤᠯᠠ ᠮᠡᠲᠦ ᠰᠦᠷᠯᠢᠭ ᠪᠠᠢᠲᠠᠭ᠃ | ᠬᠠᠶᠢᠷ᠎ᠠ ᠨᠠᠷᠭᠢᠶᠠᠨ ᠲᠠᠢ ᠴᠠᠭᠠᠨ ᠰᠠᠷ᠎ᠠ ᠪᠣᠯᠵᠤ ᠪᠠᠶᠢᠬᠤ ᠳᠤ᠂ ᠡᠮᠦᠨ᠎ᠡ ᠹᠷᠣᠨᠲ ᠤᠨ ᠠᠵᠢᠯᠲᠠᠳ ᠮᠥᠨ ᠬᠦ | ᠠᠵᠢᠯ ᠤᠨ ᠪᠠᠶᠢᠷᠢ ᠪᠠᠨ ᠪᠠᠲᠤ ᠰᠠᠬᠢᠵᠤ᠂ ᠡᠮᠦᠨ᠎ᠡ ᠹᠷᠣᠨᠲ ᠲᠤ ᠡᠷᠡᠯᠬᠡᠭᠯᠡᠨ ᠲᠡᠮᠡᠴᠡᠵᠦ᠂ ᠪᠤᠴᠠᠬᠤ ᠵᠠᠮ ᠢᠶᠠᠨ | ᠵᠥᠷᠢᠬᠦ ᠶᠠᠪᠤᠬᠤ ᠵᠠᠮ ᠪᠣᠯᠭᠠᠨ᠂ ᠬᠤᠷᠠᠨ ᠴᠤᠭᠯᠠᠷᠠᠯ ᠢᠶᠠᠨ ᠪᠠᠲᠤ ᠰᠠᠬᠢᠬᠤ ᠪᠣᠯᠭᠠᠵᠤ᠂ ᠦᠭᠡ ᠳᠠᠭᠤᠨ ᠦᠭᠡᠢ ᠪᠠᠷ | ᠲᠦᠮᠡᠨ ᠡᠷᠦᠬᠡ ᠶᠢᠨ ᠳ᠋ᠧᠩ ᠢ ᠰᠠᠬᠢᠨ ᠬᠠᠮᠠᠭᠠᠯᠠᠪᠠ᠃ | ᠯᠢᠦ ᠵᠢᠶᠦ᠋ᠨ ᠢ ᠥᠩᠭᠡᠷᠡᠭᠰᠡᠨ ᠨᠢᠭᠡ ᠵᠢᠯ ᠳᠤ᠂ ᠡᠯ᠎ᠡ ᠰᠠᠯᠠᠭ᠎ᠠ ᠮᠥᠴᠢᠷ ᠨᠢᠭᠡᠴᠡ ᠶᠡᠭᠡ ᠬᠡᠮᠵᠢᠶᠡᠨ ᠤ | ᠠᠵᠢᠯ ᠢ ᠡᠭᠦᠷᠭᠡᠯᠡᠵᠦ᠂ ᠰᠢᠷᠭᠠᠭᠤ ᠬᠠᠲᠠᠭᠤᠵᠢᠯᠲᠠᠢ ᠬᠢᠭᠰᠡᠨ ᠪᠠ ᠬᠠᠷᠠᠮ ᠦᠭᠡᠢ ᠵᠣᠷᠢᠭᠤᠯᠵᠤ᠂ ᠵᠢᠦ ᠶᠤᠸᠠᠨ | ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠴᠢᠬᠤᠯᠠ ᠬᠤᠪᠢ ᠨᠡᠮᠡᠷᠢ ᠦᠵᠡᠭᠦᠯᠵᠦ᠂ ᠣᠯᠠᠨ ᠢᠶᠠᠷ ᠢᠶᠠᠨ | ᠵᠦᠳᠡᠷᠡᠯ᠎ᠡ︕ ᠣᠯᠠᠨ ᠢᠶᠠᠷ ᠢᠶᠠᠨ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠴᠢᠷᠮᠠᠶᠢᠭᠰᠠᠨ ᠳᠡᠭᠡᠷ᠎ᠡ ᠪᠠᠨ | ᠴᠢᠷᠮᠠᠶᠢᠵᠤ᠂ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠪᠠᠨ ᠴᠢᠨᠠᠭᠰᠢᠳᠠ ᠪᠠᠳᠠᠷᠠᠭᠤᠯᠵᠤ᠂ ᠴᠠᠭᠠᠨ | ᠰᠠᠷ᠎ᠠ ᠶᠢᠨ ᠬᠤᠭᠤᠴᠠᠭᠠᠨ ᠳᠠᠬᠢ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠵᠡᠷᠭᠡ ᠡᠯ᠎ᠡ ᠵᠦᠢᠯ ᠤᠨ | ᠠᠵᠢᠯ ᠢ ᠰᠠᠶᠢᠲᠤᠷ ᠬᠢᠵᠦ᠂ ᠠᠵᠢᠯᠲᠠᠨ ᠤ ᠬᠦᠴᠦᠨ ᠢ ᠣᠨᠢᠨ ᠳᠡᠭᠡᠷ᠎ᠡ ᠨᠢ ᠲᠣᠬᠢᠷᠠᠭᠤᠯᠵᠤ᠂ ᠠᠵᠢᠯ ᠤᠨ | ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨᠬᠦ ᠪᠡᠶᠡᠯᠡᠭᠦᠯᠵᠦ᠂ | ᠬᠤᠲᠠ ᠶᠢᠨ ᠠᠵᠢᠯᠯᠠᠭᠠᠨ ᠤ ᠲᠣᠭᠲᠠᠭᠤᠨ ᠡᠮᠬᠢ ᠳᠢᠭᠯᠢᠮ ᠲᠠᠢ ᠰᠠᠭᠠᠳ ᠦᠭᠡᠢ ᠶᠠᠪᠤᠭᠳᠠᠬᠤ᠂ ᠴᠠᠭᠠᠨ ᠰᠠᠷ᠎ᠠ ᠶᠢᠨ | ᠠᠮᠠᠷᠠᠯᠲᠠ ᠶᠢᠨ ᠬᠤᠭᠤᠴᠠᠭᠠᠨ ᠤ ᠪᠠᠶᠠᠷ ᠪᠠᠶᠠᠰᠬᠤᠯᠠᠩ ᠲᠠᠢ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ | ᠱᠦᠵᠢ᠂ ᠪᠤᠭᠤᠲᠤ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠨᠠᠮ ᠤᠨ | ᠠᠵᠢᠯᠯᠠᠬᠤ ᠬᠤᠷᠢᠶᠠᠨ ᠤ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠢᠶᠧ ᡁᠢ ᠭᠠᠩ᠂ | ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ | ᠭᠡᠷ ᠤᠨ ᠡᠷᠬᠢᠯᠡᠭᠴᠢ ᠬᠠᠨ ᠮᠢᠩ ᠺᠠᠢ ᠲᠣᠬᠤᠨᠢᠭᠤᠯᠬᠤ ᠳᠤ ᠣᠷᠣᠯᠴᠠᠪᠠ᠃ | | | | | | | |