ᠣᠶᠢᠷ᠎ᠠ ᠳᠤ᠂ ᠬᠤᠲᠠ ᠶᠢᠨ ᠲᠣᠭᠤᠷᠢᠭ ᠨᠢ ᠪᠠᠶᠠᠷ ᠤᠨ ᠡᠳᠦᠷ ᠠᠴᠠ ᠡᠮᠣᠨ᠎ᠡ ᠴᠠᠰᠤ ᠣᠷᠣᠵᠤ᠂ ᠰᠠᠭᠤᠭᠠᠯᠢ | ᠠᠷᠠᠳ ᠤᠨ ᠠᠮᠤᠷ ᠲᠦᠪᠰᠢᠨ ᠭᠠᠳᠠᠭᠰᠢ ᠭᠠᠷᠬᠤ ᠶᠢ ᠪᠠᠲᠤᠯᠠᠬᠤ ᠶᠢᠨ ᠲᠥᠯᠥᠭᠡ᠂ ᠵᠢᠦ ᠶᠤᠸᠠᠨ ᠲᠣᠭᠤᠷᠢᠭ ᠤᠨ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ︽ | ᠴᠠᠰᠤ ᠪᠠᠷ ᠵᠠᠷᠯᠢᠭ ᠪᠣᠯᠭᠠᠵᠤ᠂ ᠰᠥᠷᠴᠦ ᠤᠷᠤᠭᠰᠢᠯᠠᠨ︾᠂ ᠬᠥᠮᠦᠰ ᠤᠨ ᠴᠠᠰᠤ ᠠᠷᠢᠯᠭᠠᠬᠤ ᠠᠵᠢᠯ ᠤᠨ | ᠨᠢᠭᠡᠳᠦᠭᠡᠷ ᠹᠷᠣᠨᠲ ᠲᠤ ᠦᠳᠲᠡᠷ ᠲᠦᠷᠭᠡᠨ ᠣᠷᠣᠯᠴᠠᠬᠤ ᠶᠢ ᠵᠣᠬᠢᠶᠠᠨ ᠪᠠᠶᠢᠭᠤᠯᠤᠨ᠂ ᠬᠠᠬᠢᠷ ᠬᠠᠲᠠᠭᠤ ᠴᠠᠰᠤ ᠶᠢ | ᠴᠡᠪᠡᠷᠯᠡᠨ ᠠᠷᠢᠯᠭᠠᠬᠤ ᠡᠯ᠎ᠡ ᠵᠦᠢᠯ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠬᠤᠲᠠ ᠶᠢᠨ ᠲᠣᠭᠤᠷᠢᠭ ᠤᠨ | ᠠᠵᠢᠯᠯᠠᠭᠠᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠪᠠ᠃ | | | | ᠬᠥᠮᠦᠨ ᠪᠠ ᠮᠠᠰᠢᠨ ᠬᠠᠮᠲᠤᠷᠠᠨ ᠤᠶᠠᠯᠳᠤᠵᠤ ᠬᠠᠬᠢᠷ ᠬᠦᠢᠲᠡᠨ ᠠᠴᠠ ᠠᠶᠤᠬᠤ ᠦᠭᠡᠢ ᠪᠠᠶᠢᠯ᠎ᠠ᠃ ᠴᠠᠰᠤᠨ ᠤ | ᠪᠠᠶᠢᠳᠠᠯ ᠢ ᠦᠨᠳᠦᠰᠦᠯᠡᠨ᠂ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠦᠳᠲᠡᠷ ᠲᠦᠷᠭᠡᠨ ᠴᠤᠤᠷᠢᠶᠠᠲᠤᠨ | ᠳᠠᠭᠠᠵᠤ᠂ ᠢᠦᠢ ᠾᠧ ᠲᠢᠶᠠᠨ ᠺᠣᠮᠫᠠᠨᠢ ᠶᠢ ᠢᠳᠡᠪᠬᠢᠲᠡᠢ ᠵᠣᠬᠢᠴᠠᠭᠤᠯᠵᠤ ᠣᠷᠴᠢᠨ ᠲᠣᠭᠤᠷᠢᠨ ᠤ ᠠᠷᠢᠭᠤᠨ | ᠴᠡᠪᠡᠷ ᠤᠨ ᠬᠥᠮᠦᠰ᠂ ᠲᠡᠷᠭᠡ ᠬᠥᠰᠬᠡ ᠶᠢ ᠵᠣᠬᠢᠶᠠᠨ ᠪᠠᠶᠢᠭᠤᠯᠤᠨ ᠡᠯ᠎ᠡ ᠵᠠᠮ ᠤᠨ ᠬᠡᠰᠡᠭ ᠲᠤ ᠣᠴᠢᠭᠤᠯᠵᠤ᠂ ︽ | ᠬᠤᠲᠠ ᠶᠢᠨ ᠬᠠᠮᠢᠶᠠᠷᠤᠯᠲᠠ + ᠣᠷᠴᠢᠨ ᠲᠣᠭᠤᠷᠢᠨ ᠤ ᠠᠷᠢᠭᠤᠨ ᠴᠡᠪᠡᠷ︾ ᠤᠨ ᠠᠵᠢᠯ ᠤᠨ ᠱᠠᠭᠠᠷᠳᠠᠯᠭ᠎ᠠ ᠶᠢ | ᠴᠢᠩᠭ᠎ᠠ ᠵᠢᠷᠤᠮᠯᠠᠨ᠂ ︽ᠬᠥᠮᠦᠨ ᠪᠠ ᠮᠠᠰᠢᠨ ᠢ ᠤᠶᠠᠯᠳᠤᠭᠤᠯᠬᠤ︾ ᠠᠷᠭ᠎ᠠ ᠮᠠᠶ᠋ᠢᠭ ᠢ ᠠᠪᠴᠤ᠂ ᠬᠥᠮᠦᠨ ᠤ | ᠤᠷᠤᠰᠬᠠᠯ ᠤᠨ ᠬᠡᠮᠵᠢᠶ᠎ᠡ᠂ ᠲᠡᠷᠭᠡᠨ ᠤ ᠤᠷᠤᠰᠬᠠᠯ ᠤᠨ ᠬᠡᠮᠵᠢᠶ᠎ᠡ ᠪᠠᠷ ᠨᠡᠯᠢᠶᠡᠳ ᠶᠡᠭᠡ ᠭᠤᠣᠯᠳᠠᠯᠭ᠎ᠠ ᠲᠠᠢ ᠵᠠᠮ ᠤᠨ | ᠬᠡᠰᠡᠭ᠂ ᠲᠣᠨᠣᠯᠵᠢᠨ ᠵᠠᠮ ᠤᠨ ᠠᠭᠤᠯᠵᠠᠷ ᠵᠡᠷᠭᠡ ᠬᠡᠰᠡᠭ ᠲᠤ ᠤᠷᠢᠳᠠᠪᠠᠷ ᠴᠠᠰᠤ ᠴᠡᠪᠡᠷᠯᠡᠬᠦ ᠠᠵᠢᠯ ᠬᠢᠵᠦ᠂ ᠵᠠᠮ ᠤᠨ | ᠬᠤᠷᠠᠭᠰᠠᠨ ᠴᠠᠰᠤ ᠮᠥᠰᠥ ᠪᠣᠯᠬᠤ ᠶᠢ ᠰᠡᠷᠭᠡᠶᠢᠯᠡᠪᠡ᠃ ᠬᠤᠳᠠᠯᠳᠤᠭᠠᠨ ᠤ ᠡᠷᠦᠬᠡ ᠶᠢ ᠳᠠᠶᠢᠴᠢᠯᠠᠵᠤ᠂ ︽ᠡᠭᠦᠳᠡᠨ | ᠡᠮᠦᠨᠡᠬᠢ ᠭᠤᠷᠪᠠ ᠶᠢ ᠳᠠᠭᠠᠭᠠᠴᠢᠯᠠᠬᠤ︾ ᠶᠢ ᠨᠠᠶᠢᠳᠠᠪᠤᠷᠢᠵᠢᠭᠤᠯᠪᠠ᠃ ᠳᠡᠯᠭᠡᠭᠦᠷ ᠤᠨ ᠬᠤᠳᠠᠯᠳᠤᠭᠠᠴᠢᠨ ᠡᠷᠦᠬᠡ ᠶᠢ | ᠰᠢᠮᠳᠠᠭᠤᠯᠵᠤ ᠪᠠᠶᠢᠭᠠᠳ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠳᠦᠷᠢᠮ ᠢ | ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠵᠤ᠂ ᠡᠭᠦᠳᠡᠨ ᠡᠮᠦᠨᠡᠬᠢ ᠬᠤᠷᠠᠭᠰᠠᠨ ᠴᠠᠰᠤ ᠶᠢ ᠤᠬᠠᠮᠰᠠᠷ ᠠᠴᠠ ᠪᠠᠨ | ᠠᠷᠢᠯᠭᠠᠬᠤ ᠶᠢᠨ ᠬᠠᠮᠲᠤ ᠵᠠᠰᠠᠮᠠᠯ ᠵᠠᠮ ᠤᠨ ᠬᠥᠪᠡᠭᠡᠨ ᠳᠤ ᠲᠠᠯᠪᠢᠵᠤ᠂ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠤ | ᠴᠠᠰᠤ ᠠᠷᠢᠯᠭᠠᠬᠤ ᠳᠠᠶᠢᠯᠠᠯᠳᠤᠭᠠᠨ ᠳᠤ ᠰᠠᠨᠠᠭᠠᠴᠢᠯᠠᠭ᠎ᠠ ᠠᠴᠠ ᠪᠠᠨ ᠣᠷᠣᠯᠴᠠᠬᠤ ᠶᠢ ᠪᠦᠲᠦᠮᠵᠢᠲᠡᠢ ᠠᠬᠢᠭᠤᠯᠪᠠ᠃ | ᠡᠪᠦᠯ ᠤᠨ ᠤᠯᠠᠷᠢᠯ ᠳᠤ ᠰᠡᠳᠬᠢᠯ ᠳᠤᠯᠠᠭᠠᠴᠠᠭᠤᠯᠤᠨ ᠤᠷᠢᠳᠠᠪᠠᠷ ᠤᠬᠠᠭᠤᠯᠬᠤ ᠨᠢ ᠴᠢᠬᠤᠯᠠ ᠪᠠᠶᠢᠯ᠎ᠠ᠃ ᠵᠡᠭᠡᠯᠢ | ᠳᠠᠭᠠᠤ ᠶᠢᠨ ᠨᠢᠭᠡᠴᠡ᠂ ᠬᠤᠳᠠᠯᠳᠤᠭᠠᠨ ᠤ ᠡᠷᠦᠬᠡ᠂ ᠥᠷᠭᠡᠨ ᠣᠯᠠᠨ ᠬᠤᠲᠠ ᠶᠢᠨ ᠠᠷᠠᠳ ᠢ ᠥᠷᠭᠡᠨ ᠢᠶᠠᠷ | ᠳᠠᠶᠢᠴᠢᠯᠠᠨ ᠴᠠᠰᠤ ᠮᠥᠰᠥ ᠠᠷᠢᠯᠭᠠᠬᠤ ᠠᠵᠢᠯᠯᠠᠭ᠎ᠠ ᠳᠤ ᠣᠷᠣᠯᠴᠠᠭᠤᠯᠵᠤ᠂ ᠡᠭᠦᠳᠡᠨ ᠡᠮᠦᠨᠡᠬᠢ ᠣᠷᠣᠨ ᠪᠦᠰᠡ ᠶᠢᠨ | ᠬᠤᠷᠠᠭᠰᠠᠨ ᠴᠠᠰᠤ᠂ ᠬᠤᠷᠠᠭᠰᠠᠨ ᠤᠰᠤ ᠶᠢ ᠰᠠᠨᠠᠭᠠᠴᠢᠯᠠᠭ᠎ᠠ ᠠᠴᠠ ᠪᠠᠨ ᠴᠡᠪᠡᠷᠯᠡᠵᠦ᠂ ᠴᠡᠪᠡᠷ ᠲᠡᠭᠰᠢ ᠪᠠᠶᠢᠬᠤ ᠶᠢ | ᠪᠠᠲᠤᠯᠠᠵᠤ᠂ ᠶᠠᠪᠠᠭᠠᠨ ᠬᠥᠮᠦᠨ ᠪᠠ ᠲᠡᠷᠭᠡ ᠬᠥᠰᠬᠡ ᠳᠤ ᠠᠮᠤᠷ ᠲᠦᠪᠰᠢᠨ ᠤ ᠵᠡᠮ ᠨᠡᠭᠡᠭᠡᠵᠦ ᠥᠭᠪᠡ᠃ ᠣᠳᠣ | ᠪᠣᠯᠲᠠᠯ᠎ᠠ᠂ ᠨᠡᠶᠢᠲᠡ 500 ᠭᠠᠷᠤᠢ ᠬᠤᠪᠢ ︽ᠴᠠᠰᠤ ᠠᠷᠢᠯᠭᠠᠬᠤ ᠰᠠᠨᠠᠭᠠᠴᠢᠯᠠᠭ᠎ᠠ ᠶᠢᠨ ᠪᠢᠴᠢᠭ︾ ᠢ ᠲᠠᠷᠬᠠᠭᠠᠪᠠ᠃ | | | | ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠴᠠᠭ ᠠᠭᠤᠷ ᠤᠨ ᠬᠤᠪᠢᠷᠠᠯᠲᠠ ᠪᠣᠯᠤᠨ ᠵᠠᠮ ᠤᠨ ᠪᠠᠶᠢᠳᠠᠯ ᠢ | ᠴᠠᠭ ᠢᠮᠠᠭᠲᠠ ᠠᠩᠬᠠᠷᠴᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠴᠢᠩᠭᠠᠳᠬᠠᠵᠤ᠂ | ᠠᠮᠤᠷ ᠲᠦᠪᠰᠢᠨ ᠡᠮᠬᠢ ᠳᠢᠭᠯᠢᠮ ᠲᠠᠢ ᠰᠠᠭᠠᠳ ᠦᠭᠡᠢ ᠨᠡᠪᠲᠡᠷᠡᠬᠦ ᠵᠠᠮ ᠤᠨ ᠣᠷᠴᠢᠨ ᠲᠣᠭᠤᠷᠢᠨ ᠢ ᠦᠷᠭᠦᠯᠵᠢᠯᠡᠨ | ᠪᠦᠬᠦ ᠬᠦᠴᠦᠨ ᠢᠶᠠᠷ ᠢᠶᠠᠨ ᠪᠣᠢ ᠪᠣᠯᠭᠠᠵᠤ᠂ ᠬᠤᠲᠠ ᠶᠢᠨ ᠲᠣᠭᠤᠷᠢᠭ ᠤᠨ ᠰᠠᠭᠤᠭᠠᠯᠢ ᠠᠷᠠᠳ ᠤᠨ ᠶᠠᠪᠤᠵᠤ | ᠰᠠᠭᠤᠬᠤ ᠳᠤ ᠪᠠᠲᠤ ᠪᠠᠬᠢ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ᠂ ᠪᠣᠳᠠᠲᠤ | ᠠᠵᠢᠯᠯᠠᠭ᠎ᠠ ᠪᠠᠷ ᠢᠶᠠᠨ ᠴᠠᠰᠤ ᠰᠢᠭᠤᠷᠭᠠᠨ ᠤ ᠳᠤᠮᠳᠠᠬᠢ ︽ᠬᠤᠲᠠ ᠶᠢᠨ ᠬᠠᠮᠢᠶᠠᠷᠤᠯᠲᠠ + ᠣᠷᠴᠢᠨ ᠲᠣᠭᠤᠷᠢᠨ ᠤ | ᠡᠷᠡᠭᠦᠯ ᠬᠠᠮᠠᠭᠠᠯᠠᠯ︾ ᠤᠨ ᠬᠤᠷᠳᠤᠴᠠ ᠶᠢ ᠢᠯᠡᠷᠡᠭᠦᠯᠵᠦ᠂ ᠥᠷᠭᠡᠨ ᠣᠯᠠᠨ ᠰᠠᠭᠤᠭᠠᠯᠢ ᠠᠷᠠᠳ ᠤᠨ ᠠᠮᠤᠷ | ᠲᠦᠪᠰᠢᠨ ᠢᠶᠠᠷ ᠭᠠᠷᠬᠤ ᠵᠠᠮ ᠢ ᠳᠤᠯᠠᠭᠠᠴᠠᠭᠤᠯᠤᠨ᠎ᠠ᠃ | | | | | | |