ᠤᠯᠤᠰ ᠤᠨ ᠲᠥᠷᠥ ᠶᠢᠨ ᠪᠣᠳᠣᠯᠭ᠎ᠠ ᠶᠢ ᠢᠳᠡᠪᠬᠢᠲᠡᠢ ᠳᠠᠭᠠᠵᠤ᠂ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠶᠠᠭᠠᠷᠠᠯᠲᠠᠢ ᠭᠤᠶᠤᠴᠢᠯᠠᠪᠠ
ᠨᠡᠶᠢᠲᠡᠯᠡᠭᠰᠡᠨ ᠴᠠᠭ᠄
2025/2/6
    ᠲᠦᠷᠦᠭᠦᠦ ᠵᠢᠯ ᠤᠨ ᠰᠡᠭᠦᠯᠴᠢ ᠡᠨᠡ ᠵᠢᠯ ᠤᠨ ᠡᠬᠢᠨ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠬᠠᠮᠢᠶᠠᠷᠤᠯᠲᠠ ᠶᠢᠨ ᠲᠣᠭᠲᠠᠴᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠬᠦ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠵᠤ᠂ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠣᠷᠣᠭᠤᠯᠤᠯᠲᠠ ᠶᠢᠨ ᠬᠦᠷᠢᠶ᠎ᠡ ᠶᠢ ᠥᠷᠭᠡᠳᠬᠡᠬᠦ ᠪᠠ ᠲᠥᠷᠥᠯ ᠵᠦᠢᠯ ᠤᠨ ᠬᠥᠷᠥᠩᠭᠡ ᠮᠥᠩᠭᠦ ᠶᠢᠨ ᠬᠡᠪᠴᠢᠶ᠎ᠡ ᠶᠢ ᠥᠷᠭᠡᠳᠬᠡᠬᠦ ᠶᠢ ᠳᠤᠷᠠᠳᠴᠤ᠂ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠣᠷᠣᠭᠤᠯᠤᠯᠲᠠ ᠶᠢᠨ ᠬᠦᠷᠢᠶᠡᠨ ᠳᠠᠬᠢ ︽ᠨᠠᠵᠠᠭᠠᠢ ᠲᠠᠯ᠎ᠠ ᠶᠢᠨ ᠨᠠᠷᠢᠨ ᠳᠠᠩᠰᠠ︾ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠤᠨ ᠬᠥᠷᠥᠩᠭᠡ ᠮᠥᠩᠭᠦ ᠶᠢᠨ ᠬᠡᠪᠴᠢᠶ᠎ᠡ ᠶᠢ ᠥᠷᠭᠡᠳᠬᠡᠬᠦ ᠳᠤ ᠬᠡᠷᠡᠭᠯᠡᠬᠦ ᠪᠣᠯᠤᠨ᠎ᠠ᠃     ᠮᠠᠨ ᠤ ᠲᠣᠭᠤᠷᠢᠭ ᠢᠳᠡᠪᠬᠢᠲᠡᠢ ᠪᠠᠷ ᠴᠤᠤᠷᠢᠶᠠᠲᠤᠨ ᠳᠠᠭᠠᠵᠤ᠂ ᠴᠠᠭ ᠲᠣᠬᠢᠶᠠᠯ ᠢ ᠠᠮᠵᠢᠨ᠂ ᠲᠥᠷᠥᠯ ᠵᠦᠢᠯ ᠢ ᠥᠷᠭᠡᠨ ᠢᠶᠠᠷ ᠴᠤᠭᠯᠠᠭᠤᠯᠵᠤ᠂ ᠡᠮᠦᠨᠡᠬᠢ ᠬᠤᠭᠤᠴᠠᠭᠠᠨ ᠤ ᠤᠬᠠᠭᠤᠯᠭ᠎ᠠ ᠪᠠ ᠰᠡᠭᠦᠯᠴᠢ ᠶᠢᠨ ᠬᠤᠭᠤᠴᠠᠭᠠᠨ ᠤ ᠬᠢᠨᠠᠨ ᠬᠠᠷᠭᠤᠭᠤᠯᠤᠯᠲᠠ ᠪᠠᠷ ᠳᠠᠮᠵᠢᠨ᠂ ᠭᠤᠶᠤᠴᠢᠯᠠᠨ ᠮᠡᠳᠡᠭᠦᠯᠦᠭᠰᠡᠨ ᠲᠥᠷᠥᠯ ᠵᠦᠢᠯ ᠠᠴᠠ ᠱᠠᠭᠠᠷᠳᠠᠯᠭ᠎ᠠ ᠳᠤ ᠨᠡᠶᠢᠴᠡᠭᠰᠡᠨ ᠪᠥᠭᠡᠳ ᠵᠣᠬᠢᠬᠤ ᠥᠷᠢᠰᠥᠯᠳᠦᠬᠦ ᠬᠦᠴᠦᠨ ᠢ ᠪᠦᠷᠢᠯᠳᠦᠭᠦᠯᠦᠭᠰᠡᠨ 4 ᠲᠤᠰᠬᠠᠢ ᠵᠦᠢᠯ ᠤᠨ ᠥᠷᠢ ᠰᠢᠷᠢ ᠶᠢ ᠰᠣᠩᠭᠤᠨ ᠭᠠᠷᠭᠠᠵᠤ ᠮᠠᠨ ᠤ ᠲᠣᠭᠤᠷᠢᠭ ᠤᠨ ᠨᠥᠭᠡᠴᠡᠯᠡᠬᠦ ᠲᠥᠷᠥᠯ ᠵᠦᠢᠯ ᠪᠣᠯᠭᠠᠵᠤ᠂ ᠲᠤᠰ ᠲᠤᠰ ᠪᠤᠭᠤᠲᠤ ᠶᠢᠨ ᠵᠢᠦ ᠶᠤᠸᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠢᠵᠢ ᠪᠦᠷᠢᠳᠦᠭᠰᠡᠨ ᠪᠠᠴᠢᠮ ᠪᠠᠶᠢᠳᠠᠯ ᠢ ᠠᠷᠭᠠᠴᠠᠬᠤ ᠠᠳᠠᠯ ᠤᠨ ᠤᠰᠤᠨ ᠴᠥᠭᠦᠷᠥᠮ ᠵᠢᠴᠢ ᠠᠶᠤᠯᠲᠠᠢ ᠪᠣᠳᠠᠰ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠲᠡᠷᠭᠡᠨ ᠵᠣᠭᠰᠣᠭᠠᠯ ᠤᠨ ᠲᠥᠷᠥᠯ ᠵᠦᠢᠯ ︵ᠨᠢᠭᠡᠳᠦᠭᠡᠷ ᠬᠤᠭᠤᠴᠠᠭ᠎ᠠ︶᠂ ᠪᠤᠭᠤᠲᠤ ᠬᠤᠲᠠ ᠶᠢᠨ ᠵᠢᠦ ᠶᠤᠸᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠰᠡᠭ ᠤᠨ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ︵ᠨᠢᠭᠡᠳᠦᠭᠡᠷ ᠬᠤᠭᠤᠴᠠᠭ᠎ᠠ︶᠂ 2023 ᠣᠨ ᠤ ᠬᠤᠶᠠᠷᠬᠤᠲᠤᠭ ᠪᠠᠯᠭᠠᠰᠤᠨ ᠤ 4.2 ᠲᠦᠮᠡᠨ ᠮᠦ ᠤᠷᠢᠳᠠᠪᠠᠷ ᠪᠠᠶᠢᠭᠤᠯᠵᠤ ᠳᠠᠷᠠᠭ᠎ᠠ ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠤᠨ᠎ᠠ᠃ ᠲᠤᠰᠬᠠᠢ ᠵᠦᠢᠯ ᠤᠨ ᠵᠢᠭᠡᠯᠡᠯᠭᠡ ᠶᠢᠨ ᠪᠡᠯᠡ ᠮᠥᠩᠭᠦ ᠭᠤᠶᠤᠴᠢᠯᠠᠬᠤ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 13.5 ᠳ᠋ᠦᠩᠰᠢᠭᠤᠷ ᠲᠥᠭᠦᠷᠢᠭ ᠲᠤ ᠬᠦᠷᠴᠦ᠂ ᠪᠡᠯᠡ ᠮᠥᠩᠭᠦ ᠶᠢᠨ ᠬᠡᠷᠡᠭᠴᠡᠭᠡ 5.28 ᠳ᠋ᠦᠩᠰᠢᠭᠤᠷ ᠲᠥᠭᠦᠷᠢᠭ ᠲᠤ ᠬᠦᠷᠴᠡᠢ᠃     ᠲᠤᠰ ᠤᠳᠠᠭᠠᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢᠨ ᠭᠤᠶᠤᠴᠢᠯᠠᠯ ᠨᠢ ᠬᠦᠷᠢᠶᠡᠯᠡᠩ ᠲᠣᠭᠤᠷᠢᠭ ᠤᠨ ᠵᠠᠮ ᠤᠨ ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠬᠤ᠂ ᠬᠦᠷᠢᠶᠡᠯᠡᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠭᠡᠨᠡᠳᠲᠡ ᠶᠢᠨ ᠠᠳᠠᠯ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠪᠠ ᠨᠡᠩ ᠠᠮᠤᠷ ᠲᠦᠪᠰᠢᠨ ᠣᠳᠣᠬᠢᠴᠢᠯᠠᠭᠰᠠᠨ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠢᠷᠡᠭᠡᠳᠦᠢ ᠳᠤ ᠮᠠᠨ ᠤ ᠲᠣᠭᠤᠷᠢᠭ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠪᠠᠨ ᠦᠷᠭᠦᠯᠵᠢᠯᠡᠨ ᠥᠷᠭᠡᠳᠬᠡᠵᠦ᠂ ᠡᠯ᠎ᠡ ᠲᠥᠷᠥᠯ ᠤᠨ ᠪᠡᠯᠡ ᠮᠥᠩᠭᠦ ᠶᠢ ᠰᠠᠶᠢᠲᠤᠷ ᠠᠰᠢᠭᠯᠠᠨ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ᠂ ᠠᠷᠠᠳ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠳᠤ ᠠᠰᠢᠭᠲᠠᠢ ᠨᠥᠬᠦᠴᠡᠯ ᠢ ᠪᠦᠷᠢᠯᠳᠦᠭᠦᠯᠵᠦ ᠥᠭᠭᠦᠨ᠎ᠡ᠃    
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号