︽ᠭᠤᠷᠪᠠ ᠶᠢ ᠲᠡᠮᠡᠴᠡᠨ ᠣᠯᠬᠤ︾ ᠠᠵᠢᠯ ᠲᠤᠬᠠᠶᠢᠯᠠᠪᠠᠯ ᠳᠡᠭᠡᠳᠦ ᠱᠠᠲᠤᠨ ᠤ ᠰᠠᠯᠠᠭ᠎ᠠ ᠮᠥᠴᠢᠷ ᠢᠶᠠᠷ | ᠳᠠᠮᠵᠢᠭᠤᠯᠤᠨ ᠠᠰᠢᠭᠲᠠᠢ ᠲᠥᠷᠥ ᠶᠢᠨ ᠪᠣᠳᠣᠯᠭ᠎ᠠ ᠪᠠ ᠲᠥᠷᠥᠯ ᠵᠦᠢᠯ ᠤᠨ ᠳᠡᠮᠵᠢᠯᠭᠡ ᠵᠢᠴᠢ ᠳᠡᠭᠡᠳᠦ ᠱᠠᠲᠤᠨ ᠤ | ᠪᠡᠯᠡ ᠮᠥᠩᠭᠦ ᠶᠢᠨ ᠣᠷᠣᠭᠤᠯᠤᠯᠲᠠ ᠶᠢ ᠲᠠᠲᠠᠵᠤ᠂ ᠭᠠᠵᠠᠷ ᠣᠷᠣᠨ ᠤ ᠠᠵᠤ ᠦᠢᠯᠡᠰ ᠤᠨ ᠳᠡᠰ ᠳᠡᠪᠰᠢᠬᠦ᠂ | ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠨᠡᠶᠢᠭᠡᠮ ᠤᠨ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ ᠠᠷᠠᠳ ᠲᠦᠮᠡᠨ ᠤ ᠠᠵᠠ ᠵᠢᠷᠭᠠᠯ ᠢ ᠳᠡᠭᠡᠭᠰᠢᠯᠡᠭᠦᠯᠬᠦ ᠶᠢᠨ | ᠴᠢᠬᠤᠯᠠ ᠪᠠᠲᠤᠯᠠᠭ᠎ᠠ ᠮᠥᠨ᠂ ᠪᠠᠰᠠ ᠴᠤ ᠵᠢᠦ ᠶᠤᠸᠠᠨ ᠲᠣᠭᠤᠷᠢᠭ ᠤᠨ ᠨᠠᠷᠢᠨ ᠪᠤᠳᠤᠯᠢᠶᠠᠨᠲᠠᠢ ᠬᠤᠪᠢᠷᠠᠯᠲᠠ | ᠶᠡᠬᠡᠲᠡᠢ ᠠᠵᠤ ᠠᠬᠤᠢ ᠶᠢᠨ ᠪᠠᠶᠢᠳᠠᠯ ᠳᠣᠣᠷ᠎ᠠ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠬᠦ ᠶᠢᠨ ᠴᠢᠬᠤᠯᠠ ᠢᠯᠡᠷᠡᠯ ᠮᠥᠨ᠃ | ᠵᠢᠦ ᠶᠤᠸᠠᠨ ᠲᠣᠭᠤᠷᠢᠭ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠢᠭᠡ ᠵᠢᠯ ᠤᠨ ᠴᠥᠬᠦᠷᠡᠰᠢ ᠦᠭᠡᠢ | ᠴᠢᠷᠮᠠᠶᠢᠯᠭ᠎ᠠ ᠪᠠᠷ ᠳᠠᠮᠵᠢᠨ᠂ ᠪᠦᠬᠦ ᠲᠣᠭᠤᠷᠢᠭ ᠢᠶᠠᠷ ᠢᠶᠠᠨ 17 ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢ | ᠲᠡᠮᠡᠴᠡᠨ ᠣᠯᠵᠤ᠂ 71 ᠲᠤᠷᠰᠢᠯᠲᠠ ᠶᠢᠨ ᠴᠡᠭ ᠵᠢᠱᠢᠶ᠎ᠡ ᠦᠵᠡᠭᠦᠯᠦᠯᠭᠡ ᠶᠢ ᠲᠡᠮᠡᠴᠡᠨ ᠣᠯᠵᠤ᠂ ᠡᠳᠡᠭᠡᠷ ᠪᠡᠯᠡ | ᠮᠥᠩᠭᠦ ᠪᠣᠯᠤᠨ ᠲᠥᠷᠥᠯ ᠵᠦᠢᠯ ᠤᠨ ᠣᠷᠣᠭᠤᠯᠤᠯᠲᠠ ᠶᠢ ᠡᠬᠢ ᠡᠭᠦᠰᠦᠯ ᠠᠴᠠ ᠨᠢ ᠠᠮᠢᠳᠤᠯᠢᠭ ᠪᠣᠯᠭᠠᠵᠤ᠂ ᠵᠢᠦ | ᠶᠤᠸᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠪᠣᠯᠤᠨ | ᠬᠥᠳᠡᠯᠭᠡᠬᠦ ᠬᠦᠴᠦᠨ ᠢ ᠨᠡᠮᠡᠷᠢᠯᠡᠭᠰᠡᠨ ᠪᠠᠶᠢᠨ᠎ᠠ᠃ ᠡᠨᠡ ᠬᠦ ᠠᠵᠢᠯ ᠢ ᠲᠠᠰᠤᠷᠠᠯᠲᠠ ᠦᠭᠡᠢ ᠰᠠᠶᠢᠲᠤᠷ ᠬᠢᠬᠦ ᠪᠠᠷ | ᠳᠠᠮᠵᠢᠨ᠂ ᠵᠢᠦ ᠶᠤᠸᠠᠨ ᠲᠣᠭᠤᠷᠢᠭ ᠤᠨ ᠬᠢᠨ ᠲᠥᠷᠥ ᠶᠢᠨ ᠪᠣᠳᠣᠯᠭ᠎ᠠ ᠶᠢᠨ ᠰᠢᠯᠢᠳᠡᠭ ᠰᠠᠢᠨ᠂ ᠪᠡᠯᠡ ᠮᠥᠩᠭᠦ | ᠭᠦᠢᠴᠡᠳ᠂ ᠲᠥᠷᠥᠯ ᠵᠦᠢᠯ ᠣᠯᠠᠨ ᠪᠠᠶᠢᠭ᠎ᠠ ᠬᠥᠭᠵᠢᠯᠲᠡ ᠶᠢᠨ ᠰᠢᠨ᠎ᠡ ᠪᠠᠶᠢᠷᠢᠰᠢᠯ ᠢ ᠠᠯᠬᠤᠮ ᠠᠯᠬᠤᠮ ᠢᠶᠠᠷ | ᠪᠠᠶᠢᠭᠤᠯᠵᠤ ᠪᠠᠶᠢᠨ᠎ᠠ᠃ | 2024 ᠣᠨ ᠢ ᠡᠷᠭᠢᠴᠡᠭᠦᠯᠪᠡᠯ᠂ ᠵᠢᠦ ᠶᠤᠸᠠᠨ ᠤ ᠬᠥᠮᠦᠰ ᠨᠢ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ | ᠠᠵᠢᠯ ᠤᠨ ᠵᠣᠷᠢᠭ ᠰᠠᠨᠠᠭ᠎ᠠ ᠪᠣᠯᠤᠨ ᠰᠢᠷᠭᠠᠭᠤ ᠬᠠᠲᠠᠭᠤᠵᠢᠯᠲᠠᠢ ᠠᠵᠢᠯᠯᠠᠬᠤ ᠰᠤᠷᠲᠠᠯ ᠢᠶᠠᠨ ᠦᠷᠭᠦᠯᠵᠢᠯᠡᠨ | ᠪᠠᠳᠠᠷᠠᠭᠤᠯᠵᠤ᠂ ᠯᠠᠪᠳᠠᠭᠤᠨ ᠪᠠᠲᠤᠲᠠᠢ ᠠᠵᠢᠯᠯᠠᠵᠤ᠂ ᠠᠯᠬᠤᠮ ᠠᠯᠬᠤᠮ ᠢᠶᠠᠷ ᠵᠢᠦ ᠶᠤᠸᠠᠨ ᠲᠣᠭᠤᠷᠢᠭ ᠤᠨ | ᠴᠡᠴᠡᠭᠯᠡᠨ ᠬᠥᠭᠵᠢᠬᠦ ᠵᠠᠮ ᠢ ᠨᠡᠭᠡᠭᠡᠪᠡ᠃ ᠡᠨᠡ ᠬᠦ ᠵᠠᠮ ᠳᠡᠭᠡᠷ᠎ᠡ ᠪᠢᠳᠡ ᠮᠠᠰᠢ ᠣᠯᠠᠨ ᠬᠦᠴᠢᠷ ᠪᠡᠷᠬᠡᠰᠢᠶᠡᠯ ᠢ ᠢᠯᠠᠨ | ᠳᠠᠪᠠᠵᠤ᠂ ᠨᠢᠭᠡᠨ ᠪᠦᠷᠢᠨ ᠲᠡᠭᠦᠯᠳᠡᠷ ᠠᠵᠢᠯ ᠤᠨ ᠲᠣᠭᠲᠠᠴᠠ ᠪᠠ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠵᠤ᠂ | ᠲᠥᠷᠥᠯ ᠵᠦᠢᠯ ᠤᠨ ᠬᠠᠮᠢᠶᠠᠷᠤᠯᠲᠠ ᠪᠠ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢ | ᠴᠢᠬᠤᠯᠠᠴᠢᠯᠠᠵᠤ᠂ ᠡᠯ᠎ᠡ ᠲᠥᠷᠥᠯ ᠤᠨ ᠲᠥᠷᠥᠯ ᠵᠦᠢᠯ ᠤᠨ ᠨᠥᠭᠡᠴᠡ ᠶᠢ ᠰᠢᠰᠲ᠋ᠧᠮ ᠲᠠᠢ ᠲᠥᠯᠥᠪᠵᠢᠭᠦᠯᠦᠨ | ᠨᠡᠮᠡᠭᠳᠡᠭᠦᠯᠵᠦ᠂ ᠣᠳᠣ ᠪᠣᠯᠲᠠᠯ᠎ᠠ ᠨᠡᠶᠢᠲᠡ 75 ᠲᠥᠷᠥᠯ ᠵᠦᠢᠯ ᠢ ᠰᠢᠨ᠎ᠡ ᠪᠠᠷ ᠨᠡᠮᠡᠭᠳᠡᠭᠦᠯᠵᠦ᠂ ᠶᠡᠷᠦᠩᠬᠡᠢ ᠪᠡᠯᠡ | ᠣᠷᠣᠭᠤᠯᠤᠯᠲᠠ ᠨᠢ 224 ᠳ᠋ᠦᠩᠰᠢᠭᠤᠷ ᠲᠥᠭᠦᠷᠢᠭ ᠲᠤ ᠬᠦᠷᠴᠦ᠂ ᠪᠡᠯᠡ ᠮᠥᠩᠭᠦ ᠶᠢᠨ ᠬᠡᠷᠡᠭᠴᠡᠭᠡ 58 | ᠳ᠋ᠦᠩᠰᠢᠭᠤᠷ ᠲᠥᠭᠦᠷᠢᠭ ᠲᠤ ᠬᠦᠷᠴᠦ᠂ ᠢᠷᠡᠬᠦ ᠵᠢᠯ ᠤᠨ ᠪᠡᠯᠡ ᠮᠥᠩᠭᠦ ᠶᠢ ᠲᠡᠮᠡᠴᠡᠨ ᠣᠯᠬᠤ ᠳᠤ ᠪᠠᠲᠤ ᠪᠠᠬᠢ | ᠰᠠᠭᠤᠷᠢ ᠶᠢ ᠲᠠᠯᠪᠢᠭᠰᠠᠨ ᠪᠠᠶᠢᠨ᠎ᠠ᠃ | ᠢᠷᠡᠭᠡᠳᠦᠢ ᠪᠠᠨ ᠪᠠᠷᠠᠯᠠᠬᠤᠶ᠎ᠠ᠂ ᠵᠢᠦ ᠶᠤᠸᠠᠨ ᠲᠣᠭᠤᠷᠢᠭ ᠤᠨ ᠬᠢᠨ ᠨᠡᠩ ᠣᠷᠭᠢᠯᠤᠮ᠎ᠠ ᠬᠠᠯᠠᠭᠤᠨ ᠰᠡᠳᠬᠢᠯᠭᠡ | ᠪᠠ ᠪᠣᠳᠠᠲᠠᠢ ᠶᠢ ᠡᠷᠬᠢᠮᠯᠡᠬᠦ ᠣᠪᠣᠷ ᠢᠶᠠᠷ ᠢᠲᠡᠭᠡᠯ ᠵᠣᠷᠢᠭ ᠢᠶᠠᠨ ᠪᠠᠲᠤᠳᠬᠠᠵᠤ᠂ ᠢᠯᠠᠯᠲᠠ ᠶᠢᠨ ᠡᠷᠴᠢᠨ ᠳᠡᠭᠡᠷ᠎ᠡ ᠪᠠᠨ | ᠤᠷᠤᠭᠰᠢᠯᠠᠵᠤ᠂ ︽ᠭᠤᠷᠪᠠ ᠶᠢ ᠲᠡᠮᠡᠴᠡᠨ ᠣᠯᠬᠤ︾ ᠠᠵᠢᠯ ᠢ ᠰᠠᠶᠢᠲᠤᠷ ᠬᠢᠬᠦ ᠶᠢ ᠬᠤᠲᠠ ᠶᠢᠨ ᠨᠠᠮ ᠤᠨ | ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠶᠢᠰᠦᠳᠦᠭᠡᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠭᠠᠷᠳᠠᠴᠠ ᠪᠣᠯᠭᠠᠵᠤ᠂ ᠲᠣᠭᠤᠷᠢᠭ ᠤᠨ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ | ᠬᠡᠷᠡᠭᠲᠡᠢ᠃ | | | | | | | | | |