ᠵᠢᠥ ᠶᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤᠮᠳᠠ ᠪᠠᠭ᠎ᠠ ᠠᠵᠤ ᠠᠬᠤᠶᠢᠯᠠᠯ ᠤᠨ ᠴᠢᠳᠠᠪᠤᠷᠢᠲᠠᠨ ᠤ ᠨᠥᠭᠡᠴᠡᠯᠡᠯᠲᠡ ᠶᠢᠨ ᠨᠥᠬᠦᠪᠥᠷᠢ ᠶᠢᠨ ᠲᠤᠰᠬᠠᠶ ᠰᠢᠮᠳᠠᠭᠤᠯᠤᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/3/10
    ᠳᠤᠮᠳᠠ ᠵᠢᠵᠢᠭ ᠠᠵᠤ ᠠᠬᠤᠶᠢᠯᠠᠯ ᠤᠨ ᠴᠢᠳᠠᠪᠤᠷᠢᠲᠠᠨ ᠤ ᠨᠥᠭᠡᠴᠡᠯᠡᠯᠲᠡ ᠶᠢᠨ ᠨᠥᠬᠦᠪᠥᠷᠢ ᠣᠯᠭᠤᠬᠤ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠴᠢᠩᠭᠠᠷᠠᠭᠤᠯᠬᠤ ᠶᠢᠨ ᠲᠥᠯᠥᠭᠡ᠂ ᠵᠢᠦ ᠶᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 3 ᠰᠠᠷ᠎ᠠ ᠶᠢᠨ 6 ᠤ ᠡᠳᠦᠷ ᠳᠤᠮᠳᠠ ᠵᠢᠵᠢᠭ ᠠᠵᠤ ᠠᠬᠤᠶᠢᠯᠠᠯ ᠤᠨ ᠴᠢᠳᠠᠪᠤᠷᠢᠲᠠᠨ ᠤ ᠨᠥᠭᠡᠴᠡᠯᠡᠯᠲᠡ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠪᠠ ᠪᠠᠯᠠ ᠮᠥᠩᠭᠦ ᠲᠠᠷᠬᠠᠭᠠᠭᠰᠠᠨ ᠪᠠᠶᠢᠳᠠᠯ ᠤᠨ ᠲᠤᠰᠬᠠᠶ ᠰᠢᠮᠳᠠᠭᠤᠯᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃
11111.jpg
    ᠰᠤᠭᠤᠴᠢᠨ ᠪᠠᠶᠢᠴᠠᠭᠠᠬᠤ ᠳᠤᠮᠳᠠ᠂ ᠰᠢᠮᠳᠠᠭᠤᠯᠤᠨ ᠪᠠᠶᠢᠴᠠᠭᠠᠬᠤ ᠠᠵᠢᠯᠲᠠᠳ ᠲᠤᠬᠠᠶ ᠶᠢᠨ ᠲᠠᠯᠠᠪᠠᠶ ᠳᠤ ᠲᠥᠷᠥ ᠶᠢᠨ ᠪᠣᠳᠣᠯᠭ᠎ᠠ ᠶᠢᠨ ᠭᠤᠤᠯᠳᠠᠯᠭ᠎ᠠ᠂ ᠨᠥᠬᠦᠪᠥᠷᠢ ᠥᠭᠬᠦ ᠡᠲᠡᠭᠡᠳ᠂ ᠨᠥᠬᠦᠪᠥᠷᠢ ᠶᠢᠨ ᠪᠠᠷᠢᠮᠵᠢᠶ᠎ᠠ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠬᠠᠷᠭᠤᠭᠤᠯᠤᠨ ᠪᠠᠶᠢᠴᠠᠭᠠᠪᠠ︔ ᠲᠤᠬᠠᠶᠢᠯᠠᠭᠰᠠᠨ ᠠᠵᠢᠯ ᠤᠨ ᠴᠤᠪᠤᠷᠠᠯ᠂ ᠭᠤᠶᠤᠴᠢᠯᠠᠨ ᠮᠡᠳᠡᠭᠦᠯᠬᠦ ᠭᠤᠭᠴᠤᠭ᠎ᠠ᠂ ᠬᠢᠨᠠᠨ ᠬᠠᠷᠭᠤᠭᠤᠯᠬᠤ ᠭᠤᠭᠴᠤᠭ᠎ᠠ᠂ ᠣᠯᠭᠤᠬᠤ ᠭᠤᠭᠴᠤᠭ᠎ᠠ ᠵᠡᠷᠭᠡ ᠳᠤ ᠰᠢᠮᠳᠠᠭᠤᠯᠤᠨ ᠪᠠᠶᠢᠴᠠᠭᠠᠯᠲᠠ ᠬᠢᠪᠡ᠃ ᠲᠣᠰ ᠤᠳᠠᠭᠠᠨ ᠤ ᠲᠤᠬᠠᠶ ᠶᠢᠨ ᠲᠠᠯᠠᠪᠤᠷ ᠤᠨ ᠰᠢᠮᠳᠠᠭᠤᠯᠤᠨ ᠪᠠᠶᠢᠴᠠᠭᠠᠯᠲᠠ ᠳᠤ ᠨᠡᠶᠢᠲᠡ 7 ᠨᠥᠭᠡᠴᠡᠯᠡᠬᠦ ᠨᠢᠭᠡᠴᠡ᠂ 36 ᠨᠥᠭᠡᠴᠡᠯᠡᠬᠦ ᠲᠠᠢ ᠬᠤᠯᠪᠣᠭᠳᠠᠭᠰᠠᠨ ᠬᠥᠮᠦᠰ ᠢ ᠬᠢᠨᠠᠨ ᠪᠠᠶᠢᠴᠠᠭᠠᠵᠤ᠂ 10.7 ᠲᠦᠮᠡ ᠭᠠᠷᠤᠶ ᠲᠥᠭᠦᠷᠢᠭ ᠤᠨ ᠨᠥᠬᠦᠪᠥᠷᠢ ᠮᠥᠩᠭᠦ ᠣᠯᠭᠤᠪᠠ᠃ ᠰᠢᠮᠳᠠᠭᠤᠯᠤᠨ ᠪᠠᠶᠢᠴᠠᠭᠠᠬᠤ ᠪᠠᠷ ᠳᠠᠮᠵᠢᠭᠠᠳ᠂ ᠨᠥᠭᠡᠴᠡᠯᠡᠭᠰᠡᠨ ᠨᠥᠬᠦᠪᠥᠷᠢ ᠶᠢ ᠨᠢᠭᠡᠨᠲᠡ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠣᠰᠣᠭᠠᠷ ᠦᠨᠡᠨ ᠮᠥᠨ ᠢᠶᠠᠷ ᠨᠢ ᠣᠯᠭᠤᠵᠤ᠂ ᠬᠡᠶᠢᠰᠪᠦᠷᠢ ᠲᠠᠷᠬᠠᠭᠠᠬᠤ᠂ ᠣᠯᠠᠨ ᠡᠭᠦᠰᠬᠦ᠂ ᠳᠤᠲᠠᠭᠤ ᠲᠠᠷᠬᠠᠭᠠᠬᠤ ᠵᠡᠷᠭᠡ ᠪᠠᠶᠢᠳᠠᠯ ᠣᠷᠣᠰᠢᠬᠤ ᠥᠬᠡᠶ᠃    ᠰᠢᠮᠳᠠᠭᠤᠯᠤᠨ ᠪᠠᠶᠢᠴᠠᠭᠠᠬᠤ ᠪᠠᠷ ᠳᠡᠮᠵᠢᠨ᠂ ᠳᠤᠮᠳᠠ ᠵᠢᠵᠢᠭ ᠠᠵᠤ ᠠᠬᠤᠶᠢᠯᠠᠯ ᠤᠨ ᠴᠢᠳᠠᠪᠤᠷᠢᠲᠠᠨ ᠢ ᠨᠥᠭᠡᠴᠡᠯᠡᠬᠦ ᠨᠥᠬᠦᠪᠥᠷᠢ ᠶᠢ ᠲᠠᠷᠬᠠᠭᠠᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠢᠨᠠᠯᠲᠠ ᠲᠠᠯᠪᠢᠬᠤ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠬᠢᠨᠠᠯᠲᠠ ᠲᠠᠯᠪᠢᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠢᠦ ᠶᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠡᠳᠦᠷ ᠲᠤᠲᠤᠮ ᠤᠨ ᠬᠢᠨᠠᠯᠲᠠ ᠲᠠᠯᠪᠢᠬᠤ ᠪᠠ ᠪᠠᠯᠠ ᠮᠥᠩᠭᠦ ᠭᠤᠶᠤᠴᠢᠯᠠᠨ ᠮᠡᠳᠡᠭᠦᠯᠬᠦ ︽ᠡᠷᠬᠢᠨ ᠬᠠᠷᠠᠬᠤ︾ ᠶᠢ ᠦᠷᠭᠦᠯᠵᠢᠯᠡᠨ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠶ ᠪᠠᠷ ᠬᠡᠷᠡᠭᠵᠢᠭᠦᠯᠬᠦ ᠶᠢ ᠦᠨᠡᠨ ᠬᠦ ᠪᠠᠲᠤᠯᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号