2025 ᠣᠨ ᠤ ᠴᠠᠭᠠᠨ ᠰᠠᠷ᠎ᠠ ᠥᠩᠭᠡᠷᠡᠭᠰᠡᠨ ᠤ ᠲᠠᠷᠠᠭ᠎ᠠ᠂ ᠪᠤᠭᠤᠲᠤ ᠶᠢᠨ ᠰᠢᠨ᠎ᠡ ᠮᠠᠲ᠋ᠧᠷᠢᠶᠠᠯ ᠤᠨ ᠠᠵᠤ | ᠦᠢᠯᠡᠰ ᠤᠨ ᠬᠦᠷᠢᠶᠡᠯᠡᠩ ᠨᠢ《ᠪᠠᠶᠠᠷ ᠤᠨ ᠡᠳᠦᠷ ᠤᠨ ᠬᠡᠪ ᠵᠠᠭᠪᠤᠷ》 ᠠᠴᠠ《ᠠᠵᠢᠯ ᠤᠨ ᠬᠡᠪ ᠵᠠᠭᠪᠤᠷ》 ᠲᠤ | ᠲᠦᠷᠭᠡᠨ ᠰᠣᠯᠢᠭᠳᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠣᠯᠤᠨ ᠣᠮᠤᠭ ᠲᠡᠭᠦᠯᠳᠡᠷ ᠲᠡᠮᠡᠴᠡᠯ ᠤᠨ ᠵᠣᠷᠢᠭ ᠢᠶᠠᠷ | ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠠᠵᠢᠯ ᠤᠨ ᠰᠢᠨ᠎ᠡ ᠠᠶᠠᠯᠠᠯ ᠢᠶᠠᠨ ᠪᠦᠬᠦ ᠲᠠᠯ᠎ᠠ ᠪᠠᠷ | ᠡᠬᠢᠯᠡᠭᠦᠯᠵᠡᠢ᠃ | ᠬᠦᠷᠢᠶᠡᠯᠡᠩ ᠲᠣᠭᠤᠷᠢᠭ ᠨᠢ ᠳᠠᠷᠤᠶ ᠲᠦᠷᠭᠡᠨ ᠬᠤᠲᠠ ᠲᠣᠭᠤᠷᠢᠭ ᠬᠤᠶᠠᠷ ᠱᠠᠲᠤᠨ ᠤ ᠠᠷᠠᠯᠵᠢᠶᠠᠴᠢᠨ ᠤᠷᠢᠵᠤ | ᠪᠠᠯᠠ ᠣᠷᠣᠭᠤᠯᠬᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠬᠦᠷᠢᠶᠡᠯᠡᠩ ᠲᠣᠭᠤᠷᠢᠭ ᠤᠨ ᠭᠤᠤᠯ | ᠤᠳᠤᠷᠢᠳᠤᠯᠭ᠎ᠠ ᠳᠤᠭᠤᠶᠢᠯᠠᠩ ᠳᠠᠭᠠᠭᠤᠯᠤᠨ ᠪᠠᠶᠠᠷ ᠤᠨ ᠡᠳᠦᠷ ᠤᠨ ᠳᠠᠷᠠᠭᠠᠬᠢ ᠠᠩᠬ᠎ᠠ ᠤᠳᠠᠭ᠎ᠠ ᠭᠠᠳᠠᠭᠰᠢ ᠭᠠᠷᠴᠤ | ᠬᠤᠳᠠᠯᠳᠤᠭᠠᠴᠢᠨ ᠤᠷᠢᠬᠤ ᠠᠵᠢᠯᠯᠠᠭ᠎ᠠ ᠥᠷᠨᠢᠭᠦᠯᠵᠦ᠂ ᠠᠷᠠᠯᠵᠢᠶᠠᠴᠢᠨ ᠤᠷᠢᠬᠤ ᠳᠤᠭᠤᠶᠢᠯᠠᠩ ᠨᠢ ᠱᠠᠨᠳᠦ᠋ᠩ ᠤᠨ | ᠴᠢᠩᠳᠣᠤ᠂ ᠭᠤᠸᠠᠩᠳᠦ᠋ᠩ ᠵᠡᠷᠭᠡ ᠭᠠᠵᠠᠷ ᠲᠤ ᠬᠦᠷᠴᠦ ᠠᠵᠤ ᠠᠬᠤᠶᠢᠯᠠᠯ ᠲᠠᠢ ᠵᠣᠯᠭᠠᠭᠤᠯᠵᠤ᠂ ᠴᠢᠩᠳᠣᠤ ᠶᠢᠨ | ᠰᠢᠩ ᠳ᠋ᠧ ᠤᠰᠤᠲᠥ᠋ᠷᠥᠭᠴᠢ ᠡᠨᠧᠷᠭᠢ᠂ ᠱᠠᠨᠳᠦ᠋ᠩ ᠤᠨ ᠤᠣ ᠶᠠᠩ᠂ ᠱᠠᠨᠳᠦ᠋ᠩ ᠤᠨ ᠶᠣᠣ ᠬᠤᠸᠠ ᠡᠨᠧᠷᠭᠢ᠂ | ᠱᠧᠨᠵᠧᠨ ᠤ ᠤᠰᠤᠲᠥ᠋ᠷᠥᠭᠴᠢ ᠬᠥᠬᠡ ᠴᠠᠭ ᠦᠶ᠎ᠡ᠂ ᠭᠦᠸᠧ ᠬᠤᠩ ᠤᠰᠤᠲᠥ᠋ᠷᠥᠭᠴᠢ ᠡᠨᠧᠷᠭᠢ᠂ ᠴᠢᠩᠳᠣᠤ ᠶᠢᠨ | ᠺᠠᠮᠫᠷᠢᠰ᠂ ᠴᠢᠩᠳᠣᠤ ᠶᠢᠨ ᠴᠤᠸᠠᠩ ᠴᠢ ᠰᠢᠩ ᠳ᠋ᠧ ᠵᠡᠷᠭᠡ 7 ᠠᠵᠤ ᠠᠬᠤᠶᠢᠯᠠᠯ ᠢ ᠲᠤᠬᠠᠶ ᠶᠢᠨ ᠭᠠᠵᠠᠷ ᠲᠤᠨᠢ | ᠰᠢᠨᠵᠢᠯᠡᠨ ᠪᠠᠶᠢᠴᠠᠭᠠᠪᠠ᠃ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠠᠰᠤᠭ ᠢᠶᠠᠷ ᠲᠣᠭᠤᠷᠢᠨ ᠦᠵᠡᠵᠦ᠂ ᠠᠵᠤ | ᠦᠢᠯᠡᠰ ᠤᠨ ᠣᠳᠣᠬᠢ ᠪᠠᠶᠢᠳᠠᠯ ᠢ ᠤᠶᠢᠯᠠᠭᠠᠨ᠂ ᠪᠤᠭᠤᠲᠤ ᠶᠢᠨ ᠬᠥᠭᠵᠢᠯᠲᠡ ᠶᠢᠨ ᠢᠷᠡᠭᠡᠳᠦᠶ᠂ ᠬᠤᠶᠢᠰᠢᠳᠠ ᠶᠢᠨ | ᠬᠠᠮᠢᠶ᠎ᠠ ᠪᠥᠬᠦᠶ ᠲᠥᠷᠥᠯ ᠵᠦᠢᠯ ᠤᠨ ᠬᠦᠷᠢᠶᠡᠯᠡᠩ ᠲᠣᠭᠤᠷᠢᠭ ᠲᠤ ᠨᠤᠲᠤᠭᠰᠢᠬᠤ ᠪᠣᠯᠤᠮᠵᠢᠲᠤ ᠴᠢᠨᠠᠷ ᠵᠡᠷᠭᠡ | ᠲᠠᠯ᠎ᠠ ᠪᠠᠷ ᠵᠥᠪᠳᠡᠵᠦ᠂ ᠬᠡᠰᠡᠭ ᠭᠤᠤᠯᠳᠠᠯᠭ᠎ᠠ ᠲᠠᠢ ᠲᠥᠷᠥᠯ ᠵᠦᠢᠯ ᠤᠨ ᠡᠷᠲᠡᠬᠡᠨ ᠭᠡᠷ᠎ᠡ ᠲᠣᠭᠲᠠᠵᠤ᠂ ᠡᠷᠲᠡᠬᠡᠨ | ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠠᠬᠢᠭᠤᠯᠪᠠ᠃ 2024 ᠣᠨ ᠤ 12 ᠰᠠᠷ᠎ᠠ ᠳᠤ ᠠᠷᠠᠯᠵᠢᠶᠠᠴᠢᠨ | ᠤᠷᠢᠵᠤ ᠪᠠᠯᠠ ᠣᠷᠣᠭᠤᠯᠬᠤ《ᠡᠭᠦᠳᠡ ᠲᠣᠭᠰᠢᠬᠤ ᠠᠵᠢᠯᠯᠠᠭ᠎ᠠ》ᠥᠷᠨᠢᠭᠦᠯᠦᠭᠰᠡᠨ ᠠᠴᠠ ᠨᠠᠭᠠᠰᠢ᠂ ᠬᠦᠷᠢᠶᠡᠯᠡᠩ | ᠲᠣᠭᠤᠷᠢᠭ ᠨᠢ ᠡᠯ᠎ᠡ ᠲᠥᠷᠥᠯ ᠤᠨ ᠠᠵᠤ ᠠᠬᠤᠶᠢᠯᠠᠯ᠂ ᠨᠡᠶᠢᠭᠡᠮᠯᠢᠭ ᠲᠠᠢ ᠨᠡᠶᠢᠲᠡ 90 ᠵᠣᠯᠭᠠᠯᠳᠤᠵᠤ᠂ ᠡᠭᠦᠨ ᠳᠤ | ᠡᠨᠧᠷᠭᠢ ᠬᠠᠳᠠᠭᠠᠯᠠᠬᠤ ᠤᠰᠤᠲᠥ᠋ᠷᠥᠭᠴᠢ ᠶᠢᠨ ᠠᠵᠤ ᠦᠢᠯᠡᠰ 27᠂ ᠴᠠᠬᠢᠭᠤᠷᠲᠤ ᠰᠢᠨ᠎ᠡ ᠮᠠᠲ᠋ᠧᠷᠢᠶᠠᠯ ᠤᠨ ᠠᠵᠤ | ᠦᠢᠯᠡᠰ 12᠂ ᠳᠡᠭᠡᠳᠦ ᠴᠢᠳᠠᠪᠬᠢᠲᠤ ᠰᠢᠷᠬᠡᠭᠯᠢᠭ ᠵᠢᠴᠢ ᠳᠡᠭᠡᠳᠦ ᠮᠣᠯᠧᠺᠦ᠋ᠯᠲᠦ ᠰᠢᠨ᠎ᠡ ᠮᠠᠲ᠋ᠧᠷᠢᠶᠠᠯ ᠤᠨ ᠠᠵᠤ | ᠦᠢᠯᠡᠰ 9 ᠪᠣᠶ᠃ | ᠶᠠᠷᠢᠯᠴᠠᠵᠤ ᠪᠠᠶᠢᠭ᠎ᠠ ᠲᠥᠷᠥᠯ ᠵᠦᠢᠯ ᠤᠨ ᠬᠥᠳᠡᠯᠦᠯ ᠪᠠᠶᠢᠳᠠᠯ ᠢ ᠢᠳᠡᠪᠬᠢᠲᠡᠢ ᠳᠠᠭᠠᠬᠤ ᠶᠢᠨ ᠬᠠᠮᠲᠤ᠂ | ᠠᠷᠠᠯᠵᠢᠶᠠᠴᠢᠨ ᠤᠷᠢᠬᠤ ᠬᠥᠮᠦᠰ ᠰᠢᠨ᠎ᠡ ᠠᠵᠤ ᠠᠬᠤᠶᠢᠯᠠᠯ᠂ ᠰᠢᠨ᠎ᠡ ᠲᠥᠷᠥᠯ ᠵᠦᠢᠯ ᠲᠠᠢ ᠢᠳᠡᠪᠬᠢᠲᠡᠶ ᠬᠠᠷᠢᠯᠴᠠᠵᠤ᠂ | ᠬᠠᠷᠠᠯᠲᠠᠲᠤ ᠠᠵᠤ ᠠᠬᠤᠶᠢᠯᠠᠯ ᠳᠤ ᠭᠦᠨᠵᠡᠭᠡᠶ ᠨᠠᠷᠢᠨ ᠰᠤᠳᠤᠯᠤᠯᠲᠠ ᠪᠠ ᠪᠡᠯᠡᠳᠬᠡᠯ ᠬᠢᠵᠦ᠂ ᠳᠤᠮᠳᠠ᠂ ᠳᠤᠤᠷᠠᠳᠤ | ᠤᠷᠤᠰᠬᠠᠯ ᠤᠨ ᠮᠠᠲ᠋ᠧᠷᠢᠶᠠᠯ ᠦᠢᠯᠡᠳᠬᠦ ᠵᠢᠴᠢ ᠬᠡᠷᠡᠭᠯᠡᠭᠡᠨ ᠤ ᠦᠵᠦᠭᠦᠷ ᠤᠨ ᠠᠵᠤ ᠦᠢᠯᠡᠰ ᠢ ᠭᠤᠤᠯᠳᠠᠯᠭ᠎ᠠ ᠲᠠᠢ | ᠣᠷᠣᠭᠤᠯᠤᠨ ᠠᠪᠴᠢᠷᠠᠵᠤ᠂ ᠠᠵᠤ ᠦᠢᠯᠡᠰ ᠤᠨ ᠬᠡᠯᠬᠢᠶ᠎ᠡ ᠶᠢ ᠲᠦᠷᠭᠡᠳᠬᠡᠨ ᠲᠡᠭᠦᠯᠳᠡᠷᠵᠢᠭᠦᠯᠦᠨ᠎ᠡ᠃ ᠠᠷᠠᠯᠵᠢᠶᠠᠴᠢᠨ | ᠤᠷᠢᠬᠤ ᠶᠢᠨ ᠣᠨᠣᠪᠴᠢ ᠶᠢᠨ ᠬᠡᠮᠵᠢᠶ᠎ᠡ ᠪᠠ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ | ᠲᠤᠰᠠᠳᠠ᠂ ᠠᠷᠠᠯᠵᠢᠶᠠᠴᠢᠨ ᠤᠷᠢᠬᠤ ᠠᠵᠢᠯᠲᠠᠳ ᠣᠲᠣ ᠶᠢᠨ ᠪᠠᠶᠢᠭ᠎ᠠ ᠤᠰᠤᠲᠥ᠋ᠷᠥᠭᠴᠢ ᠶᠢᠨ ᠡᠨᠧᠷᠭᠢ ᠬᠠᠳᠠᠭᠠᠯᠠᠬᠤ | ᠠᠵᠤ ᠦᠢᠯᠡᠰ᠂ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠵᠡᠷᠭᠡ ᠬᠠᠷᠠᠯᠲᠠᠲᠤ ᠠᠵᠤ | ᠠᠬᠤᠶᠢᠯᠠᠯ ᠤᠨ ᠬᠥᠮᠥᠷᠭᠡ ᠳᠤ ᠪᠥᠬᠦ ᠲᠠᠯ᠎ᠠ ᠶᠢᠨ ᠰᠢᠭᠰᠢᠨ ᠪᠠᠶᠢᠴᠠᠭᠠᠯᠲᠠ ᠬᠢᠵᠦ᠂ ᠬᠠᠷᠢᠯᠴᠠᠬᠤ ᠠᠷᠭ᠎ᠠ ᠮᠠᠶ᠋ᠢᠭ᠂ | ᠡᠵᠡᠩᠨᠡᠯᠲᠡ ᠶᠢᠨ ᠪᠠᠶᠢᠳᠠᠯ᠂ ᠵᠠᠬ᠎ᠠ ᠳᠡᠯᠭᠡᠭᠦᠷ ᠤᠨ ᠬᠥᠳᠡᠯᠦᠩᠭᠦᠶ ᠪᠠᠶᠢᠳᠠᠯ ᠵᠡᠷᠭᠡ ᠶᠢ ᠪᠠᠭᠲᠠᠭᠠᠭᠰᠠᠨ ᠠᠵᠤ | ᠠᠬᠤᠶᠢᠯᠠᠯ ᠤᠨ ᠦᠨᠳᠦᠰᠦᠨ ᠮᠡᠳᠡᠭᠡ ᠵᠠᠩᠭᠢ ᠶᠢ ᠬᠢᠨᠠᠨ ᠬᠠᠷᠭᠤᠭᠤᠯᠵᠤ᠂ ᠲᠤᠭ᠎ᠠ ᠪᠠᠷᠢᠮᠲᠠ ᠶᠢᠨ ᠣᠨᠣᠪᠴᠢᠲᠤ | ᠴᠢᠨᠠᠷ ᠢ ᠦᠨᠡᠨᠬᠦ ᠪᠠᠲᠤᠯᠠᠨ᠎ᠠ᠃ ᠠᠵᠤ ᠠᠬᠤᠶᠢᠯᠠᠯ ᠤᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠬᠥᠳᠡᠯᠦᠯ | ᠪᠠᠶᠢᠳᠠᠯ᠂ ᠲᠤᠬᠠᠶᠢᠯᠠᠭᠰᠠᠨ ᠠᠵᠢᠯ ᠤᠨ ᠥᠷᠭᠡᠵᠢᠬᠦ ᠴᠢᠭᠯᠡᠯ᠂ ᠮᠡᠷᠭᠡᠵᠢᠯ ᠤᠨ ᠰᠢᠪᠲᠤᠯᠤᠯᠲᠠ ᠵᠡᠷᠭᠡ ᠵᠠᠩᠭᠢᠯᠠᠭ᠎ᠠ ᠶᠢᠨ | ᠮᠡᠳᠡᠭᠡ ᠵᠠᠩᠭᠢ ᠶᠢ ᠭᠤᠣᠯᠳᠠᠯᠭ᠎ᠠ ᠲᠠᠢ ᠠᠩᠬᠠᠷᠴᠤ᠂ ᠳᠠᠯᠳᠠ ᠬᠤᠷᠰᠢᠬᠤ ᠲᠣᠬᠢᠶᠠᠯ ᠢ ᠴᠠᠭ ᠲᠤᠬᠠᠶ ᠳᠤᠨᠢ ᠣᠯᠬᠤ | ᠬᠡᠷᠡᠭᠲᠡᠶ᠃ ᠠᠵᠢᠯ ᠲᠥᠷᠥᠯ ᠤᠨ ᠦᠵᠡᠭᠦᠯᠦᠯᠭᠡ ᠶᠢᠨ ᠴᠤᠭᠯᠠᠭᠠᠨ᠂ ᠬᠤᠳᠠᠯᠳᠤᠭᠠᠴᠢᠳ ᠤᠨ ᠡᠪᠯᠡᠯ ᠤᠨ | ᠰᠣᠯᠢᠯᠴᠠᠭ᠎ᠠ᠂ ᠰᠦᠯᠵᠢᠶᠡᠨ ᠤ ᠲᠠᠪᠴᠠᠩ ᠵᠡᠷᠭᠡ ᠣᠯᠠᠨ ᠠᠷᠭ᠎ᠠ ᠵᠠᠮ ᠢᠶᠠᠷ ᠰᠢᠨ᠎ᠡ ᠪᠠᠷ ᠬᠥᠭᠵᠢᠭᠰᠡᠨ ᠴᠢᠨᠠᠷ | ᠰᠠᠶᠢᠲᠠᠶ ᠠᠵᠤ ᠠᠬᠤᠶᠢᠯᠠᠯ ᠤᠨ ᠮᠡᠳᠡᠭᠡ ᠵᠠᠩᠭᠢ ᠶᠢ ᠴᠤᠭᠯᠠᠭᠤᠯᠤᠨ᠎ᠠ᠃ ᠭᠤᠤᠯᠳᠠᠯᠭ᠎ᠠ ᠲᠠᠢ ᠬᠠᠷᠠᠯᠲᠠᠲᠤ ᠠᠵᠤ | ᠠᠬᠤᠶᠢᠯᠠᠯ ᠳᠤ᠂ ᠬᠠᠮᠲᠤᠷᠠᠯᠴᠠᠭᠠᠨ ᠤ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠶ ᠠᠭᠤᠳᠠᠯᠤᠨ᠎ᠠ︔ ᠳᠠᠯᠳᠠ | ᠬᠠᠷᠠᠯᠲᠠ ᠲᠠᠢ ᠠᠵᠤ ᠠᠬᠤᠶᠢᠯᠠᠯ ᠳᠤ ᠪᠣᠯ᠂ ᠮᠡᠳᠡᠭᠡ ᠵᠠᠩᠭᠢ ᠶᠢᠨ ᠠᠩᠬᠠᠷᠤᠯ ᠢ ᠪᠠᠲᠤᠯᠠᠵᠤ᠂ ᠣᠷᠣᠨ ᠪᠦᠰᠡ ᠶᠢᠨ | ᠳᠠᠪᠠᠭᠤᠯᠢᠭ ᠢ ᠴᠠᠭ ᠲᠤᠨᠢ ᠲᠣᠬᠢᠷᠠᠭᠤᠯᠤᠨ ᠬᠦᠷᠭᠡᠬᠦ ᠬᠡᠷᠡᠭᠲᠡᠶ᠃ ᠦᠷᠭᠦᠯᠵᠢᠯᠡᠨ ᠬᠥᠳᠡᠯᠦᠩᠭᠦᠢ ᠰᠢᠨᠡᠳᠬᠡᠬᠦ ᠪᠠᠷ | ᠳᠠᠮᠵᠢᠨ᠂ ᠨᠠᠷᠢᠯᠢᠭ ᠣᠨᠣᠪᠴᠢᠲᠠᠢ ᠥᠨᠳᠥᠷ ᠪᠦᠲᠦᠮᠵᠢᠲᠡᠢ ᠬᠠᠷᠠᠯᠲᠠᠲᠤ ᠠᠵᠤ ᠠᠬᠤᠶᠢᠯᠠᠯ ᠤᠨ ᠬᠥᠮᠥᠷᠭᠡ ᠶᠢ | ᠪᠠᠶᠢᠭᠤᠯᠵᠤ᠂ ᠠᠷᠠᠯᠵᠢᠶᠠᠴᠢᠨ ᠤᠷᠢᠬᠤ ᠠᠵᠢᠯ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ | | | | | | | | |