ᠬᠡᠷᠡᠭᠯᠡᠭᠡ ᠶᠢᠨ ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ ᠳᠠᠶᠢᠴᠢᠯᠠᠬᠤ ᠦᠢᠯᠡᠳᠦᠯ ᠢ ᠭᠦᠢᠴᠡᠳ | ᠪᠠᠳᠠᠷᠠᠭᠤᠯᠬᠤ ᠶᠢᠨ ᠲᠥᠯᠥᠭᠡ᠂ ᠵᠢᠤ ᠶᠤᠸᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ12 | ᠡᠵᠡᠩᠨᠡᠯᠲᠡ ᠶᠢᠨ ᠪᠠᠶᠢᠳᠠᠯ ᠰᠠᠶᠢᠨ᠂ ᠡᠵᠡᠩᠨᠡᠯᠲᠡ ᠶᠢᠨ ᠬᠡᠪᠴᠢᠶ᠎ᠡ ᠪᠠᠷ ᠨᠡᠯᠢᠶᠡᠳ ᠶᠡᠭᠡ ᠮᠠᠰᠢᠨ ᠲᠡᠷᠭᠡᠨ ᠤ ᠠᠵᠤ | ᠠᠬᠤᠶᠢᠯᠠᠯ ᠢ ᠢᠳᠡᠪᠬᠢᠲᠡᠢ ᠵᠣᠬᠢᠶᠠᠨ ᠪᠠᠶᠢᠭᠤᠯᠵᠤ《ᠶᠤᠸᠠᠢ ᠬᠤᠢ ᠯᠦ ᠴᠧᠩ ᠶᠤᠸᠠᠢ ᠳ᠋ᠦᠩ ᠮᠠᠰᠢᠨ | ᠲᠡᠷᠭᠡ》 ᠪᠠᠷ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠳᠤ ᠣᠷᠣᠯᠴᠠᠭᠤᠯᠵᠤ᠂ ᠮᠠᠰᠢᠨ ᠲᠡᠷᠭᠡ ᠶᠢ ᠬᠠᠭᠤᠴᠢᠨ ᠢᠶᠠᠷ | ᠰᠢᠨ᠎ᠡ ᠶᠢ ᠰᠣᠯᠢᠬᠤ ᠲᠦᠷᠦ ᠶᠢᠨ ᠪᠤᠳᠤᠯᠭ᠎ᠠ ᠶᠢᠨ ᠰᠠᠭᠤᠷᠢᠨ ᠳᠡᠭᠡᠷ᠎ᠡ᠂ ᠲᠦᠷᠦ ᠶᠢᠨ ᠪᠤᠳᠤᠯᠭ᠎ᠠ ᠶᠢᠨ ᠦᠷ᠎ᠡ | ᠠᠰᠢᠭ ᠢ ᠳᠠᠪᠬᠤᠴᠠᠭᠤᠯᠤᠨ ᠶᠡᠬᠡᠰᠬᠡᠪᠡ᠃ ᠡᠭᠦᠨ ᠠᠴᠠ ᠭᠠᠳᠠᠨ᠎ᠠ᠂ ᠮᠠᠰᠢᠨ ᠲᠡᠷᠭᠡᠨ ᠤ ᠠᠵᠤ ᠠᠬᠤᠶᠢᠯᠠᠯ ᠢ | ᠵᠣᠬᠢᠶᠠᠨ ᠪᠠᠶᠢᠭᠤᠯᠵᠤ ᠲᠤᠰᠬᠠᠶ ᠰᠡᠳᠦᠪᠲᠦ ᠪᠣᠯᠪᠠᠰᠤᠷᠠᠭᠤᠯᠤᠯ ᠳᠤ ᠣᠷᠣᠯᠴᠠᠭᠤᠯᠬᠤ ᠶᠢᠨ ᠬᠠᠮᠲᠤ ᠥᠷᠭᠡᠨ ᠳᠡᠯᠭᠡᠷ | ᠤᠬᠠᠭᠤᠯᠭ᠎ᠠ ᠬᠢᠵᠦ᠂ ᠮᠠᠰᠢᠨ ᠲᠡᠷᠭᠡᠨ ᠤ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ | ᠬᠠᠭᠤᠴᠢᠨ ᠢᠶᠠᠷ ᠰᠢᠨ᠎ᠡ ᠶᠢ ᠰᠣᠯᠢᠬᠤ ᠵᠢᠴᠢ ᠬᠡᠷᠡᠭᠯᠡᠭᠡ ᠶᠢ ᠠᠬᠢᠭᠤᠯᠬᠤ ᠲᠦᠷᠢᠮ ᠵᠢᠴᠢ ᠬᠠᠷᠠᠭᠠᠯᠵᠠᠯᠲᠤ | ᠲᠡᠮᠳᠡᠭᠲᠦ ᠶᠢ ᠬᠠᠷᠭᠤᠭᠤᠯᠤᠨ ᠭᠠᠷᠭᠠᠬᠤ ᠵᠡᠷᠭᠡ ᠠᠭᠤᠯᠭ᠎ᠠ ᠶᠢ ᠰᠠᠶᠢᠨ ᠣᠶᠢᠯᠠᠭᠠᠭᠤᠯᠵᠤ᠂ ᠮᠠᠰᠢᠨ ᠲᠡᠷᠭᠡᠨ ᠤ ᠠᠵᠤ | ᠠᠬᠤᠶᠢᠯᠠᠯ ᠤᠨ ᠰᠢᠨ᠎ᠡ ᠮᠠᠰᠢᠨ ᠲᠡᠷᠭᠡ ᠶᠢ ᠪᠣᠷᠣᠯᠠᠭᠤᠯᠬᠤ᠂ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠵᠡᠷᠭᠡ ᠳᠤ | ᠠᠩᠬᠠᠷᠤᠯ ᠢᠶᠠᠨ ᠲᠥᠪᠯᠡᠷᠡᠭᠦᠯᠦᠨ ᠬᠢᠮᠳᠠᠷᠠᠭᠤᠯᠤᠨ ᠠᠰᠢᠭ ᠣᠯᠭᠤᠬᠤ᠂ ᠮᠠᠰᠢᠨ ᠲᠡᠷᠭᠡ ᠬᠤᠳᠠᠯᠳᠤᠨ ᠠᠪᠴᠤ | ᠲᠦᠭᠰᠢᠭᠦᠷᠢ ᠬᠦᠷᠭᠡᠬᠦ ᠵᠡᠷᠭᠡ ᠰᠢᠷᠢᠰ ᠠᠵᠢᠯᠯᠠᠭ᠎ᠠ ᠥᠷᠨᠢᠭᠦᠯᠬᠦ ᠶᠢ ᠳᠡᠮᠵᠢᠨ᠎ᠡ᠃ ᠵᠠᠰᠠᠭ ᠠᠵᠤ ᠠᠬᠤᠶᠢᠯᠠᠯ ᠭᠠᠷ | ᠬᠤᠯᠪᠣᠨ《ᠵᠠᠰᠠᠭ ᠣᠷᠳᠣᠨ ᠤ ᠨᠥᠬᠦᠪᠥᠷᠢ + ᠠᠵᠤ ᠠᠬᠤᠶᠢᠯᠠᠯ ᠤᠨ ᠠᠰᠢᠭ ᠣᠯᠭᠤᠬᠤ》ᠠᠰᠠᠷᠠᠮᠵᠢ | ᠳᠠᠪᠬᠤᠴᠠᠭᠰᠠᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠵᠢᠩᠬᠢᠨᠢ ᠮᠥᠩᠭᠦ ᠪᠠᠷ ᠰᠠᠭᠤᠭᠠᠯᠢ ᠠᠷᠠᠳ ᠤᠨ | ᠬᠡᠷᠡᠭᠯᠡᠭᠡᠨ ᠤ ᠬᠦᠰᠡᠯ ᠤᠨ ᠥᠷᠨᠢᠯᠲᠡ ᠶᠢ ᠳᠠᠶᠢᠴᠢᠯᠠᠨ᠎ᠠ᠃ | | | | 2025 ᠣᠨ ᠤ 2 ᠰᠠᠷ᠎ᠠ ᠳᠤ᠂ ᠮᠠᠨ ᠤ ᠲᠤᠭᠤᠷᠢᠭ ᠤᠨ ᠠᠵᠢᠯᠯᠠᠭ᠎ᠠ ᠳᠤ ᠣᠷᠣᠯᠴᠠᠭᠰᠠᠨ 12 ᠮᠠᠰᠢᠨ | ᠲᠡᠷᠭᠡᠨ ᠤ ᠠᠵᠤ ᠠᠬᠤᠶᠢᠯᠠᠯ ᠨᠡᠶᠢᠲᠡ 164 ᠬᠡᠷᠡᠭᠯᠡᠭᠡᠨ ᠤ ᠲᠡᠮᠳᠡᠭᠲᠦ ᠶᠢ ᠬᠢᠨᠠᠨ ᠪᠣᠷᠣᠯᠠᠭᠤᠯᠵᠤ᠂ | ᠪᠣᠷᠣᠯᠠᠭᠤᠯᠭ᠎ᠠ ᠶᠢᠨ ᠬᠡᠮᠵᠢᠶ᠎ᠡ ᠨᠢ 2998.443 ᠲᠦᠮᠡᠨ ᠲᠥᠭᠦᠷᠢᠭ ᠲᠤ ᠬᠦᠷᠴᠦ᠂ 1—2 ᠳ᠋ᠤᠭᠠᠷ ᠰᠠᠷ᠎ᠠ ᠶᠢᠨ | ᠮᠠᠰᠢᠨ ᠲᠡᠷᠭᠡᠨ ᠤ ᠪᠣᠷᠣᠯᠠᠭᠤᠯᠭ᠎ᠠ ᠶᠢᠨ ᠬᠡᠮᠵᠢᠶ᠎ᠡ ᠶᠢ ᠠᠳᠠᠯᠢ ᠬᠤᠭᠤᠴᠠᠭᠠᠨ ᠤ ᠬᠢ ᠠᠴᠠ 23.11% ᠪᠠᠷ | ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ᠰᠢᠨ᠎ᠡ ᠠᠮᠢᠵᠢᠷᠠᠯ ᠤᠨ ᠬᠦᠴᠦᠨ ᠢ ᠠᠮᠵᠢᠯᠲᠠᠲᠠᠶ ᠬᠥᠭᠵᠢᠭᠡᠵᠦ᠂ ᠨᠢᠭᠡᠳᠦᠭᠡᠷ | ᠤᠯᠠᠷᠢᠯ ᠤᠨ ᠬᠡᠷᠡᠭᠯᠡᠭᠡᠨ ᠤ ᠵᠠᠬ᠎ᠠ ᠳᠡᠯᠭᠡᠭᠦᠷ ᠤᠨ《ᠰᠠᠶᠢᠨ ᠡᠬᠢᠯᠡᠯᠲᠡ》 ᠶᠢ ᠪᠡᠶᠡᠯᠡᠭᠦᠯᠬᠦ ᠳᠤ ᠬᠦᠴᠦᠲᠡᠶ | ᠬᠥᠳᠡᠯᠭᠡᠬᠦ ᠬᠦᠴᠦᠨ ᠨᠡᠮᠡᠷᠢᠯᠡᠪᠡ᠃ | ᠲᠠᠷᠠᠭᠠᠴᠢ ᠪᠠᠷ᠂ ᠵᠢᠤ ᠶᠤᠸᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ | ᠪᠠᠰᠠ《ᠲᠦᠷᠦ ᠶᠢᠨ ᠪᠤᠳᠤᠯᠭ᠎ᠠ ᠶᠢᠨ ᠨᠥᠬᠦᠪᠥᠷᠢ + ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ + ᠠᠵᠤ | ᠠᠬᠤᠶᠢᠯᠠᠯ ᠤᠨ ᠠᠰᠢᠭ ᠣᠯᠭᠤᠬᠤ 》ᠭᠤᠷᠪᠠᠨ ᠬᠦᠷᠳᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ | ᠲᠦᠷᠦ ᠶᠢᠨ ᠪᠤᠳᠤᠯᠭ᠎ᠠ ᠶᠢᠨ ᠤᠬᠠᠭᠤᠯᠭ᠎ᠠ᠂ ᠮᠥᠷᠳᠡᠨ ᠦᠢᠯᠡᠴᠢᠯᠡᠬᠦ ᠠᠵᠢᠯ ᠢ ᠪᠦᠬᠦ ᠬᠦᠴᠦᠨ ᠢᠶᠠᠷ ᠰᠠᠶᠢᠲᠤᠷ | ᠬᠢᠵᠦ᠂ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ | ᠰᠣᠯᠢᠬᠤ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠬᠤ ᠶᠢ ᠬᠦᠴᠦᠯᠡᠨ ᠠᠬᠢᠭᠤᠯᠵᠤ᠂ ᠲᠦᠷᠦ ᠶᠢᠨ | ᠪᠤᠳᠤᠯᠭ᠎ᠠ ᠶᠢᠨ ᠬᠠᠮᠤᠷᠬᠤ ᠬᠡᠪᠴᠢᠶ᠎ᠡ ᠪᠠ ᠤᠯᠠᠨ ᠲᠦᠮᠡᠨ ᠤ ᠣᠷᠣᠯᠴᠠᠬᠤ ᠬᠡᠮᠵᠢᠶ᠎ᠡ ᠶᠢ ᠳᠠᠰᠤᠷᠠᠯᠳᠠ ᠦᠭᠡᠢ | ᠥᠷᠭᠡᠳᠬᠡᠵᠦ᠂ ᠠᠷᠠᠳ ᠤᠯᠠᠨ ᠳᠤ ᠦᠨᠡᠨ ᠪᠣᠳᠠᠲᠠᠢ ᠬᠠᠷᠠᠭᠠᠯᠵᠠᠯ ᠬᠦᠷᠲᠡᠭᠡᠵᠦ᠂ ᠪᠦᠬᠦ ᠲᠤᠭᠤᠷᠢᠭ ᠤᠨ | ᠬᠤᠳᠠᠯᠳᠤᠭᠠᠨ ᠤ ᠶᠠᠪᠤᠳᠠᠯ ᠤᠨ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ᠂ ᠲᠣᠭᠲᠠᠭᠤᠨ ᠤ | ᠳᠤᠮᠳᠠ ᠠᠬᠢᠯᠳᠠ ᠲᠠᠢ ᠪᠠᠶᠢᠬᠤ ᠶᠢ ᠠᠬᠢᠭᠤᠯᠤᠨ᠎ᠠ᠃ | | | | | | | | |