ᠵᠢᠦ ᠶᠤᠸᠠᠨ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ 2023 ᠣᠨ ᠤ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠨᠥᠬᠦᠪᠥᠷᠢ ᠶᠢᠨ ᠲᠥᠷᠥᠯ ᠵᠦᠢᠯ ᠤᠨ ᠳ᠋ᠦᠩᠨᠡᠯᠲᠡ ᠶᠢᠨ ᠬᠤᠷᠠᠯ ᠵᠢᠴᠢ 2024 ᠣᠨ ᠤ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠨᠥᠬᠦᠪᠥᠷᠢ ᠶᠢᠨ ᠲᠥᠷᠥᠯ ᠵᠦᠢᠯ ᠤᠨ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/10
    ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠡᠩᠨᠡᠭᠡᠨ ᠤ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠤ ᠬᠠᠷᠠᠭ᠎ᠠ ᠶᠢ ᠨᠢ ᠥᠷᠭᠡᠳᠬᠡᠨ᠂ ᠲᠡᠭᠦᠨ ᠳᠤ ᠰᠢᠨ᠎ᠡ ᠮᠡᠳᠡᠭᠡ ᠵᠠᠩᠭᠢ ᠪᠠ ᠮᠡᠷᠭᠡᠵᠢᠯ ᠢ ᠲᠠᠰᠤᠷᠠᠯᠲᠠ ᠦᠭᠡᠢ ᠡᠵᠡᠮᠰᠢᠭᠦᠯᠵᠦ᠂ ᠲᠤᠬᠠᠶᠢᠯᠠᠭᠰᠠᠨ ᠠᠵᠢᠯ ᠤᠨ ᠬᠡᠪ ᠴᠢᠨᠠᠷ ᠢᠶᠠᠷ ᠥᠨᠳᠥᠷ᠂ ᠶᠡᠷᠦᠩᠬᠡᠶᠢᠯᠡᠭᠰᠡᠨ ᠴᠢᠳᠠᠪᠤᠷᠢ ᠪᠠᠷ ᠴᠢᠩᠭ᠎ᠠ᠂ ᠠᠵᠢᠯᠯᠠᠭᠠᠨ ᠨᠢ ᠥᠨᠳᠥᠷ ᠦᠷ᠎ᠡ ᠪᠦᠲᠦᠮᠵᠢᠲᠡᠶ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠨᠢᠭᠡᠨ ᠰᠠᠯᠠᠭ᠎ᠠ ᠡᠩᠨᠡᠭᠡ ᠶᠢ ᠤᠯᠠᠮ ᠨᠢᠭᠡ ᠠᠯᠬᠤᠮ ᠪᠣᠶ ᠪᠣᠯᠭᠠᠵᠤ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠦᠢᠯᠡᠴᠢᠯᠡᠭᠡᠨ ᠤ ᠰᠢᠰᠲ᠋ᠧᠮ ᠤᠨ ᠲᠥᠷᠥᠯ ᠵᠦᠢᠯ ᠢ ᠬᠡᠷᠡᠭᠵᠢᠭᠦᠯᠬᠦ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠶᠢᠨ ᠲᠦᠯᠦᠭᠡ᠃ ᠣᠶᠢᠷ᠎ᠠ ᠳᠤ᠂ ᠵᠢᠤ ᠶᠤᠸᠠᠨ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ 2023 ᠣᠨ ᠤ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠨᠥᠬᠦᠪᠥᠷᠢ ᠶᠢᠨ ᠲᠥᠷᠥᠯ ᠵᠦᠢᠯ ᠤᠨ ᠳ᠋ᠦᠩᠨᠡᠯᠲᠡ ᠶᠢᠨ ᠬᠤᠷᠠᠯ ᠵᠢᠴᠢ 2024 ᠣᠨ ᠤ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠨᠥᠬᠦᠪᠥᠷᠢ ᠶᠢᠨ ᠲᠥᠷᠥᠯ ᠵᠦᠢᠯ ᠤᠨ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠲᠥᠷᠥᠯ ᠵᠦᠢᠯ ᠤᠨ ᠲᠤᠰᠬᠠᠶ ᠮᠡᠷᠭᠡᠵᠢᠯᠲᠡᠨ᠂ ᠲᠠᠷᠢᠶᠠᠯᠠᠩ ᠤᠨ ᠮᠡᠷᠭᠡᠵᠢᠯ ᠤᠨ ᠵᠢᠭᠠᠨ ᠵᠢᠯᠣᠭᠤᠳᠣᠭᠴᠢ 90 ᠭᠠᠷᠤᠶ ᠬᠥᠮᠦᠨ ᠬᠤᠷᠠᠯ ᠳᠤ ᠣᠷᠣᠯᠴᠠᠵᠠᠶ᠃  ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠠᠷᠤᠭ᠎ᠠ ᠸᠠᠩ ᠳ᠋ᠦᠩ ᠯᠢᠶᠠᠩ᠂  ᠲᠤᠭᠤᠷᠢᠭ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠨᠥᠬᠦᠪᠥᠷᠢ ᠶᠢᠨ ᠲᠥᠷᠥᠯ ᠵᠦᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠡᠷᠬᠢᠯᠡᠭᠴᠢ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠡᠳ᠋ ᠳᠠᠷᠤᠭ᠎ᠠ ᠴᠠᠩ ᠰᠢᠨ ᠬᠤᠷᠠᠯ ᠳᠤ ᠣᠷᠣᠯᠴᠠᠵᠠᠶ᠃
11.jpg
    ᠬᠤᠷᠠᠯ ᠳᠡᠭᠡᠷ᠎ᠡ᠂ ᠡᠩ ᠲᠡᠷᠢᠭᠦᠨ ᠳᠤ 2023 ᠣᠨ ᠤ ᠲᠥᠷᠥᠯ ᠵᠦᠢᠯ ᠤᠨ ᠠᠵᠢᠯ ᠳᠤ ᠳ᠋ᠦᠩᠨᠡᠯᠲᠡ ᠬᠢᠪᠠ︔ ᠳᠠᠷᠠᠭ᠎ᠠ ᠨᠢ᠂《 2023 ᠣᠨ ᠤ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠨᠥᠬᠦᠪᠥᠷᠢ ᠶᠢᠨ ᠲᠥᠷᠥᠯ ᠵᠦᠢᠯ ᠤᠨ ᠰᠢᠯᠢᠳᠡᠭ ᠲᠠᠷᠢᠶᠠᠯᠠᠩ ᠤᠨ ᠮᠡᠷᠭᠡᠵᠢᠯ ᠤᠨ ᠵᠢᠯᠣᠭᠤᠳᠣᠭᠴᠢ ᠶᠢ ᠬᠥᠬᠢᠭᠦᠯᠦᠨ ᠰᠠᠶᠢᠰᠢᠶᠠᠬᠤ ᠲᠤᠬᠠᠶ ᠲᠣᠭᠲᠠᠭᠠᠯ》ᠪᠠ《 ᠵᠢᠤ ᠶᠤᠸᠠᠨ ᠲᠣᠭᠤᠷᠢᠭ ᠤᠨ 2024 ᠣᠨ ᠤ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠨᠥᠬᠦᠪᠥᠷᠢ ᠶᠢᠨ ᠲᠥᠷᠥᠯ ᠵᠦᠢᠯ ᠤᠨ ᠲᠤᠰᠬᠠᠶ ᠮᠡᠷᠭᠡᠵᠢᠯᠲᠡᠨ ᠪᠠ ᠲᠠᠷᠢᠶᠠᠯᠠᠩ ᠤᠨ ᠮᠡᠷᠭᠡᠵᠢᠯ ᠤᠨ ᠵᠢᠯᠣᠭᠤᠳᠣᠭᠴᠢ ᠶᠢ ᠤᠷᠢᠨ ᠬᠡᠷᠡᠭᠯᠡᠬᠦ ᠲᠤᠬᠠᠶ ᠮᠡᠳᠡᠭᠳᠡᠯ》 ᠢ ᠤᠩᠰᠢᠨ ᠨᠡᠶᠢᠲᠡᠯᠡᠭᠰᠡᠨ ᠪᠥᠭᠡᠳ ᠰᠢᠯᠢᠳᠡᠭ ᠲᠠᠷᠢᠶᠠᠯᠠᠩ ᠤᠨ ᠮᠡᠷᠭᠡᠵᠢᠯ ᠤᠨ ᠵᠢᠯᠣᠭᠤᠳᠣᠭᠴᠢ ᠳᠤ ᠢᠷᠠᠭᠤ ᠠᠯᠳᠠᠷ ᠤᠨ ᠦᠨᠡᠮᠯᠡᠯ ᠣᠯᠭᠤᠵᠤ᠂ ᠰᠢᠨ᠎ᠡ ᠪᠠᠷ ᠤᠷᠢᠵᠤ ᠬᠡᠷᠡᠭᠯᠡᠭᠰᠡᠨ ᠲᠠᠷᠢᠶᠠᠯᠠᠩ ᠤᠨ ᠮᠡᠷᠭᠡᠵᠢᠯ ᠤᠨ ᠵᠢᠯᠣᠭᠤᠳᠣᠭᠴᠢ ᠵᠢᠴᠢ ᠲᠤᠰᠬᠠᠶ ᠮᠡᠷᠭᠡᠵᠢᠯᠲᠡᠨ ᠳᠤ ᠤᠷᠢᠯᠭ᠎ᠠ ᠶᠢᠨ ᠪᠢᠴᠢᠭ ᠭᠠᠷᠳᠠᠭᠤᠯᠪᠠ᠃
22.jpg
    ᠬᠤᠷᠠᠯ ᠠᠴᠠ ᠱᠠᠭᠠᠷᠳᠠᠭᠰᠠᠨ ᠨᠢ᠂ ᠡᠯ᠎ᠡ ᠲᠠᠷᠢᠶᠠᠯᠠᠩ ᠤᠨ ᠮᠡᠷᠭᠡᠵᠢᠯ ᠤᠨ ᠵᠢᠯᠣᠭᠤᠳᠣᠭᠴᠢ ᠵᠢᠴᠢ ᠲᠤᠰᠬᠠᠶ ᠮᠡᠷᠭᠡᠵᠢᠯᠲᠡᠨ《ᠵᠢᠦ ᠶᠤᠸᠠᠨ ᠲᠣᠭᠤᠷᠢᠭ ᠤᠨ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠨᠥᠬᠦᠪᠥᠷᠢ ᠶᠢᠨ ᠲᠥᠷᠥᠯ ᠵᠦᠢᠯ ᠤᠨ ᠲᠤᠰᠬᠠᠶ ᠮᠡᠷᠭᠡᠵᠢᠯᠲᠡᠨ ᠤ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠰᠢᠯᠭᠠᠨ ᠦᠨᠡᠯᠡᠬᠦ ᠠᠷᠭ᠎ᠠ》᠂《ᠵᠢᠦ ᠶᠤᠸᠠᠨ ᠲᠣᠭᠤᠷᠢᠭ ᠤᠨ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠨᠥᠬᠦᠪᠥᠷᠢ ᠶᠢᠨ ᠲᠥᠷᠥᠯ ᠵᠦᠢᠯ ᠤᠨ ᠮᠡᠷᠭᠡᠵᠢᠯ ᠤᠨ ᠵᠢᠯᠣᠭᠤᠳᠣᠭᠴᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠰᠢᠯᠭᠠᠨ ᠦᠨᠡᠯᠡᠬᠦ ᠠᠷᠭ᠎ᠠ》 ᠶᠢᠨ ᠱᠠᠭᠠᠷᠳᠠᠯᠭ᠎ᠠ ᠶᠣᠰᠣᠭᠠᠷ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ 2024 ᠣᠨ ᠤ ᠠᠵᠢᠯ ᠢ ᠰᠠᠶᠢᠲᠤᠷ ᠥᠷᠨᠢᠭᠦᠯᠬᠦ ᠬᠡᠷᠡᠭᠲᠡᠶ᠃    ᠬᠤᠷᠠᠯ ᠤᠨ ᠰᠡᠭᠦᠯᠴᠢ ᠳᠤ᠂ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠶᠢᠨ ᠠᠵᠤ ᠠᠬᠤᠢ ᠬᠢᠭᠡᠳ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠶᠤᠸᠠᠨ ᠵᠢᠶᠠ ᡁᠢ ᠳᠡᠳ᠋ ᠫᠷᠤᠹᠧᠰᠰᠤᠷ ᠰᠤᠷᠤᠭᠴᠢᠳ ᠲᠠᠭᠠᠨ KIMI᠂ ᠪᠤᠷᠴᠠᠭ ᠤᠨ ᠪᠣᠣᠪᠤ᠂ DepSek ᠵᠡᠷᠭᠡ ᠵᠥᠭᠡᠯᠡᠨ ᠲᠤᠨᠤᠭ ᠢ ᠬᠡᠷᠬᠢᠨ ᠬᠡᠷᠡᠭᠯᠡᠵᠦ ᠥᠨᠳᠥᠷ ᠪᠦᠲᠦᠮᠵᠢᠲᠡᠢ ᠪᠠᠷ ᠬᠠᠮᠵᠢᠯᠴᠠᠨ ᠠᠵᠢᠯᠯᠠᠬᠤ ᠶᠢ ᠪᠡᠶᠡᠯᠡᠭᠦᠯᠬᠦ ᠵᠢᠴᠢ ᠬᠥᠮᠦᠨ ᠮᠠᠰᠢᠨ ᠤ ᠰᠣᠯᠢᠯᠴᠠᠭ᠎ᠠ ᠶᠢ ᠬᠡᠷᠬᠢᠨ ᠬᠢᠬᠦ ᠲᠤᠬᠠᠢ ᠲᠠᠶᠢᠯᠪᠤᠷᠢᠯᠠᠨ ᠥᠭᠴᠡᠢ︔ ᠰᠢᠨᠰᠢᠶᠠᠩ ᠬᠤᠳᠠ ᠶᠢᠨ ᠶᠢᠨ ᠬᠦ᠋ ᠠᠮᠢᠳᠤ ᠪᠣᠳᠠᠰ ᠤᠨ ᠬᠢᠵᠠᠭᠠᠷᠲᠤ ᠺᠣᠮᠫᠠᠨᠢ ᠶᠢᠨ ᠤᠷᠭᠤᠮᠠᠯ ᠢ ᠬᠠᠮᠠᠭᠠᠯᠠᠬᠤ ᠮᠡᠷᠭᠡᠵᠢᠯ ᠤᠨ ᠶᠡᠷᠦᠩᠬᠡᠢ ᠪᠠᠶᠢᠴᠠᠭᠠᠭᠴᠢ ᠾᠧ ᠸᠧᠨ ᠤᠷᠭᠤᠮᠠᠯ ᠤᠨ ᠥᠰᠥᠯᠲᠡ ᠶᠢᠨ ᠦᠢᠯᠡᠳᠦᠯ ᠤᠨ ᠵᠢᠮ᠎ᠡ ᠬᠠᠤᠯᠢ᠂ ᠬᠥᠷᠥᠰᠥ ᠰᠢᠷᠣᠢ ᠬᠤᠵᠢᠷᠯᠢᠭ ᠭᠠᠵᠠᠷ ᠢ ᠰᠠᠶᠢᠵᠢᠷᠠᠭᠤᠯᠬᠤ ᠦᠢᠯᠡᠳᠦᠯ ᠵᠡᠷᠭᠡ ᠤᠯᠠᠨ ᠲᠠᠯ᠎ᠠ ᠪᠠᠷ ᠬᠢᠮᠢ ᠶᠢᠨ ᠪᠤᠷᠳᠤᠭᠤᠷ ᠤᠨ ᠬᠡᠮᠵᠢᠶ᠎ᠡ ᠶᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠵᠠᠩᠭᠢᠯᠠᠭ᠎ᠠ ᠶᠢᠨ ᠮᠡᠷᠭᠡᠵᠢᠯ ᠢ ᠲᠠᠶᠢᠯᠪᠤᠷᠢᠯᠠᠪᠠ᠃    ᠬᠤᠷᠠᠯ ᠲᠡᠭᠦᠰᠦᠭᠰᠡᠨ ᠤ ᠳᠠᠷᠠᠭ᠎ᠠ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠤᠨ ᠲᠤᠰᠬᠠᠶ ᠮᠡᠷᠭᠡᠵᠢᠯᠲᠡᠨ᠂ ᠵᠢᠭᠠᠨ ᠵᠢᠯᠣᠭᠤᠳᠣᠭᠴᠢ ᠨᠠᠷ ᠢ ᠵᠣᠬᠢᠶᠠᠨ ᠪᠠᠶᠢᠭᠤᠯᠤᠨ ᠲᠠᠷᠢᠶᠠᠨ ᠭᠠᠵᠠᠷ ᠳᠠᠷᠢᠶ᠎ᠠ ᠳᠠᠷᠢᠵᠤ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ ᠶᠢᠨ ᠲᠠᠷᠢᠶᠠᠯᠠᠩ ᠤᠨ ᠪᠠᠶᠠᠷ ᠤᠨ ᠰᠠᠭᠤᠷᠢᠨ ᠭᠠᠵᠠᠷ᠂ ᠲᠢᠶᠠᠨ ᠶᠢᠦ ᠠᠮᠢ ᠠᠬᠤᠶ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠭᠤᠷᠠᠶ ᠶᠢᠨ ᠰᠠᠭᠤᠷᠢ ᠶᠢᠨ ᠥᠨᠳᠥᠷ ᠪᠠᠶᠢᠷᠢᠲᠤ ᠲᠣᠭᠤᠷᠢᠭ ᠨᠠᠭᠤᠷ ᠤᠨ ᠪᠣᠰᠤᠭ᠎ᠠ ᠴᠣᠭᠴᠠᠲᠤ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠭᠤᠸᠠᠩ ᠾᠧᠩ ᠲᠠᠷᠢᠶᠠᠴᠢᠳ ᠤᠨ ᠲᠤᠰᠬᠠᠶ ᠬᠤᠷᠰᠢᠶ᠎ᠠ ᠶᠢᠨ ᠭᠤᠸᠠ᠂ ᠨᠣᠭᠤᠭ᠎ᠠ᠂ ᠡᠭᠡᠯᠵᠢᠯᠡᠨ ᠳᠠᠷᠢᠬᠤ ᠲᠤᠷᠰᠢᠯᠲᠠ ᠶᠢᠨ ᠰᠠᠭᠤᠷᠢᠨ ᠭᠠᠵᠠᠷ ᠢ ᠲᠣᠭᠤᠷᠢᠨ ᠦᠵᠡᠪᠡ᠃    ᠲᠣᠰ ᠤᠳᠠᠭᠠᠨ ᠤ ᠪᠣᠯᠪᠠᠰᠤᠷᠠᠭᠤᠯᠤᠯ ᠳᠤ ᠣᠨᠣᠯ ᠤᠨ ᠵᠢᠭᠠᠨ ᠰᠤᠷᠭᠠᠯᠲᠠ ᠪᠠᠶᠢᠬᠤ ᠮᠥᠷᠲᠡᠭᠡᠨ ᠪᠠᠰᠠ ᠲᠤᠬᠠᠶ ᠶᠢᠨ ᠲᠠᠯᠠᠪᠤᠷ ᠲᠤ ᠦᠵᠡᠭᠦᠯᠦᠯᠭᠡ ᠬᠢᠵᠦ᠂ ᠪᠣᠯᠪᠠᠰᠤᠷᠠᠭᠤᠯᠤᠯ ᠤᠨ ᠠᠭᠤᠯᠭ᠎ᠠ ᠪᠠᠷ ᠪᠠᠶᠠᠯᠢᠭ ᠪᠠᠶᠢᠵᠤ᠂ ᠣᠨᠣᠯ ᠪᠠ  ᠦᠢᠯᠡᠳᠦᠯᠭᠡ ᠶᠢ ᠤᠶᠠᠯᠳᠤᠭᠤᠯᠤᠨ᠂ ᠨᠡᠯᠢᠶᠡᠳ ᠴᠢᠩᠭ᠎ᠠ ᠬᠠᠨᠳᠤᠯᠭᠠᠲᠤ ᠴᠢᠨᠠᠷ ᠪᠠ ᠬᠡᠷᠡᠭᠯᠡᠭᠡᠨ ᠤ ᠴᠢᠨᠠᠷ ᠲᠠᠢ ᠪᠣᠯᠵᠠᠶ᠃ ᠥᠷᠭᠡᠨ ᠤᠯᠠᠨ ᠲᠠᠷᠢᠶᠠᠯᠠᠩ ᠤᠨ ᠮᠡᠷᠭᠡᠵᠢᠯ ᠤᠨ ᠵᠢᠯᠤᠭᠤᠳᠤᠭᠴᠢ ᠵᠢᠴᠢ ᠲᠤᠰᠬᠠᠢ ᠮᠡᠷᠭᠡᠵᠢᠯᠲᠡᠨ᠂ ᠪᠣᠳᠠᠲᠠᠢ ᠠᠵᠢᠯ ᠲᠠᠢ ᠤᠶᠠᠯᠳᠤᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠬᠡᠬᠦᠳᠡᠭ ᠳᠦᠭᠦᠷᠡᠩ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠵᠢᠤ ᠶᠤᠸᠠᠨ ᠲᠤᠭᠤᠷᠢᠭ ᠤᠨ ᠮᠠᠯ ᠠᠵᠤ ᠠᠬᠤᠢ ᠲᠠᠷᠢᠶᠠᠯᠠᠩ ᠤᠨ ᠠᠵᠢᠯ ᠳᠤ ᠣᠷᠣᠯᠴᠠᠵᠤ᠂ ᠮᠠᠨ ᠤ ᠲᠤᠭᠤᠷᠢᠭ ᠤᠨ ᠮᠠᠯ ᠠᠵᠤ ᠠᠬᠤᠢ ᠲᠠᠷᠢᠶᠠᠯᠠᠩ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号