ᠪᠤᠭᠤᠲᠤ ᠵᠢᠦ ᠶᠤᠸᠠᠨ ᠵᠠᠰᠠᠭ ᠤᠨ ᠣᠷᠳᠣᠨ ᠤ ᠠᠯᠪᠠᠨ ᠲᠠᠷᠬᠠᠭᠠᠭᠰᠠᠨ | 〔 2025〕7 ᠳ᠋ᠤᠭᠠᠷ ᠲᠣᠭᠠᠲᠤ | ᠵᠢᠤ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ | ᠬᠡᠷ ᠤᠨ ᠳᠠᠷᠤᠮᠠᠯᠯᠠᠨ ᠶᠠᠪᠤᠭᠤᠯᠬᠤ | 《 ᠵᠢᠤ ᠶᠤᠸᠠᠨ ᠲᠣᠭᠤᠷᠢᠭ ᠤᠨ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠦᠯ》 ᠤᠨ ᠮᠡᠳᠡᠭᠳᠡᠯ | | ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ᠂ ᠬᠦᠷᠢᠶᠡᠯᠡᠩ ᠲᠣᠭᠤᠷᠢᠭ᠂ ᠲᠣᠭᠤᠷᠢᠭ ᠤᠨ ᠬᠠᠷᠢᠶ᠎ᠠ᠂ ᠲᠣᠭᠤᠷᠢᠭ ᠲᠤ | ᠰᠠᠭᠤᠭ᠎ᠠ ᠡᠯ᠎ᠡ ᠰᠠᠯᠠᠭ᠎ᠠ ᠮᠥᠴᠢᠷ᠂ ᠨᠢᠭᠡᠴᠡ ᠳᠤ : | | 《 ᠵᠢᠤ ᠶᠤᠸᠠᠨ ᠲᠤᠭᠤᠷᠢᠭ ᠤᠨ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ》 ᠢ ᠲᠤᠭᠤᠷᠢᠭ ᠤᠨ ᠵᠠᠰᠠᠭ ᠤᠨ ᠣᠷᠳᠣᠨ ᠢᠶᠠᠷ ᠰᠤᠳᠤᠯᠤᠭᠤᠯᠤᠨ ᠵᠥᠪᠰᠢᠶᠡᠷᠡᠭᠦᠯᠦᠭᠡᠳ᠂ | ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠢᠨᠠᠮᠠᠭᠠᠶ | ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ ᠲᠣᠰ ᠪᠡᠯᠡᠳᠬᠡᠯ ᠲᠥᠰᠦᠯ ᠢ ᠳᠠᠷᠤᠮᠠᠯᠯᠠᠨ ᠲᠠᠷᠬᠠᠭᠠᠭᠰᠠᠨ | ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠤᠤᠯ ᠤᠨ ᠵᠢᠦ ᠶᠤᠸᠠᠨ ᠲᠣᠭᠤᠷᠢᠭ ᠤᠨ ᠢᠳᠡᠭᠡᠨ ᠤ ᠠᠮᠤᠷ ᠲᠦᠪᠰᠢᠨ ᠤ | ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ( ᠵᠠᠰᠠᠪᠤᠷᠢ ᠣᠷᠣᠭᠤᠯᠤᠭᠰᠠᠨ ) ( ᠪᠤᠭᠤᠲᠤ ᠵᠢᠦ | ᠶᠤᠸᠠᠨ ᠵᠠᠰᠠᠭ ᠠᠯᠪᠠᠨ ᠲᠠᠷᠬᠠᠭᠠᠭᠰᠠᠨ 〔2020〕72 ᠳ᠋ᠤᠭᠠᠷ ᠲᠣᠭᠠᠲᠤ ) ᠢ ᠬᠠᠮᠲᠤ ᠳᠤᠨᠢ ᠬᠦᠴᠦᠨ ᠥᠬᠡᠶ | ᠪᠣᠯᠭᠠᠨ᠎ᠠ᠃ | | ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2025 ᠣᠨ ᠤ 3 ᠰᠠᠷ᠎ᠠ ᠶᠢᠨ 7 ᠤ ᠡᠳᠦᠷ | | ᠵᠢᠦ ᠶᠤᠸᠠᠨ ᠲᠣᠭᠤᠷᠢᠭ ᠤᠨ ᠢᠳᠡᠭᠡᠨ ᠤ ᠠᠮᠤᠷ ᠲᠦᠪᠰᠢᠨ ᠤ ᠠᠳᠡᠯ ᠤᠨ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ | ᠭᠠᠷᠴᠠᠭ | 1.ᠶᠡᠷᠦᠩᠬᠡᠶ ᠳᠦᠷᠢᠮ 1 | 1.1 ᠨᠠᠶᠢᠷᠠᠭᠤᠯᠤᠨ ᠵᠣᠬᠢᠶᠠᠭᠰᠠᠨ ᠵᠣᠷᠢᠯᠭ᠎ᠠ 1 | 1.2 ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ 1 | 1.3 ᠠᠳᠡᠯ ᠢ ᠳᠡᠰ ᠬᠤᠪᠢᠶᠠᠬᠤ 1 | 1.4 ᠬᠡᠷᠡᠭᠯᠡᠬᠦ ᠬᠡᠪᠴᠢᠶ᠎ᠡ 2 | 1.5 ᠠᠳᠡᠯ ᠢ ᠰᠢᠢᠳᠪᠦᠷᠢᠯᠡᠬᠦ ᠵᠠᠷᠴᠢᠮ 2 | 2. ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠬᠢᠭᠡᠳ ᠡᠭᠦᠷᠭᠡ ᠬᠠᠷᠢᠭᠤᠴᠠᠯᠭ᠎ᠠ 3 | 2.1 ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠡᠬᠢᠯᠡᠭᠦᠯᠬᠦ 3 | 2.2 ᠵᠢᠯᠣᠭᠤᠳᠬᠤ ᠭᠠᠵᠠᠷ ᠤᠨ ᠪᠠᠶᠢᠷᠢᠯᠠᠭᠤᠯᠤᠯᠲᠠ 3 | 2.3 ᠵᠢᠯᠣᠭᠤᠳᠬᠤ ᠭᠠᠵᠠᠷ ᠤᠨ ᠡᠭᠦᠷᠭᠡ ᠬᠠᠷᠢᠭᠤᠴᠠᠯᠭ᠎ᠠ 4 | 2.4 ᠵᠢᠯᠣᠭᠤᠳᠬᠤ ᠭᠠᠵᠠᠷ ᠤᠨ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ 4 | 2.5 ᠪᠦᠷᠢᠯᠳᠦᠬᠦᠨ ᠨᠢᠭᠡᠴᠢ ᠶᠢᠨ ᠡᠭᠦᠷᠭᠡ ᠬᠠᠷᠢᠭᠤᠴᠠᠯᠭ᠎ᠠ 4 | 2.6 ᠵᠢᠯᠣᠭᠤᠳᠬᠤ ᠭᠠᠵᠠᠷ ᠤᠨ ᠡᠯ᠎ᠡ ᠠᠵᠢᠯᠯᠠᠬᠤ ᠳᠤᠭᠤᠶᠢᠯᠠᠩ ᠪᠠᠶᠢᠭᠤᠯᠬᠤ ᠵᠢᠴᠢ ᠡᠭᠦᠷᠭᠡ | ᠬᠠᠷᠢᠭᠤᠴᠠᠯᠭ᠎ᠠ7 | 2.7 ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠤᠰᠬᠠᠶ ᠮᠡᠷᠭᠡᠵᠢᠯ ᠤᠨ ᠪᠠᠶᠢᠭᠤᠯᠤᠮᠵᠢ 9 | 3. ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ 9 | 3.1 ᠮᠡᠳᠡᠭᠡ ᠵᠠᠩᠭᠢ ᠶᠢᠨ ᠪᠠᠲᠤᠯᠠᠭ᠎ᠠ | 3.2 ᠡᠮᠨᠡᠯᠭᠡ ᠶᠢᠨ ᠪᠠᠲᠤᠯᠠᠭ᠎ᠠ 9 | 3.3 ᠠᠵᠢᠯᠲᠠᠨ ᠵᠢᠴᠢ ᠮᠡᠷᠭᠡᠵᠢᠯ ᠤᠨ ᠪᠠᠲᠤᠯᠠᠭ᠎ᠠ 10 | 3.4 ᠡᠳ᠋ ᠪᠠᠷᠠᠭ᠎ᠠ ᠬᠢᠭᠡᠳ ᠵᠠᠷᠤᠳᠠᠯ ᠤᠨ ᠪᠠᠲᠤᠯᠠᠭ᠎ᠠ 10 | 3.5 ᠨᠡᠶᠢᠭᠡᠮ ᠤᠨ ᠳᠠᠶᠢᠴᠢᠯᠠᠯᠲᠠ ᠶᠢᠨ ᠪᠠᠲᠤᠯᠠᠭ᠎ᠠ 10 | 3.6 ᠤᠬᠠᠭᠤᠯᠤᠨ ᠬᠥᠮᠦᠵᠢᠭᠦᠯᠬᠦ ᠪᠣᠯᠪᠠᠰᠤᠷᠠᠭᠤᠯᠤᠯ 11 | 4. ᠬᠢᠨᠠᠨ ᠬᠡᠮᠵᠢᠵᠦ ᠰᠡᠷᠡᠮᠵᠢᠯᠡᠭᠦᠯᠬᠦ᠂ ᠮᠡᠳᠡᠭᠦᠯᠬᠦ ᠪᠠ ᠦᠨᠡᠯᠡᠨ ᠵᠢᠱᠢᠬᠦ | 4.1 ᠬᠢᠨᠠᠨ ᠬᠡᠮᠵᠢᠵᠦ ᠰᠡᠷᠡᠮᠵᠢᠯᠡᠭᠦᠯᠬᠦ 11 | 4.2 ᠠᠳᠡᠯ ᠤᠨ ᠮᠡᠳᠡᠭᠦᠯᠦᠯᠲᠡ 11 | 4.3 ᠠᠳᠡᠯ ᠢ ᠦᠨᠡᠯᠡᠨ ᠵᠢᠱᠢᠬᠦ | 5. ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ 13 | 5.1 ᠱᠠᠲᠤ ᠬᠤᠪᠢᠶᠠᠨ ᠳᠠᠭᠠᠬᠤ 13 | 5.2 ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ 14 | 5.3 ᠪᠠᠶᠢᠴᠠᠭᠠᠨ ᠰᠢᠨᠵᠢᠵᠦ ᠦᠨᠡᠯᠡᠨ ᠵᠢᠱᠢᠬᠦ 15 | 5.4 ᠳᠠᠭᠠᠬᠤ ᠳᠡᠰ ᠢ ᠲᠣᠬᠢᠷᠠᠭᠤᠯᠬᠤ ᠵᠢᠴᠢ ᠵᠣᠭᠰᠣᠭᠠᠬᠤ 15 | 5.5 ᠮᠡᠳᠡᠭᠡ ᠵᠠᠩᠭᠢ ᠨᠡᠶᠢᠲᠡᠯᠡᠬᠦ 17 | 6.ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ 17 | 6.1 ᠬᠤᠶᠢᠲᠤᠬᠢ ᠶᠠᠪᠤᠳᠠᠯ ᠢ ᠰᠢᠢᠳᠪᠦᠷᠢᠯᠡᠬᠦ 17 | 6.2 ᠱᠠᠩᠨᠠᠵᠤ ᠲᠣᠷᠭᠠᠬᠤ 18 | 6.3 ᠳ᠋ᠦᠩᠨᠡᠯᠲᠡ 18 | 7. ᠳᠠᠭᠠᠯᠳᠤᠭᠤᠯᠤᠭᠰᠠᠨ ᠳᠦᠷᠢᠮ 18 | 7.1 ᠪᠡᠯᠡᠳᠬᠡᠯ ᠲᠥᠰᠦᠯ ᠤᠨ ᠬᠠᠮᠢᠶᠠᠷᠤᠯᠲᠠ ᠪᠠ ᠰᠢᠨᠡᠳᠬᠡᠯ 19 | 7.2 ᠪᠣᠯᠪᠠᠰᠤᠷᠠᠯ᠂ ᠰᠣᠷᠢᠯᠲᠠ 19 | 7.3 ᠪᠡᠯᠡᠳᠬᠡᠯ ᠲᠥᠰᠦᠯ ᠢ ᠲᠣᠭᠲᠠᠭᠠᠬᠤ ᠪᠠ ᠬᠡᠷᠡᠭᠵᠢᠭᠦᠯᠬᠦ 19 | ᠳᠠᠭᠠᠯᠳᠤᠭᠤᠯᠤᠭᠰᠠᠨ ᠳᠦᠷᠢᠮ : ᠢᠳᠡᠭᠡᠨ ᠤ ᠠᠮᠤᠷ ᠲᠦᠪᠰᠢᠨ ᠤ ᠠᠳᠡᠯ ᠤᠨ ᠳᠡᠰ ᠬᠤᠪᠢᠶᠠᠬᠤ ᠪᠠᠷᠢᠮᠵᠢᠶ᠎ᠠ | ᠪᠣᠯᠤᠨ ᠳᠠᠭᠠᠬᠤ ᠲᠣᠭᠲᠠᠭᠠᠯ | ᠡᠩ ᠤᠨ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠰᠢᠢᠳᠪᠦᠷᠢᠯᠡᠬᠦ ᠵᠢᠷᠤᠮ | 1.ᠶᠡᠷᠦᠩᠬᠡᠢ ᠳᠦᠷᠢᠮ | 1.1 ᠨᠠᠶᠢᠷᠠᠭᠤᠯᠤᠨ ᠵᠣᠬᠢᠶᠠᠭᠰᠠᠨ ᠵᠣᠷᠢᠯᠭ᠎ᠠ | ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠦᠲᠦᠮᠵᠢᠲᠡᠶ ᠰᠡᠷᠭᠡᠶᠢᠯᠡᠬᠦ ᠪᠠ ᠢᠳᠡᠪᠬᠢᠲᠡᠶ ᠪᠠᠷ ᠠᠷᠭᠠᠴᠠᠵᠤ᠂ | ᠢᠳᠡᠭᠡᠨ ᠤ ᠠᠮᠤᠷ ᠲᠦᠪᠰᠢᠨ ᠤ ᠠᠳᠡᠯ ᠢ ᠴᠠᠭ ᠲᠤᠬᠠᠶ ᠳᠤᠨᠢ ᠬᠢᠵᠠᠭᠠᠷᠯᠠᠨ᠂ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠠᠵᠢᠯ ᠢ ᠥᠨᠳᠥᠷ ᠦᠷ᠎ᠡ ᠪᠦᠲᠦᠮᠵᠢᠲᠡᠶ ᠪᠠᠷ ᠵᠣᠬᠢᠶᠠᠨ ᠪᠠᠶᠢᠭᠤᠯᠵᠤ᠂ ᠢᠳᠡᠭᠡᠨ ᠤ ᠠᠮᠤᠷ | ᠲᠦᠪᠰᠢᠨ ᠤ ᠠᠳᠡᠯ ᠤᠨ ᠬᠥᠨᠥᠭᠡᠯ ᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠡᠶᠢᠯᠡᠬᠦ ᠪᠠ ᠪᠠᠭᠠᠰᠬᠠᠵᠤ᠂ ᠣᠯᠠᠨ | ᠨᠡᠶᠢᠲᠡ ᠶᠢᠨ ᠡᠷᠡᠭᠦᠯ ᠮᠡᠨᠳᠦ ᠬᠢᠭᠡᠳ ᠠᠮᠢ ᠨᠠᠰᠤᠨ ᠤ ᠠᠮᠤᠷ ᠲᠦᠪᠰᠢᠨ ᠢ ᠪᠠᠲᠤᠯᠠᠨ᠂ ᠭᠠᠵᠠᠷ ᠣᠷᠣᠨ ᠤ ᠠᠮᠤᠷ | ᠲᠦᠪᠰᠢᠨ ᠪᠣᠯᠤᠨ ᠨᠡᠶᠢᠭᠡᠮ ᠤᠨ ᠲᠣᠭᠲᠠᠭᠤᠨ ᠢ ᠬᠠᠮᠠᠭᠠᠯᠠᠵᠤ᠂ ᠨᠡᠶᠢᠭᠡᠮ ᠠᠵᠤ ᠠᠬᠤᠶ ᠶᠢᠨ ᠪᠦᠬᠦ ᠲᠠᠯ᠎ᠠ ᠪᠠᠷ᠂ | ᠵᠣᠬᠢᠴᠠᠩᠭᠤᠶ᠂ ᠦᠷᠭᠦᠯᠵᠢᠯᠡᠨ ᠬᠥᠭᠵᠢᠬᠦ ᠶᠢ ᠠᠬᠢᠭᠤᠯᠬᠤ ᠬᠡᠷᠡᠭᠲᠡᠶ᠃ | 1.2 ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ | 《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ | ᠬᠠᠤᠯᠢ 》《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ | ᠬᠠᠤᠯᠢ 》《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠤ ᠬᠠᠤᠯᠢ 》《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠢᠳᠡᠭᠡᠨ ᠤ ᠠᠮᠤᠷ ᠲᠦᠪᠰᠢᠨ ᠤ ᠬᠠᠤᠯᠢ ᠶᠢ ᠬᠡᠷᠡᠭᠵᠢᠭᠦᠯᠬᠦ ᠳᠦᠷᠢᠮ 》《 ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠢᠳᠡᠭᠡᠨ ᠤ ᠠᠮᠤᠷ ᠲᠦᠪᠰᠢᠨ ᠤ ᠠᠵᠢᠯ ᠢ ᠴᠢᠩᠭᠠᠳᠬᠠᠬᠤ ᠲᠤᠬᠠᠶ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ 》《 ᠣᠷᠣᠨ ᠨᠤᠲᠤᠭ ᠤᠨ | ᠨᠠᠮ ᠵᠠᠰᠠᠭ ᠤᠨ ᠤᠳᠤᠷᠢᠳᠬᠤ ᠺᠠᠳ᠋ᠷ ᠤᠨ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ | ᠲᠣᠭᠲᠠᠭᠠᠯ 》《 ᠤᠯᠤᠰ ᠤᠨ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠢ ᠶᠡᠷᠦᠩᠬᠡᠶ ᠳᠤᠨᠢ ᠠᠷᠭᠠᠴᠠᠬᠤ | ᠲᠥᠰᠦᠯ 》《 ᠭᠡᠨᠡᠳᠲᠡ ᠡᠭᠦᠰᠬᠦ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ | ᠬᠠᠮᠢᠶᠠᠷᠤᠯᠲᠠ ᠶᠢᠨ ᠠᠷᠭ᠎ᠠ 》《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ | ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ 》《 ᠪᠤᠭᠤᠲᠤ ᠬᠤᠲᠠ ᠶᠢᠨ | ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ 》ᠪᠣᠯᠤᠨ《 | ᠵᠢᠤ ᠶᠤᠸᠠᠨ ᠲᠤᠭᠤᠷᠢᠭ ᠤᠨ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ | ᠶᠡᠷᠦᠩᠬᠡᠶ ᠪᠡᠯᠡᠳᠬᠡᠯ ᠲᠥᠰᠦᠯ 》ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠬᠤᠯᠪᠣᠭᠳᠠᠯ ᠪᠦᠬᠦᠢ | ᠲᠣᠭᠲᠠᠭᠠᠯ ᠢ ᠦᠨᠳᠦᠰᠦᠯᠡᠨ᠂ ᠲᠤᠰ ᠪᠡᠯᠡᠳᠬᠡᠯ ᠲᠥᠰᠦᠯ ᠢ ᠲᠣᠭᠲᠠᠭᠠᠪᠠ᠃ | 1.3 ᠠᠳᠡᠯ ᠤᠨ ᠳᠡᠰ | ᠢᠳᠡᠭᠡᠨ ᠤ ᠠᠮᠤᠷ ᠲᠦᠪᠰᠢᠨ ᠤ ᠠᠳᠡᠯ ᠤᠨ ᠰᠢᠨᠵᠢ ᠴᠢᠨᠠᠷ᠂ ᠬᠤᠣᠷ ᠬᠥᠨᠥᠭᠡᠯ ᠤᠨ ᠬᠡᠮᠵᠢᠶ᠎ᠠ ᠪᠠ | ᠬᠤᠯᠪᠣᠭᠳᠠᠬᠤ ᠬᠡᠪᠴᠢᠶ᠎ᠡ ᠶᠣᠰᠣᠭᠠᠷ ᠢᠳᠡᠭᠡᠨ ᠤ ᠠᠮᠤᠷ ᠲᠦᠪᠰᠢᠨ ᠤ ᠠᠳᠡᠯ ᠢ ᠲᠦᠷᠪᠡᠨ ᠳᠡᠰ ᠬᠤᠪᠢᠶᠠᠨ᠎ᠠ᠂ | ᠲᠤᠬᠠᠶᠢᠯᠠᠪᠠᠯ ᠢᠳᠡᠭᠡᠨ ᠤ ᠠᠮᠤᠷ ᠲᠦᠪᠰᠢᠨ ᠤ ᠣᠨᠴᠠ ᠬᠦᠨᠳᠦ ᠶᠡᠭᠡ ᠠᠳᠡᠯ ( Iᠳᠡᠰ )᠂ ᠢᠳᠡᠭᠡᠨ ᠤ ᠠᠮᠤᠷ | ᠲᠦᠪᠰᠢᠨ ᠤ ᠬᠦᠨᠳᠦ ᠶᠡᠭᠡ ᠠᠳᠡᠯ ( II ᠳᠡᠰ )᠂ ᠢᠳᠡᠭᠡᠨ ᠤ ᠠᠮᠤᠷ ᠲᠦᠪᠰᠢᠨ ᠤ ᠨᠡᠯᠢᠶᠡᠳ ᠶᠡᠭᠡ ᠠᠳᠡᠯ ( III | ᠳᠡᠰ ) ᠪᠠ ᠡᠩ ᠤᠨ ᠢᠳᠡᠭᠡᠨ ᠤ ᠠᠮᠤᠷ ᠲᠦᠪᠰᠢᠨ ᠤ ᠠᠳᠡᠯ ( IV ᠳᠡᠰ ) ᠪᠣᠯᠤᠨ᠎ᠠ᠃ ᠢᠳᠡᠭᠡᠨ ᠤ ᠠᠮᠤᠷ | ᠲᠦᠪᠰᠢᠨ ᠤ ᠠᠳᠡᠯ ᠤᠨ ᠳᠡᠰ ᠬᠤᠪᠢᠶᠠᠬᠤ ᠪᠠᠷᠢᠮᠵᠢᠶ᠎ᠠ ᠶᠢ《 ᠤᠯᠤᠰ ᠤᠨ ᠢᠳᠡᠭᠡᠨ ᠤ ᠠᠮᠤᠷ ᠲᠦᠪᠰᠢᠨ ᠤ | ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ 》 ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | 1.4 ᠬᠡᠷᠡᠭᠯᠡᠬᠦ ᠬᠡᠪᠴᠢᠶ᠎ᠡ | ᠲᠤᠰ ᠪᠡᠯᠡᠳᠬᠡᠯ ᠲᠥᠰᠦᠯ ᠨᠢ ᠵᠢᠦ ᠶᠤᠸᠠᠨ ᠲᠣᠭᠤᠷᠢᠭ ᠲᠤ ᠭᠠᠷᠤᠭᠰᠠᠨ ᠢᠳᠡᠭᠡᠨ ᠤ ᠠᠮᠤᠷ ᠲᠦᠪᠰᠢᠨ ᠤ | ᠠᠳᠡᠯ ᠵᠢᠴᠢ ᠢᠳᠡᠭᠡᠨ ᠤ ᠠᠮᠤᠷ ᠲᠦᠪᠰᠢᠨ ᠤ ᠠᠳᠡᠯ ᠢ ᠠᠷᠭᠠᠴᠠᠬᠤ ᠠᠵᠢᠯ ᠪᠠᠶᠢᠵᠤ ᠮᠡᠳᠡᠬᠦ ᠶᠢ ᠭᠡᠷᠡᠴᠢᠯᠡᠬᠦ ᠭᠡᠷᠡᠴᠢ | ᠪᠠᠷᠢᠮᠲᠠ ᠲᠠᠢ᠃ | ᠢᠳᠡᠭᠡᠨ ᠤ ᠠᠮᠤᠷ ᠲᠦᠪᠰᠢᠨ ᠤ ᠠᠳᠡᠯ ᠭᠡᠳᠡᠭ ᠨᠢ ᠢᠳᠡᠭᠡᠨ ᠠᠴᠠ ᠢᠷᠡᠯᠲᠡ ᠲᠠᠢ ᠡᠪᠡᠳᠴᠢᠨ᠂ ᠢᠳᠡᠭᠡᠨ ᠤ | ᠪᠣᠬᠢᠷᠲᠤᠯ ᠵᠡᠷᠭᠡ ᠨᠢ ᠢᠳᠡᠭᠡᠨ ᠠᠴᠠ ᠢᠷᠡᠯᠲᠡ ᠲᠠᠢ᠂ ᠬᠥᠮᠦᠨ ᠤ ᠪᠡᠶ᠎ᠡ ᠶᠢᠨ ᠡᠷᠡᠭᠦᠯ ᠮᠡᠨᠳᠦ ᠳᠤ ᠬᠥᠨᠥᠭᠡᠯ ᠲᠠᠢ | ᠪᠤᠶᠤ ᠬᠥᠨᠥᠭᠡᠯ ᠲᠠᠢ ᠠᠳᠡᠯ ᠵᠢᠴᠢ ᠬᠤᠯᠪᠣᠭᠳᠠᠯ ᠪᠦᠬᠦᠢ ᠢᠳᠡᠭᠡᠨ ᠤ ᠠᠮᠤᠷ ᠲᠦᠪᠰᠢᠨ ᠤ ᠮᠡᠳᠡᠭᠡ ᠵᠠᠩᠭᠢ ᠨᠢ | ᠨᠡᠶᠢᠭᠡᠮ ᠨᠡᠶᠢᠲᠡ ᠶᠢᠨ ᠥᠷᠭᠡᠨ ᠳᠡᠯᠭᠡᠷ ᠠᠩᠬᠠᠷᠤᠯ ᠢ ᠲᠠᠲᠠᠵᠤ᠂ ᠨᠢᠭᠡᠨᠲᠡ ᠮᠠᠭᠤ ᠨᠥᠯᠥᠭᠡ ᠭᠠᠷᠭᠠᠭᠰᠠᠨ ᠪᠤᠶᠤ | ᠤᠴᠠᠷᠠᠭᠤᠯᠵᠤ ᠮᠡᠳᠡᠬᠦ᠂ ᠪᠠᠴᠢᠮ ᠠᠷᠭ᠎ᠠ ᠬᠡᠮᠵᠢᠶ᠎ᠡ ᠠᠪᠴᠤ ᠠᠷᠭᠠᠴᠠᠨ ᠰᠢᠢᠳᠪᠦᠷᠢᠯᠡᠬᠦ ᠴᠢᠬᠤᠯᠠ ᠲᠠᠢ ᠢᠳᠡᠭᠡᠨ ᠤ | ᠠᠮᠤᠷ ᠲᠦᠪᠰᠢᠨ ᠤ ᠲᠤᠬᠠᠶ ᠶᠠᠷᠢᠶ᠎ᠠ ᠬᠡᠯᠡᠯᠴᠡᠭᠡᠨ ᠤ ᠠᠳᠡᠯ ᠢ ᠵᠢᠭᠠᠵᠤ ᠪᠤᠶ᠃ | 1.5 ᠠᠳᠡᠯ ᠢ ᠰᠢᠢᠳᠪᠦᠷᠢᠯᠡᠬᠦ ᠵᠠᠷᠴᠢᠮ | ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠬᠤᠤᠷ ᠬᠥᠨᠥᠭᠡᠯ ᠢ ᠪᠠᠭᠠᠰᠬᠠᠨ᠎ᠠ᠃ ᠠᠷᠠᠳ | ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂《 ᠬᠠᠮᠤᠭ ᠤᠨ | ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ ᠤᠨ ᠴᠢᠩᠭ᠎ᠠ ᠰᠢᠢᠳᠬᠡᠯ | ᠲᠣᠷᠭᠠᠭᠤᠯᠢ᠂ ᠬᠠᠮᠤᠭ ᠤᠨ ᠲᠥᠪ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ 》ᠱᠠᠭᠠᠷᠳᠠᠯᠭ᠎ᠠ ᠶᠢ ᠡᠷᠡᠰ | ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ | ᠪᠠᠲᠤᠯᠠᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ | ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠢᠳᠡᠭᠡᠨ ᠤ ᠠᠮᠤᠷ ᠲᠦᠪᠰᠢᠨ ᠤ ᠠᠳᠠᠯ ᠠᠴᠠ ᠪᠣᠯᠤᠭᠰᠠᠨ ᠬᠥᠮᠦᠨ | ᠬᠠᠷ᠎ᠠ ᠥᠭᠦᠵᠦ ᠰᠢᠷᠬᠠᠲᠤᠬᠤ ᠪᠠ ᠬᠤᠤᠷ ᠬᠥᠨᠥᠭᠡᠯ ᠢ ᠪᠠᠭᠠᠰᠬᠠᠨ᠎ᠠ᠃ | ᠨᠢᠭᠡᠳᠦᠯᠲᠡᠶ ᠤᠳᠤᠷᠢᠳᠴᠤ᠂ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠶᠢ ᠪᠠᠷᠢᠮᠲᠠᠯᠠᠬᠤ ᠬᠡᠷᠡᠭᠲᠡᠶ᠃ | ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠨᠢᠭᠡᠳᠦᠯᠲᠡᠶ ᠤᠳᠤᠷᠢᠳᠤᠯᠭ᠎ᠠ ᠶᠢᠨ | ᠳᠤᠤᠷ᠎ᠠ᠂ ᠨᠢᠭᠡᠳᠦᠯᠲᠡᠶ ᠵᠢᠯᠣᠭᠤᠳᠬᠤ᠂ ᠬᠤᠷᠴᠠ ᠰᠡᠷᠭᠡᠭ ᠲᠤᠰᠬᠠᠯ ᠲᠠᠢ᠂ ᠳᠡᠭᠡᠳᠦ ᠳᠤᠤᠷᠠᠳᠤ ᠱᠠᠲᠤ ᠬᠠᠮᠲᠤᠷᠠᠨ | ᠬᠥᠳᠡᠯᠦᠯᠴᠡᠭᠰᠡᠨ᠂ ᠰᠠᠯᠠᠭ᠎ᠠ ᠮᠥᠴᠢᠷ ᠤᠳ ᠬᠠᠮᠵᠢᠯᠴᠠᠭᠰᠠᠨ ᠢᠳᠡᠭᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ | ᠱᠠᠲᠤ ᠬᠤᠪᠢᠶᠠᠨ ᠬᠠᠷᠢᠭᠤᠴᠠᠵᠤ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠶᠢ ᠪᠠᠷᠢᠮᠲᠠᠯᠠᠨ᠎ᠠ᠃ ᠬᠠᠷᠢᠶ᠎ᠠ | ᠭᠠᠵᠠᠷ ᠲᠤᠨᠢ ᠬᠠᠮᠢᠶᠠᠷᠤᠭᠤᠯᠬᠤ ᠪᠠᠷ ᠭᠤᠣᠯ ᠪᠣᠯᠭᠠᠬᠤ ᠵᠠᠷᠴᠢᠮ ᠤᠨ ᠶᠣᠰᠣᠭᠠᠷ᠂ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠨᠤᠭᠤᠳ ᠶᠡᠷᠦᠩᠬᠡᠶ ᠬᠠᠷᠢᠭᠤᠴᠠᠯᠭ᠎ᠠ ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠨᠢᠭᠲᠠ ᠬᠠᠮᠵᠢᠯᠴᠠᠨ᠂ ᠲᠦᠷᠭᠡᠨ ᠲᠤᠰᠬᠠᠯ ᠲᠠᠢ᠂ ᠬᠠᠮᠵᠢᠯᠴᠠᠨ ᠠᠷᠭᠠᠴᠠᠬᠤ ᠢᠳᠡᠭᠡᠨ ᠤ ᠠᠮᠤᠷ | ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠪᠠᠶᠢᠭᠤᠯᠤᠨ᠎ᠠ᠃ | ᠠᠮᠤᠷ ᠲᠦᠪᠰᠢᠨ ᠪᠠᠶᠢᠬᠤ ᠳᠠᠭᠠᠨ ᠠᠶᠤᠯ ᠲᠦᠭᠰᠢᠭᠦᠷᠢ ᠶᠢ ᠪᠣᠳᠣᠯᠬᠢᠯᠠᠵᠤ᠂ ᠤᠷᠢᠳᠴᠢᠯᠠᠨ ᠰᠡᠷᠭᠡᠶᠢᠯᠡᠬᠦ ᠪᠠᠷ | ᠭᠤᠤᠯ ᠪᠣᠯᠭᠠᠬᠤ ᠶᠢ ᠪᠠᠷᠢᠮᠲᠠᠯᠠᠨ᠎ᠠ᠃ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ ᠰᠤᠯᠠᠷᠠᠭᠤᠯᠤᠯ | ᠥᠬᠡᠶ ᠪᠠᠶᠢᠩᠭᠤ ᠠᠳᠬᠤᠵᠤ᠂ ᠬᠡᠷᠡᠭ ᠭᠠᠷᠬᠤ ᠠᠴᠠ ᠡᠮᠦᠨ᠎ᠡ ᠰᠡᠷᠭᠡᠶᠢᠯᠡᠨ᠎ᠡ᠃ ᠬᠢᠨᠠᠯᠲᠠ ᠲᠠᠯᠪᠢᠵᠤ ᠪᠠᠶᠢᠴᠠᠭᠠᠬᠤ ᠪᠠ | ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ ᠪᠠᠨ ᠴᠢᠩᠭᠠᠳᠬᠠᠵᠤ᠂ ᠲᠦᠭᠰᠢᠭᠦᠷᠢ ᠶᠢᠨ ᠳᠠᠯᠳᠠ ᠭᠡᠮ ᠢ | ᠴᠢᠩᠭ᠎ᠠ ᠵᠢᠭᠰᠠᠭᠠᠨ ᠪᠠᠶᠢᠴᠠᠭᠠᠵᠤ᠂ ᠢᠳᠡᠭᠡᠨ ᠤ ᠠᠮᠤᠷ ᠲᠦᠪᠰᠢᠨ ᠤ ᠠᠳᠡᠯ ᠢ ᠠᠷᠭᠠᠴᠠᠬᠤ ᠡᠯ᠎ᠡ ᠵᠦᠢᠯ ᠤᠨ | ᠪᠡᠯᠡᠳᠬᠡᠯ ᠠᠵᠢᠯ ᠢ ᠰᠠᠶᠢᠲᠤᠷ ᠬᠢᠨ᠎ᠡ᠃ ᠪᠦᠬᠦ ᠨᠡᠶᠢᠭᠡᠮ ᠤᠨ ᠬᠦᠴᠦᠨ ᠢ ᠭᠦᠢᠴᠡᠳ ᠳᠠᠶᠢᠴᠢᠯᠠᠨ᠂ ᠪᠠᠴᠢᠮ | ᠪᠠᠶᠢᠳᠠᠯ ᠢ ᠠᠷᠭᠠᠴᠠᠬᠤ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠨᠡᠶᠢᠭᠡᠮ ᠢᠶᠠᠷ ᠢᠶᠠᠨ ᠬᠠᠮᠲᠤ ᠪᠠᠷ | ᠵᠠᠰᠠᠭᠰᠠᠨ᠂ ᠪᠦᠬᠦ ᠬᠥᠮᠦᠰ ᠣᠷᠣᠯᠴᠠᠭᠰᠠᠨ ᠰᠠᠶᠢᠨ ᠰᠠᠶᠢᠬᠠᠨ ᠪᠠᠶᠢᠳᠠᠯ ᠢ ᠪᠣᠶ ᠪᠤᠯᠭᠠᠨ᠎ᠠ᠃ | ᠬᠠᠤᠯᠢ ᠶᠣᠰᠣᠭᠠᠷ ᠵᠢᠷᠤᠮᠵᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ ᠶᠢ ᠪᠠᠷᠢᠮᠲᠠᠯᠠᠨ᠎ᠠ᠃ | ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠢ ᠴᠢᠩᠭ᠎ᠠ ᠨᠠᠢᠳᠠᠪᠤᠷᠢᠵᠢᠭᠤᠯᠬᠤ᠂ ᠢᠳᠡᠭᠡᠨ ᠤ | ᠠᠮᠤᠷ ᠲᠦᠪᠰᠢᠨ ᠤ ᠠᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠢᠷᠤᠮᠵᠢᠭᠤᠯᠬᠤ᠂ ᠳᠦᠷᠢᠮᠵᠢᠭᠦᠯᠬᠦ᠂ | ᠬᠠᠤᠯᠢᠵᠢᠭᠤᠯᠬᠤ ᠶᠢ ᠦᠨᠡᠨᠬᠦ ᠪᠠᠲᠤᠯᠠᠨ᠎ᠠ᠃ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠰᠤᠳᠤᠯᠤᠯ ᠪᠣᠯᠤᠨ | ᠮᠡᠷᠭᠡᠵᠢᠯ ᠤᠨ ᠨᠡᠭᠡᠭᠡᠯᠲᠡ ᠶᠢ ᠴᠢᠩᠭᠠᠳᠬᠠᠵᠤ᠂ ᠲᠤᠰᠬᠠᠶ ᠮᠡᠷᠭᠡᠵᠢᠯᠲᠡᠨ ᠤ ᠡᠩᠨᠡᠭᠡ ᠪᠣᠯᠤᠨ ᠲᠤᠰᠬᠠᠶ ᠮᠡᠷᠭᠡᠵᠢᠯ ᠤᠨ | ᠠᠵᠢᠯᠲᠠᠨ ᠤ ᠦᠢᠯᠡᠳᠦᠯ ᠢ ᠭᠦᠢᠴᠡᠳ ᠪᠠᠳᠠᠷᠠᠭᠤᠯᠤᠨ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠴᠢᠳᠠᠪᠤᠷᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ | 2.ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠵᠢᠴᠢ ᠡᠭᠦᠷᠭᠡ ᠬᠠᠷᠢᠭᠤᠴᠠᠯᠭ᠎ᠠ | 2.1 ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠡᠬᠢᠯᠡᠭᠦᠯᠬᠦ | ᠢᠳᠡᠭᠡᠨ ᠤ ᠠᠮᠤᠷ ᠲᠦᠪᠰᠢᠨ ᠤ ᠠᠳᠡᠯ ᠭᠠᠷᠤᠭᠰᠠᠨ ᠤ ᠳᠠᠷᠠᠭ᠎ᠠ᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠳᠡᠯ ᠳᠤ | ᠵᠠᠳᠠᠯᠤᠯᠲᠠ ᠬᠢᠵᠦ ᠦᠨᠡᠯᠡᠨ ᠵᠢᠱᠢᠬᠦ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠵᠤ᠂ ᠠᠳᠡᠯ ᠤᠨ ᠳᠡᠰ ᠢ ᠬᠢᠨᠠᠨ | ᠲᠣᠭᠲᠠᠭᠠᠨ᠎ᠠ᠃ I ᠳᠡᠰ᠂ II ᠳᠡᠰ᠂ III ᠲᠠᠰ ᠤᠨ ᠠᠳᠡᠯ ᠤᠨ ᠪᠠᠷᠢᠮᠵᠢᠶ᠎ᠠ ᠳᠤ ᠬᠦᠷᠦᠭᠰᠡᠨ ᠢ ᠨᠢ ᠲᠥᠷᠥ ᠶᠢᠨ | ᠶᠠᠪᠤᠳᠠᠯ ᠤᠨ ᠬᠤᠷᠢᠶᠠᠨ ᠤ ᠢᠳᠡᠭᠡᠨ ᠤ ᠠᠮᠤᠷ ᠲᠦᠪᠰᠢᠨ ᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠢᠳᠡᠭᠡᠨ | ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠪᠣᠯᠤᠨ ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠲᠤᠰ ᠲᠤᠰ ᠱᠠᠲᠤ ᠳᠠᠷᠠᠭᠠᠯᠠᠨ ᠮᠡᠳᠡᠭᠦᠯᠦᠨ ᠨᠤᠲᠠᠯᠠᠭᠤᠯᠬᠤ ᠶᠢᠨ | ᠬᠠᠮᠲᠤ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠪᠤᠭᠤᠲᠤ ᠬᠤᠲᠠ ᠶᠢᠨ | ᠪᠠᠶᠢᠷᠢᠯᠠᠭᠤᠯᠤᠯᠲᠠ ᠪᠣᠯᠤᠨ ᠱᠠᠭᠠᠷᠳᠠᠯᠭ᠎ᠠ ᠶᠣᠰᠣᠭᠠᠷ᠂ ᠡᠮᠦᠨᠡᠬᠢ ᠬᠤᠭᠤᠴᠠᠭᠠᠨ ᠤ ᠰᠢᠢᠳᠪᠦᠷᠢᠯᠡᠬᠦ ᠠᠵᠢᠯ ᠢ | ᠰᠠᠶᠢᠲᠤᠷ ᠬᠢᠨ᠎ᠡ︔ IV ᠲᠠᠰ ᠤᠨ ᠠᠳᠡᠯ ᠤᠨ ᠪᠠᠷᠢᠮᠵᠢᠶ᠎ᠠ ᠳᠤ ᠬᠦᠷᠦᠭᠡᠳ ᠵᠢᠤ ᠶᠤᠸᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠵᠣᠬᠢᠴᠠᠭᠤᠯᠤᠨ ᠰᠢᠢᠳᠪᠦᠷᠢᠯᠡᠬᠦ ᠴᠢᠬᠤᠯᠠ ᠲᠠᠢ ᠪᠣᠯ ᠵᠢᠤ ᠶᠤᠸᠠᠨ ᠲᠣᠭᠤᠷᠢᠭ ᠤᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠵᠢᠤ ᠶᠤᠸᠠᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠳᠤ IV ᠲᠠᠰ ᠤᠨ ᠳᠠᠭᠠᠬᠤ ᠶᠢ ᠡᠬᠢᠯᠡᠭᠦᠯᠬᠦ ᠰᠠᠨᠠᠭᠤᠯᠭ᠎ᠠ ᠳᠤᠷᠠᠳᠴᠤ᠂ | ᠵᠥᠪᠰᠢᠶᠡᠷᠡᠭᠦᠯᠦᠭᠰᠡᠨ ᠤ ᠳᠠᠷᠠᠭ᠎ᠠ᠂ ᠵᠢᠤ ᠶᠤᠸᠠᠨ ᠲᠣᠭᠤᠷᠢᠭ ᠤᠨ ᠡᠩ ᠤᠨ ᠢᠳᠡᠭᠡᠨ ᠤ ᠠᠮᠤᠷ ᠲᠦᠪᠰᠢᠨ ᠤ | ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠢᠯᠣᠭᠤᠳᠬᠤ ᠭᠠᠵᠠᠷ ( ᠳᠣᠷᠣᠭᠰᠢ ᠵᠢᠯᠣᠭᠤᠳᠬᠤ | ᠭᠠᠵᠠᠷ ᠭᠡᠵᠦ ᠲᠣᠪᠴᠢᠯᠠᠨ᠎ᠠ ) ᠪᠠᠶᠢᠭᠤᠯᠵᠤ᠂ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ | ᠨᠢᠭᠡᠳᠦᠯᠲᠡᠶ ᠤᠳᠤᠷᠢᠳᠬᠤ ᠪᠠ ᠵᠢᠯᠣᠭᠤᠳᠤᠨ᠎ᠠ᠃ | 2.2 ᠵᠢᠯᠣᠭᠤᠳᠬᠤ ᠭᠠᠵᠠᠷ ᠤᠨ ᠪᠠᠶᠢᠷᠢᠯᠠᠭᠤᠯᠤᠯᠲᠠ | ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠶᠢ ᠵᠢᠤ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠬᠤᠪᠢᠳᠠᠨ ᠬᠠᠮᠢᠶᠠᠷᠴᠤ ᠪᠦᠬᠦᠢ ᠲᠣᠭᠤᠷᠢᠭ ᠤᠨ ᠳᠡᠳ᠋ ᠳᠠᠷᠤᠭ᠎ᠠ ᠡᠭᠦᠷᠭᠡᠯᠡᠵᠦ᠂ ᠳᠡᠳ᠋ ᠶᠡᠷᠦᠩᠬᠡᠶ | ᠵᠢᠯᠣᠭᠤᠳᠣᠭᠴᠢ ᠶᠢ ᠵᠢᠤ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠬᠤᠪᠢᠳᠠᠨ | ᠬᠠᠮᠢᠶᠠᠷᠴᠤ ᠪᠦᠬᠦᠢ ᠳᠡᠳ᠋ ᠡᠷᠬᠢᠯᠡᠭᠴᠢ᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶᠠᠨ ᠤ ᠳᠠᠷᠤᠭ᠎ᠠ ᠡᠭᠦᠷᠭᠡᠯᠡᠵᠦ᠂ ᠢᠳᠡᠭᠡᠨ ᠤ ᠠᠮᠤᠷ ᠲᠦᠪᠰᠢᠨ ᠤ ᠡᠭᠦᠷᠭᠡ ᠴᠢᠳᠠᠪᠤᠷᠢ ᠶᠢ ᠡᠭᠦᠷᠭᠡᠯᠡᠵᠦ | ᠪᠦᠬᠦᠢ ᠨᠢᠭᠡᠴᠡ ᠶᠢᠨ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ ᠢᠶᠠᠷ ᠪᠦᠷᠢᠯᠳᠦᠬᠦᠨ ᠪᠣᠯᠭᠠᠨ᠎ᠠ᠃ | ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠡ ᠳᠤ ᠭᠤᠤᠯᠳᠠᠭᠤ ᠲᠤᠭᠤᠷᠢᠭ ᠤᠨ ᠨᠠᠮ ᠤᠨ ᠬᠤᠷᠢᠶ᠎ᠠ ᠶᠢᠨ | ᠤᠬᠠᠭᠤᠯᠬᠤ ᠬᠡᠯᠲᠡᠰ᠂ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠬᠠᠮ ᠵᠠᠭᠤᠴᠢᠯᠠᠭᠤᠷ ᠤᠨ ᠲᠥᠪ᠂ | ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ | ᠬᠥᠮᠦᠵᠢᠯ ᠤᠨ ᠲᠣᠪᠴᠢᠶ᠎ᠠ᠂ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ᠂ ᠦᠨᠳᠦᠰᠦᠲᠡᠨ ᠤ | ᠬᠡᠷᠡᠭ ᠡᠷᠭᠢᠯᠡᠬᠦ ᠵᠥᠪᠯᠡᠯ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠠᠷᠠᠳ ᠤᠨ ᠶᠠᠪᠤᠳᠠᠯ ᠤᠨ | ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠲᠤᠭᠤᠷᠢᠭ ᠤᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ | ᠪᠤᠭᠤᠲᠤ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠵᠢᠤ ᠶᠤᠸᠠᠨ ᠲᠣᠭᠤᠷᠢᠭ ᠤᠨ | ᠬᠤᠪᠢᠶᠠᠷᠢ ᠲᠣᠪᠴᠢᠶ᠎ᠠ ᠵᠢᠴᠢ ᠬᠠᠮᠢᠶ᠎ᠠ ᠪᠥᠬᠦᠶ ᠠᠵᠢᠯ ᠲᠥᠷᠥᠯ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ | ᠪᠠᠭᠲᠠᠨ᠎ᠠ᠃ ᠰᠢᠢᠳᠪᠦᠷᠢᠯᠡᠬᠦ ᠶᠠᠪᠤᠴᠠ ᠳᠤ᠂ ᠠᠳᠡᠯ ᠤᠨ ᠰᠢᠨᠵᠢ ᠴᠢᠨᠠᠷ ᠪᠣᠯᠤᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠠᠵᠢᠯ ᠤᠨ ᠬᠡᠷᠡᠭᠴᠡᠭᠡ ᠶᠢ ᠦᠨᠳᠦᠰᠦᠯᠡᠨ ᠲᠦᠷ ᠴᠠᠭ ᠲᠣᠬᠢᠷᠠᠭᠤᠯᠤᠯᠲᠠ ᠬᠢᠵᠦ ᠪᠣᠯᠤᠨ᠎ᠠ᠃ | ᠵᠢᠯᠣᠭᠤᠳᠬᠤ ᠭᠠᠵᠠᠷ ᠤᠨ ᠠᠯᠪᠠᠨ ᠭᠡᠷ ᠢ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠳᠤ ᠲᠣᠬᠢᠷᠠᠭᠤᠯᠪᠠ᠃ | 2.3 ᠵᠢᠯᠣᠭᠤᠳᠬᠤ ᠭᠠᠵᠠᠷ ᠤᠨ ᠡᠭᠦᠷᠭᠡ ᠬᠠᠷᠢᠭᠤᠴᠠᠯᠭ᠎ᠠ | ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ | ᠨᠢᠭᠡᠳᠦᠯᠲᠡᠶ ᠤᠳᠤᠷᠢᠳᠬᠤ ᠶᠢ ᠬᠠᠷᠢᠭᠤᠴᠠᠨ᠎ᠠ︔ ᠴᠢᠬᠤᠯᠠ ᠶᠡᠭᠡ ᠪᠠᠴᠢᠮ ᠪᠠᠶᠢᠳᠠᠯ ᠢ ᠠᠷᠭᠠᠴᠠᠬᠤ ᠰᠢᠢᠳᠪᠦᠷᠢᠲᠦ | ᠪᠣᠳᠣᠯᠭ᠎ᠠ ᠪᠣᠯᠤᠨ ᠪᠠᠶᠢᠷᠢᠯᠠᠭᠤᠯᠤᠯᠲᠠ ᠶᠢ ᠰᠤᠳᠤᠯᠠᠨᠠ︔ ᠠᠳᠡᠯ ᠤᠨ ᠴᠢᠬᠤᠯᠠ ᠮᠡᠳᠡᠭᠡ ᠵᠠᠩᠭᠢ ᠶᠢ ᠵᠣᠬᠢᠶᠠᠨ | ᠪᠠᠶᠢᠭᠤᠯᠵᠤ ᠨᠡᠶᠢᠲᠡᠯᠡᠨ᠎ᠡ︔ ᠵᠢᠯᠣᠭᠤᠳᠬᠤ ᠭᠠᠵᠠᠷ ᠤᠨ ᠠᠯᠪᠠᠨ ᠭᠡᠷ ᠤᠨ ᠲᠤᠰᠢᠶᠠᠭᠰᠠᠨ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠭᠰᠡᠨ ᠠᠵᠢᠯ ᠤᠨ ᠮᠡᠳᠡᠭᠦᠯᠦᠯᠲᠡ ᠶᠢ ᠬᠢᠨᠠᠨ ᠶᠠᠷᠢᠯᠴᠠᠵᠤ ᠵᠥᠪᠰᠢᠶᠡᠷᠡᠨ᠎ᠡ︔ ᠪᠠᠴᠢᠮ | ᠪᠠᠶᠢᠳᠠᠯ ᠢ ᠰᠢᠢᠳᠪᠦᠷᠢᠯᠡᠬᠦ ᠪᠤᠰᠤᠳ ᠠᠵᠢᠯ᠃ | 2.4 ᠵᠢᠯᠣᠭᠤᠳᠬᠤ ᠭᠠᠵᠠᠷ ᠤᠨ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ | ᠵᠢᠯᠣᠭᠤᠳᠬᠤ ᠭᠠᠵᠠᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠵᠦ᠂ ᠭᠤᠣᠯᠳᠠᠭᠤ ᠵᠢᠯᠣᠭᠤᠳᠬᠤ | ᠭᠠᠵᠠᠷ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠳᠡᠯ ᠤᠨ ᠪᠠᠴᠢᠮ | ᠪᠠᠶᠢᠳᠠᠯ ᠢ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠬᠤ ᠶᠢ ᠬᠠᠷᠢᠭᠤᠴᠠᠨ᠎ᠠ︔ ᠬᠠᠮᠢᠶ᠎ᠠ ᠪᠦᠬᠦᠢ | ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠳ ᠢ ᠪᠠᠶᠢᠴᠠᠭᠠᠵᠤ ᠪᠠᠶᠢᠭᠠᠳ ᠡᠯ᠎ᠡ ᠵᠦᠢᠯ ᠤᠨ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠠᠳᠡᠯ ᠢ ᠴᠠᠭ ᠲᠤᠬᠠᠶ ᠳᠤᠨᠢ ᠪᠦᠲᠦᠮᠵᠢᠲᠡᠶ ᠬᠢᠵᠠᠭᠠᠷᠯᠠᠨ᠂ | ᠬᠡᠷᠡᠭ ᠶᠡᠬᠡᠳᠬᠦ ᠶᠢ ᠰᠡᠷᠭᠡᠶᠢᠯᠡᠨ ᠬᠤᠷᠢᠭᠯᠠᠨ᠎ᠠ︔ ᠠᠳᠡᠯ ᠤᠨ ᠪᠠᠴᠢᠮ ᠪᠠᠶᠢᠳᠠᠯ ᠢ ᠰᠢᠢᠳᠪᠦᠷᠢᠯᠡᠬᠦ ᠠᠵᠢᠯ ᠤᠨ | ᠳᠤᠮᠳᠠᠬᠢ ᠪᠣᠳᠠᠲᠠᠶ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ︔ ᠲᠤᠭᠤᠷᠢᠭ ᠤᠨ ᠠᠷᠠᠳ ᠤᠨ ᠵᠠᠰᠠᠭ ᠤᠨ | ᠣᠷᠳᠣᠨ᠂ ᠵᠢᠯᠣᠭᠤᠳᠬᠤ ᠭᠠᠵᠠᠷ ᠵᠢᠴᠢ ᠪᠦᠷᠢᠯᠳᠦᠬᠦᠨ ᠨᠢᠭᠡᠴᠡ ᠳᠤ ᠠᠳᠡᠯ ᠤᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠭᠰᠡᠨ ᠠᠵᠢᠯ ᠤᠨ ᠪᠠᠶᠢᠳᠠᠯ ᠢᠶᠠᠨ ᠮᠡᠳᠡᠭᠦᠯᠵᠦ᠂ ᠨᠡᠪᠲᠡᠷᠡᠭᠦᠯᠦᠨ᠎ᠡ︔ ᠮᠡᠳᠡᠭᠡ ᠵᠠᠩᠭᠢ ᠨᠡᠶᠢᠲᠡᠯᠡᠬᠦ ᠶᠢ | ᠵᠣᠬᠢᠶᠠᠨ ᠪᠠᠶᠢᠭᠤᠯᠤᠨ᠎ᠠ᠃ ᠵᠢᠯᠣᠭᠤᠳᠬᠤ ᠭᠠᠵᠠᠷ ᠤᠨ ᠠᠯᠪᠠᠨ ᠭᠡᠷ ᠵᠥᠪᠳᠡᠯᠴᠡᠬᠦ᠂ ᠪᠢᠴᠢᠭ ᠮᠠᠲ᠋ᠧᠷᠢᠶᠠᠯ | ᠶᠠᠪᠤᠭᠤᠯᠬᠤ᠂ ᠮᠡᠳᠡᠭᠡ ᠵᠠᠩᠭᠢ ᠨᠡᠶᠢᠲᠡᠯᠡᠬᠦ ᠪᠠ ᠰᠢᠮᠳᠠᠭᠤᠯᠤᠨ ᠪᠠᠶᠢᠴᠠᠭᠠᠬᠤ ᠵᠡᠷᠭᠡ ᠳᠦᠷᠢᠮ ᠢ ᠪᠠᠶᠢᠭᠤᠯᠵᠤ᠂ | ᠢᠳᠡᠭᠡᠨ ᠤ ᠠᠮᠤᠷ ᠲᠦᠪᠰᠢᠨ ᠤ ᠠᠳᠡᠯ ᠢ ᠲᠦᠷᠭᠡᠨ ᠪᠥᠭᠡᠳ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ ᠶᠢ | ᠦᠨᠡᠨᠬᠦ ᠪᠠᠲᠤᠯᠠᠨ᠎ᠠ᠃ | 2.5 ᠪᠦᠷᠢᠯᠳᠦᠬᠦᠨ ᠨᠢᠭᠡᠴᠢ ᠶᠢᠨ ᠡᠭᠦᠷᠭᠡ ᠬᠠᠷᠢᠭᠤᠴᠠᠯᠭ᠎ᠠ | ( 1 ) ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ : ᠢᠳᠡᠭᠡᠨ ᠤ ᠠᠮᠤᠷ ᠲᠦᠪᠰᠢᠨ ᠤ | ᠣᠨᠴᠠ ᠬᠦᠨᠳᠦ ᠶᠡᠭᠡ᠂ ᠬᠦᠨᠳᠦ ᠶᠡᠭᠡ ᠠᠳᠡᠯ ᠤᠨ ᠮᠡᠳᠡᠭᠡ ᠵᠠᠩᠭᠢ ᠨᠡᠶᠢᠲᠡᠯᠡᠬᠦ ᠪᠠ ᠶᠠᠷᠢᠶ᠎ᠠ ᠬᠡᠯᠡᠯᠴᠡᠭᠡᠨ ᠤ | ᠬᠥᠳᠥᠯᠥᠨ ᠵᠢᠯᠣᠭᠤᠳᠬᠤ ᠠᠵᠢᠯ ᠢ ᠬᠠᠷᠢᠭᠤᠴᠠᠨ᠎ᠠ᠃ | ( 2 ) ᠲᠤᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ : ᠤᠯᠤᠰ | ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠠᠤᠯᠢ ᠶᠣᠰᠣᠭᠠᠷ ᠢᠳᠡᠭᠡᠨ ᠤ ᠠᠮᠤᠷ ᠲᠦᠪᠰᠢᠨ ᠳᠤ ᠬᠤᠤᠷ | ᠬᠥᠨᠥᠭᠡᠯ ᠤᠴᠠᠷᠠᠭᠤᠯᠤᠭᠰᠠᠨ ᠶᠠᠯᠠᠲᠤ ᠬᠡᠷᠡᠭ ᠢ ᠵᠢᠯᠣᠭᠤᠳᠬᠤ᠂ ᠵᠣᠬᠢᠴᠠᠭᠤᠯᠬᠤ᠂ ᠰᠢᠮᠳᠠᠭᠤᠯᠬᠤ ᠶᠢ ᠬᠠᠷᠢᠭᠤᠴᠠᠨ᠎ᠠ︔ | ᠨᠡᠶᠢᠭᠡᠮ ᠤᠨ ᠲᠠᠯ᠎ᠠ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ | ᠪᠠᠶᠢᠬᠤ ᠶᠢ ᠦᠨᠡᠨ ᠬᠦ ᠪᠠᠲᠤᠯᠠᠨ᠎ᠠ᠃ | ( 3 ) ᠬᠠᠮ ᠵᠠᠭᠤᠴᠢᠯᠠᠭᠤᠷ ᠤᠨ ᠲᠥᠪ : ᠵᠣᠬᠢᠬᠤ ᠡᠭᠦᠷᠭᠡ ᠬᠠᠷᠢᠭᠤᠴᠠᠯᠭ᠎ᠠ ᠶᠣᠰᠣᠭᠠᠷ ᠢᠳᠡᠭᠡᠨ ᠤ ᠠᠮᠤᠷ | ᠲᠦᠪᠰᠢᠨ ᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠬᠠᠮᠵᠢᠯᠴᠠᠨ ᠰᠠᠶᠢᠲᠤᠷ ᠬᠢᠨ᠎ᠡ᠃ | ( 4 ) ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ : ᠠᠮᠤ ᠪᠤᠳᠠᠭ᠎ᠠ ᠬᠤᠳᠠᠯᠳᠤᠨ | ᠠᠪᠬᠤ᠂ ᠬᠠᠳᠠᠭᠠᠯᠠᠬᠤ᠂ ᠲᠡᠭᠡᠭᠡᠪᠦᠷᠢᠯᠡᠬᠦ ᠪᠠ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠮᠤ ᠪᠤᠳᠠᠭ᠎ᠠ ᠬᠤᠳᠠᠯᠳᠤᠨ | ᠠᠪᠬᠤ ᠪᠣᠷᠣᠯᠠᠭᠤᠯᠬᠤ ᠠᠵᠢᠯᠯᠠᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠣᠯᠤᠨ | ᠠᠮᠤ ᠪᠤᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠠᠵᠢᠯ ᠢ ᠬᠠᠷᠢᠭᠤᠴᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ | ᠢᠳᠡᠭᠡᠨ ᠤ ᠠᠮᠤᠷ ᠲᠦᠪᠰᠢᠨ ᠤ ᠠᠳᠡᠯ ᠭᠠᠷᠭᠠᠵᠤ ᠮᠡᠳᠡᠬᠦ ᠠᠮᠤ ᠪᠤᠳᠠᠭ᠎ᠠ ᠶᠢ ᠪᠢᠲᠡᠭᠦᠮᠵᠢᠯᠡᠨ ᠬᠠᠳᠠᠭᠠᠯᠠᠬᠤ ᠶᠢᠨ | ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠵᠦ᠂ ᠪᠠᠷᠢᠮᠵᠢᠶ᠎ᠠ ᠠᠴᠠ ᠬᠡᠲᠦᠷᠡᠭᠰᠡᠨ ᠠᠮᠤ ᠪᠤᠳᠠᠭ᠎ᠠ ᠳᠤ ᠬᠠᠤᠯᠢ | ᠶᠣᠰᠣᠭᠠᠷ ᠪᠦᠲᠦᠮᠵᠢᠲᠡᠶ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ᠂ ᠨᠡᠶᠢᠭᠡᠮ ᠳᠤ ᠤᠴᠠᠷᠠᠭᠤᠯᠬᠤ ᠬᠥᠨᠥᠭᠡᠯ ᠢ | ᠰᠡᠷᠭᠡᠶᠢᠯᠡᠬᠦ ᠪᠤᠶᠤ ᠬᠦᠩᠭᠡᠷᠡᠭᠦᠯᠦᠨ᠎ᠡ︔ | ᠢᠳᠡᠭᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠬᠠᠮᠵᠢᠯᠴᠠᠨ | ᠰᠠᠶᠢᠲᠤᠷ ᠬᠢᠨ᠎ᠡ᠃ | ( 5 ) ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ : ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ | ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠪᠠᠶᠢᠴᠠᠭᠠᠬᠤ ᠠᠵᠢᠯ ᠢ ᠥᠷᠨᠢᠭᠦᠯᠦᠨ᠎ᠡ︔ | ᠰᠤᠷᠭᠠᠭᠤᠯᠢ ᠶᠢ ᠰᠢᠮᠳᠠᠭᠤᠯᠵᠤ ᠪᠠᠶᠢᠭᠠᠳ ᠢᠳᠡᠭᠡᠨ ᠤ ᠠᠮᠤᠷ ᠲᠦᠪᠰᠢᠨ ᠤ ᠬᠥᠮᠦᠵᠢᠯ ᠪᠣᠯᠤᠨ ᠡᠳᠦᠷ ᠲᠤᠲᠤᠮ ᠤᠨ | ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠎ᠠ᠃ | ( 6 ) ᠲᠤᠭᠤᠷᠢᠭ ᠤᠨ ᠠᠵᠤ ᠦᠢᠯᠡᠳᠪᠦᠷᠢ ᠰᠢᠨᠵᠢᠯᠡᠬᠦ ᠤᠬᠠᠭᠠᠨ ᠤ ᠲᠣᠪᠴᠢᠶ᠎ᠠ : ᠰᠦᠨ ᠪᠦᠲᠦᠭᠡᠭᠳᠡᠬᠦᠨ᠂ | ᠠᠷᠢᠬᠢᠨ ᠤ ᠵᠦᠢᠯ ᠵᠡᠷᠭᠡ ᠤᠨᠴᠠᠭᠠᠢ ᠲᠣᠭᠲᠠᠭᠠᠭᠰᠠᠨ ᠢᠳᠡᠭᠡᠨ ᠤ ᠠᠵᠤ ᠦᠢᠯᠡᠳᠪᠦᠷᠢ ᠳᠠᠬᠢ ᠢᠳᠡᠭᠡᠨ ᠤ ᠠᠮᠤᠷ | ᠲᠦᠪᠰᠢᠨ ᠤ ᠠᠳᠡᠯ ᠢ ᠪᠠᠶᠢᠴᠠᠭᠠᠬᠤ ᠪᠠ ᠪᠠᠴᠢᠮ ᠪᠠᠶᠢᠳᠠᠯ ᠢ ᠰᠢᠢᠳᠪᠦᠷᠢᠯᠡᠬᠦ ᠶᠢ ᠬᠠᠷᠢᠭᠤᠴᠠᠨ᠎ᠠ︔ ᠬᠦᠨᠳᠦ ᠶᠡᠭᠡ | ᠵᠢᠴᠢ ᠲᠡᠭᠦᠨ ᠠᠴᠠ ᠳᠡᠭᠡᠭᠰᠢᠬᠢ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ | ᠡᠮ ᠤᠨ ᠵᠦᠢᠯ ᠪᠣᠯᠤᠨ ᠡᠮᠴᠢᠯᠡᠭᠡᠨ ᠤ ᠪᠠᠭᠠᠵᠢ ᠬᠡᠷᠡᠭᠰᠡᠯ ᠤᠨ ᠦᠢᠯᠡᠳᠪᠦᠷᠢᠯᠡᠯ ᠬᠠᠩᠭᠠᠯᠭ᠎ᠠ ᠶᠢ ᠬᠠᠪᠰᠤᠷᠤᠨ | ᠪᠠᠲᠤᠯᠠᠨ᠎ᠠ᠃ | ( 7 ) ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ : ᠣᠨᠴᠠ ᠬᠦᠨᠳᠦ ᠶᠡᠭᠡ᠂ | ᠬᠦᠨᠳᠦ ᠶᠡᠭᠡ ᠢᠳᠡᠭᠡᠨ ᠤ ᠠᠮᠤᠷ ᠲᠦᠪᠰᠢᠨ ᠤ ᠠᠳᠡᠯ ᠳᠠᠬᠢ ᠶᠠᠯ᠎ᠠ ᠳᠤ ᠬᠤᠯᠪᠣᠭᠳᠠᠭᠰᠠᠨ ᠦᠢᠯᠡ ᠠᠵᠢᠯᠯᠠᠭ᠎ᠠ ᠶᠢ | ᠲᠤᠷᠰᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ᠂ ᠵᠢᠯᠣᠭᠤᠳᠬᠤ ᠪᠠ ᠵᠣᠬᠢᠴᠠᠭᠤᠯᠤᠨ᠎ᠠ︔ ᠢᠳᠡᠭᠡᠨ ᠤ | ᠠᠮᠤᠷ ᠲᠦᠪᠰᠢᠨ ᠤ ᠠᠳᠡᠯ ᠭᠠᠷᠤᠭᠰᠠᠨ ᠭᠠᠵᠠᠷ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠴᠢᠩᠭᠠᠳᠬᠠᠵᠤ᠂ | ᠨᠡᠶᠢᠭᠡᠮ ᠤᠨ ᠠᠮᠤᠷ ᠲᠦᠪᠰᠢᠨ ᠤ ᠡᠮᠬᠢ ᠳᠢᠭᠯᠢᠮ ᠢ ᠪᠦᠲᠦᠮᠵᠢᠲᠡᠶ ᠬᠠᠮᠠᠭᠠᠯᠠᠨ᠎ᠠ᠃ | ( 8 ) ᠲᠤᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ : ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠨᠠᠰᠤᠵᠢᠯ ᠤᠨ ᠪᠠᠶᠢᠭᠤᠯᠤᠮᠵᠢ ᠶᠢᠨ ᠢᠳᠡᠭᠡᠨ ᠤ ᠠᠮᠤᠷ | ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠪᠠᠶᠢᠴᠠᠭᠠᠬᠤ ᠠᠵᠢᠯ ᠢ ᠥᠷᠨᠢᠭᠦᠯᠦᠨ᠎ᠡ︔ | ᠨᠠᠰᠤᠵᠢᠯ ᠤᠨ ᠪᠠᠶᠢᠭᠤᠯᠤᠮᠵᠢ ᠶᠢ ᠰᠢᠮᠳᠠᠭᠤᠯᠵᠤ ᠪᠠᠶᠢᠭᠠᠳ ᠢᠳᠡᠭᠡᠨ ᠤ ᠠᠮᠤᠷ ᠲᠦᠪᠰᠢᠨ ᠤ ᠬᠥᠮᠦᠵᠢᠯ ᠪᠣᠯᠤᠨ | ᠡᠳᠦᠷ ᠲᠤᠲᠤᠮ ᠤᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠎ᠠ︔ ᠢᠳᠡᠭᠡᠨ ᠤ ᠠᠮᠤᠷ ᠲᠦᠪᠰᠢᠨ ᠤ | ᠠᠳᠡᠯ ᠠᠴᠠ ᠪᠣᠯᠵᠤ ᠨᠥᠯᠥᠭᠡᠯᠡᠭᠳᠡᠭᠰᠡᠨ ᠬᠥᠮᠦᠰ ᠤᠨ ᠠᠮᠢᠳᠤᠷᠠᠯ ᠢ ᠠᠪᠤᠷᠠᠨ ᠲᠤᠰᠠᠯᠠᠬᠤ ᠠᠵᠢᠯ ᠢ ᠲᠥᠷᠥ ᠶᠢᠨ | ᠪᠣᠳᠣᠯᠭ᠎ᠠ ᠶᠢᠨ ᠶᠣᠰᠣᠭᠠᠷ ᠨᠠᠶᠢᠲᠠᠪᠤᠷᠢᠵᠢᠭᠤᠯᠤᠨ᠎ᠠ᠃ | ( 9 ) ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ : ᠰᠠᠯᠠᠭ᠎ᠠ ᠮᠥᠴᠢᠷ ᠤᠨ ᠲᠥᠰᠦᠪ ᠤᠨ | ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ | ᠬᠠᠮᠵᠢᠯᠴᠠᠨ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠠᠷᠤᠳᠠᠯ ᠢ | ᠪᠠᠲᠤᠯᠠᠬᠤ ᠠᠵᠢᠯ ᠢ ᠬᠠᠷᠢᠭᠤᠴᠠᠨ᠎ᠠ᠃ | ( 10 ) ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ : ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ | ᠮᠥᠴᠢᠷ ᠲᠠᠢ ᠬᠠᠮᠵᠢᠯᠴᠠᠨ ᠪᠠᠷᠢᠯᠭ᠎ᠠ ᠶᠢᠨ ᠭᠠᠵᠠᠷ ᠤᠨ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠪᠠᠶᠢᠴᠠᠭᠠᠬᠤ ᠠᠵᠢᠯ ᠢ ᠥᠷᠨᠢᠭᠦᠯᠦᠨ᠎ᠡ︔ ᠪᠠᠷᠢᠯᠭ᠎ᠠ ᠶᠢᠨ ᠠᠵᠤ | ᠠᠬᠤᠶᠢᠯᠠᠯ ᠢ ᠰᠢᠮᠳᠠᠭᠤᠯᠵᠤ ᠪᠠᠶᠢᠭᠠᠳ ᠢᠳᠡᠭᠡᠨ ᠤ ᠠᠮᠤᠷ ᠲᠦᠪᠰᠢᠨ ᠤ ᠬᠥᠮᠦᠵᠢᠯ ᠪᠣᠯᠤᠨ ᠡᠳᠦᠷ ᠲᠤᠲᠤᠮ ᠤᠨ | ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠎ᠠ︔ ᠬᠤᠲᠠ ᠶᠢᠨ ᠰᠢᠲᠠᠮᠠᠬᠠᠶ ᠬᠡᠢ ᠪᠣᠯᠤᠨ ᠬᠤᠲᠠ ᠶᠢᠨ ᠶᠠᠪᠤᠳᠠᠯ ᠤᠨ | ᠨᠡᠶᠢᠲᠡ ᠶᠢᠨ ᠪᠡᠯᠡᠳᠬᠡᠮᠵᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ᠃ | ( 11 ) ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ : ᠢᠳᠡᠰᠢᠨ ᠤ ᠲᠠᠷᠢᠶᠠᠯᠠᠩ ᠤᠨ | ᠪᠦᠲᠦᠭᠡᠭᠳᠡᠬᠦᠨ ᠤ ᠲᠠᠷᠢᠵᠤ ᠲᠡᠵᠢᠭᠡᠨ ᠦᠷᠡᠵᠢᠭᠦᠯᠬᠦ ᠵᠠᠩᠭᠢᠯᠠᠭ᠎ᠠ ᠠᠴᠠ ᠪᠥᠭᠡᠮ ᠢᠶᠠᠷ ᠬᠤᠳᠠᠯᠳᠤᠬᠤ᠂ ᠵᠢᠵᠢᠭᠯᠡᠨ | ᠬᠤᠳᠠᠯᠳᠤᠬᠤ ᠵᠠᠬ᠎ᠠ ᠳᠡᠯᠭᠡᠭᠦᠷ ᠪᠤᠶᠤ ᠦᠢᠯᠡᠳᠪᠦᠷᠢᠯᠡᠵᠦ ᠪᠤᠯᠪᠠᠰᠤᠷᠠᠭᠤᠯᠬᠤ ᠠᠵᠤ ᠠᠬᠤᠶᠢᠯᠠᠯ ᠳᠤ ᠣᠷᠣᠬᠤ ᠠᠴᠠ | ᠡᠮᠦᠨᠡᠬᠢ ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ︔ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠢᠳᠡᠭᠡᠨ ᠳᠤ ᠬᠡᠷᠡᠭᠯᠡᠬᠦ | ᠲᠠᠷᠢᠶᠠᠯᠠᠩ ᠤᠨ ᠪᠦᠲᠦᠭᠡᠭᠳᠡᠬᠦᠨ ᠦᠢᠯᠡᠳᠪᠦᠷᠢᠯᠡᠬᠦ ᠵᠠᠩᠭᠢᠯᠠᠭ᠎ᠠ ᠳᠤ ᠬᠠᠤᠯᠢ ᠠᠴᠠ ᠵᠥᠷᠢᠴᠡᠨ ᠲᠠᠷᠢᠶᠠᠯᠠᠩ ᠤᠨ | ᠣᠷᠣᠭᠤᠯᠤᠯᠲᠠ ᠡᠳ᠋ ᠢ ᠬᠡᠷᠡᠭᠯᠡᠭᠰᠡᠨ ᠠᠴᠠ ᠪᠣᠯᠤᠭᠰᠠᠨ ᠢᠳᠡᠭᠡᠨ ᠤ ᠠᠮᠤᠷ ᠲᠦᠪᠰᠢᠨ ᠤ ᠠᠳᠡᠯ ᠢ ᠪᠠᠶᠢᠴᠠᠭᠠᠨ | ᠰᠢᠢᠳᠪᠦᠷᠢᠯᠡᠬᠦ ᠶᠢ ᠬᠠᠷᠢᠭᠤᠴᠠᠵᠤ᠂ ᠴᠢᠬᠤᠯᠠ ᠪᠦᠬᠦᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ | ᠬᠡᠮᠵᠢᠶ᠎ᠡ ᠶᠢ ᠬᠠᠤᠯᠢ ᠶᠣᠰᠣᠭᠠᠷ ᠠᠪᠤᠨ᠎ᠠ︔ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠬᠠᠮᠢᠶ᠎ᠠ ᠪᠦᠬᠦᠢ | ᠰᠢᠯᠭᠠᠨ ᠪᠠᠶᠢᠴᠠᠭᠠᠵᠤ ᠪᠠᠶᠢᠴᠠᠭᠠᠨ ᠰᠢᠨᠵᠢᠬᠦ ᠪᠠ ᠲᠦᠭᠰᠢᠭᠦᠷᠢ ᠶᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠬᠠᠷᠢᠭᠤᠴᠠᠵᠤ᠂ ᠢᠳᠡᠭᠡᠨ ᠤ ᠠᠮᠤᠷ ᠲᠦᠪᠰᠢᠨ ᠤ | ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠤᠯ ᠪᠣᠯᠤᠨ ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠬᠦ ᠶᠢ ᠳᠡᠮᠵᠢᠨ᠂ | ᠢᠳᠡᠭᠡᠨ ᠤ ᠠᠮᠤᠷ ᠲᠦᠪᠰᠢᠨ ᠤ ᠠᠳᠡᠯ ᠳᠤ ᠮᠡᠷᠭᠡᠵᠢᠯ ᠤᠨ ᠳᠡᠮᠵᠢᠯᠭᠡ ᠬᠠᠩᠭᠠᠨ᠎ᠠ᠃ | (12) ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ : ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠬᠠᠮᠵᠢᠯᠴᠠᠵᠤ ᠵᠢᠭᠤᠯᠴᠢᠯᠠᠯ ᠵᠢᠴᠢ ᠲᠣᠮᠣ ᠬᠡᠯᠪᠡᠷᠢ ᠶᠢᠨ ᠰᠣᠶᠣᠯ | ᠪᠡᠶ᠎ᠡ ᠶᠢᠨ ᠲᠠᠮᠢᠷ ᠤᠨ ᠬᠥᠳᠡᠯᠭᠡᠭᠡᠨ ᠵᠡᠷᠭᠡ ᠳᠤ ᠬᠤᠯᠪᠣᠭᠳᠠᠭᠰᠠᠨ ᠢᠳᠡᠭᠡᠨ ᠤ ᠠᠮᠤᠷ ᠲᠦᠪᠰᠢᠨ ᠤ ᠠᠳᠠᠯ ᠢ | ᠪᠠᠶᠢᠴᠠᠭᠠᠬᠤ ᠪᠠ ᠰᠢᠢᠳᠪᠦᠷᠢᠯᠡᠬᠦ ᠶᠢ ᠬᠠᠷᠢᠭᠤᠴᠠᠨ᠎ᠠ︔ ᠵᠢᠭᠤᠯᠴᠢᠯᠠᠯ ᠤᠨ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ ᠶᠢ ᠰᠢᠮᠳᠠᠭᠤᠯᠵᠤ ᠪᠠᠶᠢᠭᠠᠳ ᠢᠳᠡᠭᠡᠨ ᠤ ᠠᠮᠤᠷ ᠲᠦᠪᠰᠢᠨ ᠤ ᠬᠥᠮᠦᠵᠢᠯ ᠪᠣᠯᠤᠨ ᠡᠳᠦᠷ ᠲᠤᠲᠤᠮ ᠤᠨ | ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠎ᠠ᠃ | ( 13 ) ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ : ᠢᠳᠡᠭᠡᠨ ᠤ ᠠᠮᠤᠷ | ᠲᠦᠪᠰᠢᠨ ᠤ ᠠᠳᠠᠯ ᠳᠤ ᠬᠤᠯᠪᠣᠭᠳᠠᠭᠰᠠᠨ ᠡᠪᠡᠳᠴᠢᠲᠡᠨ ᠢ ᠡᠮᠨᠡᠨ ᠠᠪᠤᠷᠠᠬᠤ᠂ ᠰᠡᠳᠬᠢᠴᠡ ᠶᠢᠨ ᠬᠢᠮᠤᠷᠠᠯ ᠢ | ᠬᠠᠮᠢᠶᠠᠷᠬᠤ ᠪᠠ ᠲᠤᠬᠠᠶ ᠶᠢᠨ ᠲᠠᠯᠠᠪᠠᠶ ᠶᠢᠨ ᠡᠷᠡᠭᠦᠯ ᠬᠠᠮᠠᠭᠠᠯᠠᠯ ᠢ ᠰᠢᠢᠳᠪᠦᠷᠢᠯᠡᠬᠦ ᠵᠢᠯᠣᠭᠤᠳᠣᠯᠭ᠎ᠠ ᠶᠢ ᠵᠣᠬᠢᠶᠠᠨ | ᠪᠠᠶᠢᠭᠤᠯᠬᠤ᠂ ᠵᠢᠯᠣᠭᠤᠳᠬᠤ᠂ ᠵᠣᠬᠢᠴᠠᠭᠤᠯᠬᠤ ᠶᠢ ᠬᠠᠷᠢᠭᠤᠴᠠᠵᠤ᠂ ᠢᠳᠡᠭᠡᠨ ᠤ ᠠᠮᠤᠷ ᠲᠦᠪᠰᠢᠨ ᠤ ᠠᠳᠠᠯ ᠲᠠᠢ | ᠬᠤᠯᠪᠣᠭᠳᠠᠬᠤ ᠬᠦᠴᠦᠨ ᠵᠦᠢᠯ ᠳᠤ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢ ᠥᠷᠨᠢᠭᠦᠯᠵᠦ᠂ | ᠬᠠᠮᠢᠶ᠎ᠠ ᠪᠥᠬᠦᠶ ᠰᠢᠢᠳᠪᠦᠷᠢᠯᠡᠬᠦ ᠰᠠᠨᠠᠯ ᠢ ᠳᠤᠷᠠᠳᠤᠨ᠎ᠠ︔ ᠣᠨᠴᠠ ᠬᠦᠨᠳᠦ ᠶᠡᠭᠡ᠂ ᠬᠦᠨᠳᠦ ᠶᠡᠭᠡ ᠢᠳᠡᠭᠡᠨ ᠤ ᠠᠮᠤᠷ | ᠲᠦᠪᠰᠢᠨ ᠤ ᠠᠳᠡᠯ ᠤᠨ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ | ᠥᠷᠨᠢᠭᠦᠯᠦᠨ᠎ᠡ︔ ᠬᠠᠮᠢᠶ᠎ᠠ ᠪᠦᠬᠦᠢ ᠰᠢᠯᠭᠠᠨ ᠪᠠᠶᠢᠴᠠᠭᠠᠬᠤ ᠶᠢ ᠬᠠᠮᠵᠢᠨ ᠥᠷᠨᠢᠭᠦᠯᠦᠨ᠎ᠡ︔ ᠢᠳᠡᠭᠡᠨ ᠤ ᠠᠮᠤᠷ | ᠲᠦᠪᠰᠢᠨ ᠤ ᠠᠳᠡᠯ ᠢ ᠳᠡᠰ ᠬᠤᠪᠢᠶᠠᠨ ᠦᠨᠡᠯᠡᠨ ᠵᠢᠱᠢᠬᠦ ᠶᠢ ᠬᠠᠮᠵᠢᠨ ᠰᠠᠶᠢᠲᠤᠷ ᠬᠢᠨ᠎ᠡ᠃ | ( 14 ) ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ : ᠦᠢᠯᠡᠳᠪᠦᠷᠢᠯᠡᠵᠦ | ᠡᠳ᠋ᠰᠢᠭᠦᠯᠬᠦ᠂ ᠢᠳᠡᠭᠡᠨ ᠤᠮᠳᠠᠭᠠᠨ ᠤ ᠦᠢᠯᠡᠰ ᠪᠣᠯᠤᠨ ᠭᠦᠢᠯᠭᠡᠭᠡᠨ ᠤ ᠬᠦᠷᠢᠶᠡᠨ ᠳᠤ ᠭᠠᠷᠤᠭᠰᠠᠨ ᠢᠳᠡᠭᠡᠨ ᠤ ᠠᠮᠤᠷ | ᠲᠦᠪᠰᠢᠨ ᠤ ᠡᠩ ᠤᠨ ᠵᠢᠴᠢ ᠲᠡᠭᠦᠨ ᠠᠴᠠ ᠳᠡᠭᠡᠭᠰᠢᠬᠢ ᠠᠳᠡᠯ ᠢ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠵᠤ᠂ | ᠴᠢᠬᠤᠯᠠ ᠪᠦᠬᠦᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠠᠪᠤᠨ᠎ᠠ︔ | ᠬᠠᠮᠢᠶ᠎ᠠ ᠪᠦᠬᠦᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠪᠠ ᠲᠦᠭᠰᠢᠭᠦᠷᠢ ᠶᠢ ᠦᠨᠡᠯᠡᠨ ᠵᠢᠱᠢᠬᠦ ᠶᠢ ᠵᠣᠬᠢᠶᠠᠨ | ᠪᠠᠶᠢᠭᠤᠯᠤᠨ ᠥᠷᠨᠢᠭᠦᠯᠦᠨ᠎ᠡ︔ ᠠᠳᠡᠯ ᠭᠠᠷᠤᠭᠰᠠᠨ ᠰᠢᠯᠲᠠᠭᠠᠨ᠂ ᠰᠢᠢᠳᠪᠦᠷᠢᠯᠡᠬᠦ ᠶᠠᠪᠤᠴᠠ ᠪᠠ ᠲᠦᠭᠰᠢᠭᠦᠷᠢ ᠶᠢ | ᠦᠨᠡᠯᠡᠨ ᠵᠢᠱᠢᠭᠰᠡᠨ ᠮᠡᠳᠡᠭᠦᠯᠦᠯᠲᠡ ᠪᠠᠨ ᠲᠤᠰᠢᠶᠠᠨ᠎ᠠ᠃ | ( 15 ) ᠲᠤᠭᠤᠷᠢᠭ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ : ᠬᠠᠤᠯᠢ ᠶᠣᠰᠣᠭᠠᠷ ᠢᠳᠡᠵᠦ | ᠪᠣᠯᠬᠤ ᠬᠠᠭᠤᠷᠠᠶ ᠶᠢᠨ ᠬᠡᠭᠡᠷ᠎ᠡ ᠶᠢᠨ ᠠᠮᠢᠲᠠᠨ ᠢ ᠳᠠᠰᠬᠠᠨ ᠲᠡᠵᠢᠭᠡᠵᠦ ᠦᠷᠡᠵᠢᠭᠦᠯᠬᠦ᠂ ᠪᠥᠭᠡᠮ ᠢᠶᠠᠷ ᠪᠠ ᠵᠢᠵᠢᠭᠯᠡᠨ | ᠬᠤᠳᠠᠯᠳᠤᠬᠤ ᠪᠤᠶᠤ ᠦᠢᠯᠡᠳᠪᠦᠷᠢᠯᠡᠵᠦ ᠪᠤᠯᠪᠠᠰᠤᠷᠠᠭᠤᠯᠬᠤ ᠭᠤᠭᠴᠤᠭ᠎ᠠ ᠳᠠᠬᠢ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠬᠠᠤᠯᠢ ᠶᠣᠰᠣᠭᠠᠷ ᠴᠢᠬᠤᠯᠠ ᠪᠦᠬᠦᠢ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠠᠷᠭ᠎ᠠ ᠬᠡᠮᠵᠢᠶ᠎ᠡ ᠠᠪᠬᠤ ᠶᠢ ᠬᠠᠷᠢᠭᠤᠴᠠᠨ᠎ᠠ︔ ᠬᠠᠭᠤᠷᠠᠶ ᠶᠢᠨ ᠬᠡᠭᠡᠷ᠎ᠡ ᠶᠢᠨ ᠠᠮᠢᠲᠠᠨ ᠢ ᠢᠳᠡᠵᠦ | ᠪᠣᠯᠬᠤ ᠠᠴᠠ ᠪᠣᠯᠤᠭᠰᠠᠨ ᠢᠳᠡᠭᠡᠨ ᠤ ᠠᠮᠤᠷ ᠲᠦᠪᠰᠢᠨ ᠤ ᠠᠳᠡᠯ ᠳᠤ ᠬᠠᠮᠢᠶ᠎ᠠ ᠪᠦᠬᠦᠢ ᠰᠢᠯᠭᠠᠨ ᠪᠠᠶᠢᠴᠠᠭᠠᠵᠤ | ᠪᠠᠶᠢᠴᠠᠭᠠᠨ ᠬᠡᠮᠵᠢᠬᠦ ᠪᠠ ᠲᠦᠭᠰᠢᠭᠦᠷᠢ ᠶᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ᠎ᠠ︔ ᠠᠳᠡᠯ ᠭᠠᠷᠤᠭᠰᠠᠨ | ᠰᠢᠯᠲᠠᠭᠠᠨ᠂ ᠰᠢᠢᠳᠪᠦᠷᠢᠯᠡᠬᠦ ᠶᠠᠪᠤᠴᠠ ᠪᠠ ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠪᠠᠨ ᠲᠤᠰᠢᠶᠠᠨ᠎ᠠ᠃ | ( 16 ) ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ : ᠭᠦᠢᠯᠭᠡᠭᠡᠨ᠂ ᠬᠤᠭᠤᠯᠠ | ᠤᠮᠳᠠᠭᠠᠨ ᠤ ᠦᠢᠯᠡᠴᠢᠯᠡᠭᠡᠨ ᠵᠢᠴᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠤᠭᠴᠤᠭ᠎ᠠ ᠶᠢᠨ | ᠢᠳᠡᠭᠡᠨ ᠤ ᠠᠮᠤᠷ ᠲᠦᠪᠰᠢᠨ ᠤ ᠠᠳᠡᠯ ᠢ ᠪᠠᠶᠢᠴᠠᠭᠠᠨ ᠰᠢᠢᠳᠪᠦᠷᠢᠯᠡᠬᠦ ᠶᠢ ᠬᠠᠮᠵᠢᠨ ᠥᠷᠨᠢᠭᠦᠯᠬᠦ ᠶᠢ ᠬᠠᠷᠢᠭᠤᠴᠠᠨ᠎ᠠ︔ | ᠠᠷᠢᠬᠢᠨ ᠤ ᠵᠦᠢᠯ ᠤᠨ ᠭᠦᠢᠯᠭᠡᠭᠡᠨ ᠤ ᠭᠤᠭᠴᠤᠭ᠎ᠠ ᠶᠢᠨ ᠢᠳᠡᠭᠡᠨ ᠤ ᠠᠮᠤᠷ ᠲᠦᠪᠰᠢᠨ ᠤ ᠠᠳᠡᠯ ᠢ ᠪᠠᠶᠢᠴᠠᠭᠠᠨ | ᠰᠢᠢᠳᠪᠦᠷᠢᠯᠡᠬᠦ ᠶᠢ ᠬᠠᠮᠵᠢᠨ ᠥᠷᠨᠢᠭᠦᠯᠦᠨ᠎ᠡ︔ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠢ ᠲᠣᠬᠢᠷᠠᠭᠤᠯᠤᠨ ᠬᠠᠩᠭᠠᠬᠤ ᠶᠢ | ᠵᠣᠬᠢᠶᠠᠨ ᠪᠠᠶᠢᠭᠤᠯᠤᠨ᠎ᠠ᠃ | ( 17 ) ᠪᠤᠭᠤᠲᠤ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠵᠢᠦ ᠶᠤᠸᠠᠨ | ᠲᠣᠭᠤᠷᠢᠭ ᠤᠨ ᠬᠤᠪᠢᠶᠠᠷᠢ ᠲᠣᠪᠴᠢᠶ᠎ᠠ : ᠢᠳᠡᠭᠡᠨ ᠤ ᠠᠮᠤᠷ ᠲᠦᠪᠰᠢᠨ ᠤ ᠠᠳᠠᠯ ᠠᠴᠠ ᠪᠣᠯᠤᠭᠰᠠᠨ ᠡᠭᠦᠰᠦᠮᠡᠯ | ᠣᠷᠴᠢᠨ ᠲᠣᠭᠤᠷᠢᠨ ᠢ ᠪᠣᠬᠢᠷᠲᠤᠭᠤᠯᠤᠭᠰᠠᠨ ᠭᠡᠨᠡᠳᠲᠡ ᠶᠢᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ︔ | ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠢ ᠵᠢᠯᠣᠭᠤᠳᠤᠨ ᠵᠣᠬᠢᠴᠠᠭᠤᠯᠵᠤ ᠪᠠᠶᠢᠭᠠᠳ ᠡᠭᠦᠰᠦᠮᠡᠯ | ᠣᠷᠴᠢᠨ ᠲᠣᠭᠤᠷᠢᠨ ᠤ ᠪᠣᠬᠢᠷᠲᠤᠯ ᠢ ᠰᠢᠢᠳᠪᠦᠷᠢᠯᠡᠬᠦ ᠠᠵᠢᠯ ᠦᠷᠨᠢᠭᠦᠯᠦᠨ᠎ᠡ᠃ | ᠲᠤᠰ ᠪᠡᠯᠡᠳᠬᠡᠯ ᠲᠥᠰᠦᠯ ᠳᠤ ᠵᠢᠭᠰᠠᠭᠠᠭᠰᠠᠨ ᠦᠭᠡᠶ ᠪᠤᠰᠤᠳ ᠰᠠᠯᠠᠭ᠎ᠠ ᠮᠥᠴᠢᠷ ᠪᠣᠯᠤᠨ ᠨᠢᠭᠡᠴᠡ ᠨᠦᠭᠦᠳ | ᠲᠤᠭᠤᠷᠢᠭ ᠤᠨ ᠵᠢᠯᠣᠭᠤᠳᠬᠤ ᠭᠠᠵᠠᠷ ᠤᠨ ᠵᠢᠭᠠᠪᠤᠷᠢ ᠶᠢ ᠦᠨᠳᠦᠰᠦᠯᠡᠨ᠂ ᠲᠤᠰ ᠰᠠᠯᠠᠭ᠎ᠠ ᠮᠥᠴᠢᠷ ᠤᠨ ᠢᠶᠠᠨ | ᠡᠭᠦᠷᠭᠡ ᠬᠠᠷᠢᠭᠤᠴᠠᠯᠭ᠎ᠠ ᠪᠣᠯᠤᠨ ᠠᠳᠡᠯ ᠢ ᠰᠢᠢᠳᠪᠦᠷᠢᠯᠡᠬᠦ ᠬᠡᠷᠡᠭᠴᠡᠭᠡ ᠶᠣᠰᠣᠭᠠᠷ᠂ ᠢᠳᠡᠭᠡᠨ ᠤ ᠠᠮᠤᠷ | ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠠᠮᠢᠶ᠎ᠠ ᠪᠦᠬᠦᠢ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠨ᠎ᠡ᠃ | 2.6 ᠵᠢᠯᠣᠭᠤᠳᠬᠤ ᠭᠠᠵᠠᠷ ᠤᠨ ᠡᠯ᠎ᠡ ᠠᠵᠢᠯᠯᠠᠬᠤ ᠳᠤᠭᠤᠶᠢᠯᠠᠩ ᠤᠨ ᠪᠠᠶᠢᠷᠢᠯᠠᠭᠤᠯᠤᠯᠲᠠ ᠵᠢᠴᠢ ᠡᠭᠦᠷᠭᠡ | ᠬᠠᠷᠢᠭᠤᠴᠠᠯᠭ᠎ᠠ | ᠠᠳᠡᠯ ᠢ ᠰᠢᠢᠳᠪᠦᠷᠢᠯᠡᠬᠦ ᠬᠡᠷᠡᠭᠴᠡᠭᠡ ᠶᠢ ᠦᠨᠳᠦᠰᠦᠯᠡᠨ᠂ ᠵᠢᠯᠣᠭᠤᠳᠬᠤ ᠭᠠᠵᠠᠷ ᠨᠢ ᠡᠳᠦᠶ ᠲᠡᠳᠦᠶ ᠠᠵᠢᠯ ᠤᠨ | ᠳᠤᠭᠤᠶᠢᠯᠠᠩ ᠭᠠᠷᠭᠠᠵᠤ᠂ ᠲᠤᠰ ᠪᠦᠷᠢ ᠬᠠᠮᠢᠶ᠎ᠠ ᠪᠦᠬᠦᠢ ᠠᠵᠢᠯ ᠢ ᠥᠷᠨᠢᠭᠦᠯᠵᠦ ᠪᠣᠯᠤᠨ᠎ᠠ᠃ ᠡᠯ᠎ᠡ ᠠᠵᠢᠯᠯᠠᠬᠤ | ᠳᠤᠭᠤᠶᠢᠯᠠᠩ ᠨᠢ ᠵᠢᠯᠣᠭᠤᠳᠬᠤ ᠭᠠᠵᠠᠷ ᠤᠨ ᠨᠢᠭᠡᠳᠦᠯᠲᠡᠶ ᠵᠢᠯᠣᠭᠤᠳᠤᠯᠭ᠎ᠠ ᠳᠤᠤᠷ᠎ᠠ ᠠᠵᠢᠯ ᠢᠶᠠᠨ ᠥᠷᠨᠢᠭᠦᠯᠬᠦ ᠶᠢᠨ | ᠬᠠᠮᠲᠤ ᠵᠢᠯᠣᠭᠤᠳᠬᠤ ᠭᠠᠵᠠᠷ ᠤᠨ ᠠᠯᠪᠠᠨ ᠭᠡᠷ ᠲᠤ ᠠᠵᠢᠯ ᠢᠶᠠᠨ ᠥᠷᠨᠢᠭᠦᠯᠦᠭᠰᠡᠨ ᠪᠠᠶᠢᠳᠠᠯ ᠢᠶᠠᠨ ᠴᠠᠭ | ᠲᠤᠬᠠᠶ ᠳᠤᠨᠢ ᠮᠡᠳᠡᠭᠦᠯᠦᠨ᠎ᠡ᠃ | ( 1 ) ᠠᠳᠡᠯ ᠢ ᠪᠠᠶᠢᠴᠠᠭᠠᠬᠤ ᠳᠤᠭᠤᠶᠢᠯᠠᠩ᠃ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠪᠠᠷ ᠲᠦᠷᠦᠭᠦᠯᠡᠭᠦᠯᠦᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ | ᠠᠳᠡᠯ ᠭᠠᠷᠤᠭᠰᠠᠨ ᠰᠢᠯᠲᠠᠭᠠᠨ ᠢ ᠬᠠᠷᠢᠭᠤᠴᠠᠨ ᠪᠠᠶᠢᠴᠠᠭᠠᠵᠤ᠂ ᠠᠳᠡᠯ ᠤᠨ ᠨᠥᠯᠥᠭᠡ ᠶᠢ ᠦᠨᠡᠯᠡᠨ ᠵᠢᠱᠢᠵᠦ᠂ | ᠡᠪᠡᠳᠴᠢᠯᠡᠭᠰᠡᠨ ᠰᠢᠯᠲᠠᠭᠠᠨ ᠢ ᠳᠠᠷᠤᠶᠢᠬᠠᠨ ᠪᠠᠶᠢᠴᠠᠭᠠᠨ ᠲᠣᠳᠣᠯᠠᠵᠤ᠂ ᠪᠠᠶᠢᠴᠠᠭᠠᠭᠰᠠᠨ ᠦᠷ᠎ᠡ ᠳ᠋ᠦᠩ ᠭᠠᠷᠭᠠᠵᠤ᠂ | ᠠᠳᠡᠯ ᠢ ᠰᠡᠷᠭᠡᠶᠢᠯᠡᠬᠦ ᠰᠠᠨᠠᠯ ᠢᠶᠠᠨ ᠳᠤᠷᠠᠳᠤᠨ᠎ᠠ︔ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠢ ᠲᠣᠭᠤᠷᠢᠭ ᠤᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠠᠷᠢᠭᠤᠴᠠᠨ ᠬᠡᠷᠡᠭ ᠪᠣᠯᠭᠠᠨ ᠳᠠᠩᠰᠠᠯᠠᠵᠤ ᠲᠤᠷᠰᠢᠨ ᠰᠢᠢᠳᠪᠦᠷᠢᠯᠡᠨ᠂ | ᠪᠣᠳᠠᠲᠤ ᠬᠡᠷᠡᠭ ᠢ ᠪᠠᠶᠢᠴᠠᠭᠠᠨ ᠲᠣᠳᠣᠷᠬᠠᠶᠢᠯᠠᠵᠤ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠶᠢ | ᠨᠡᠬᠡᠮᠵᠢᠯᠡᠨ᠎ᠡ︔ ᠬᠢᠨᠠᠨ ᠬᠠᠮᠢᠶᠠᠷᠬᠤ ᠰᠠᠯᠠᠭ᠎ᠠ ᠮᠥᠴᠢᠷ ᠵᠢᠴᠢ ᠪᠤᠰᠤᠳ ᠪᠠᠶᠢᠭᠤᠯᠤᠯᠭ᠎ᠠ ᠶᠢᠨ ᠠᠵᠢᠯᠲᠠᠨ ᠤ | ᠬᠠᠷᠢᠭᠤᠴᠠᠯᠭ᠎ᠠ ᠪᠠᠨ ᠠᠯᠳᠠᠭᠰᠠᠨ᠂ ᠲᠤᠰᠢᠶᠠᠯ ᠢᠶᠠᠨ ᠭᠤᠲᠤᠭᠠᠭᠰᠠᠨ ᠵᠡᠷᠭᠡ ᠦᠢᠯᠡ ᠠᠵᠢᠯᠯᠠᠭ᠎ᠠ ᠳᠤ ᠪᠠᠶᠢᠴᠠᠭᠠᠯᠲᠠ | ᠬᠢᠨ᠎ᠡ᠃ | ( 2 ) ᠬᠤᠤᠷ ᠬᠥᠨᠥᠭᠡᠯ ᠢ ᠡᠵᠡᠮᠳᠡᠬᠦ ᠳᠤᠭᠤᠶᠢᠯᠠᠩ᠃ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠪᠠᠷ ᠲᠦᠷᠦᠭᠦᠯᠡᠭᠦᠯᠦᠨ᠂ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠲᠠᠢ ᠬᠠᠮᠲᠤᠷᠠᠨ ᠬᠢᠨᠠᠯᠲᠠ ᠲᠠᠯᠪᠢᠵᠤ᠂ ᠠᠳᠡᠯ ᠭᠠᠷᠤᠭᠰᠠᠨ ᠭᠠᠵᠠᠷ ᠤᠨ ᠵᠠᠰᠠᠭ ᠤᠨ ᠣᠷᠳᠣᠨ ᠤ ᠡᠭᠦᠷᠭᠡ | ᠴᠢᠳᠠᠪᠤᠷᠢᠲᠤ ᠰᠠᠯᠠᠭ᠎ᠠ ᠮᠥᠴᠢᠷ ᠤᠨ ᠡᠭᠡᠭᠦᠯᠦᠨ ᠠᠪᠴᠢᠷᠠᠬᠤ᠂ ᠬᠤᠳᠠᠯᠳᠤᠬᠤ ᠠᠴᠠ ᠪᠠᠭᠤᠯᠭᠠᠬᠤ᠂ ᠬᠤᠯᠪᠣᠭᠳᠠᠯ | ᠪᠦᠬᠦᠢ ᠢᠳᠡᠭᠡᠨ᠂ ᠲᠦᠭᠦᠬᠡᠶ ᠮᠠᠲ᠋ᠧᠷᠢᠶᠠᠯ᠂ ᠢᠳᠡᠭᠡᠨ ᠤ ᠨᠡᠮᠡᠯᠲᠡ ᠡᠳ᠋ ᠵᠢᠴᠢ ᠢᠳᠡᠭᠡᠨ ᠤ ᠬᠠᠮᠢᠶ᠎ᠠ ᠪᠦᠬᠦᠢ | ᠦᠢᠯᠡᠳᠬᠦᠨ ᠢ ᠪᠢᠲᠡᠭᠦᠮᠵᠢᠯᠡᠨ ᠬᠠᠳᠠᠭᠠᠯᠠᠵᠤ᠂ ᠭᠦᠢᠯᠭᠡᠭᠡᠨ ᠤ ᠵᠠᠮ ᠮᠥᠷ ᠢ ᠴᠢᠩᠭ᠎ᠠ ᠡᠵᠡᠮᠳᠡᠨ᠂ ᠬᠤᠣᠷ | ᠬᠥᠨᠥᠭᠡᠯ ᠤᠨ ᠥᠷᠭᠡᠵᠢᠬᠦ ᠶᠢ ᠰᠡᠷᠭᠡᠶᠢᠯᠡᠨ ᠬᠤᠷᠢᠭᠯᠠᠨ᠎ᠠ᠃ | ( 3 ) ᠡᠮᠨᠡᠨ ᠠᠪᠤᠷᠠᠬᠤ ᠳᠤᠭᠤᠶᠢᠯᠠᠩ᠃ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠠᠴᠠ ᠬᠠᠷᠢᠭᠤᠴᠠᠵᠤ᠂ ᠠᠳᠡᠯ ᠢ ᠪᠠᠶᠢᠴᠠᠭᠠᠬᠤ ᠳᠤᠭᠤᠶᠢᠯᠠᠩ ᠤᠨ ᠪᠠᠶᠢᠴᠠᠭᠠᠭᠰᠠᠨ ᠪᠠᠶᠢᠳᠠᠯ ᠲᠠᠢ | ᠤᠶᠠᠯᠳᠤᠭᠤᠯᠤᠨ᠂ ᠬᠠᠮᠤᠭ ᠤᠨ ᠰᠠᠶᠢᠨ ᠠᠪᠤᠷᠠᠨ ᠵᠠᠰᠠᠬᠤ ᠲᠥᠰᠦᠯ ᠲᠣᠭᠲᠠᠭᠠᠵᠤ᠂ ᠬᠠᠮᠢᠶ᠎ᠠ ᠪᠥᠬᠦᠶ ᠡᠮᠴᠢᠯᠡᠭᠡᠨ ᠤ | ᠪᠠᠶᠢᠭᠤᠯᠤᠮᠵᠢ ᠶᠢ ᠵᠢᠯᠣᠭᠤᠳᠴᠤ ᠪᠠᠶᠢᠭᠠᠳ ᠡᠷᠡᠭᠦᠯ ᠮᠡᠨᠳᠦ ᠳᠤ ᠬᠤᠤᠷ ᠬᠥᠨᠥᠭᠡᠯ ᠳᠤ ᠤᠴᠠᠷᠠᠭᠰᠠᠨ ᠬᠥᠮᠦᠰ ᠢ | ᠡᠮᠴᠢᠯᠡᠨ ᠠᠪᠤᠷᠠᠨ᠎ᠠ᠃ | ( 4 ) ᠪᠠᠶᠢᠴᠠᠭᠠᠨ ᠬᠡᠮᠵᠢᠵᠦ ᠦᠨᠡᠯᠡᠨ ᠵᠢᠱᠢᠬᠦ ᠳᠤᠭᠤᠶᠢᠯᠠᠩ᠃ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠢᠶᠠᠷ ᠲᠦᠷᠦᠭᠦᠯᠡᠭᠦᠯᠦᠨ᠂ ᠪᠠᠶᠢᠴᠠᠭᠠᠨ ᠰᠢᠯᠭᠠᠬᠤ ᠲᠥᠰᠦᠯ ᠪᠣᠯᠤᠨ ᠱᠠᠭᠠᠷᠳᠠᠯᠭ᠎ᠠ ᠳᠤᠷᠠᠳᠴᠤ᠂ | ᠬᠠᠮᠢᠶ᠎ᠠ ᠪᠦᠬᠦᠢ ᠪᠠᠶᠢᠴᠠᠭᠠᠨ ᠬᠡᠮᠵᠢᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠲᠠᠯ᠎ᠠ ᠶᠢᠨ ᠪᠠᠶᠢᠴᠠᠭᠠᠨ | ᠬᠡᠮᠵᠢᠭᠰᠡᠨ ᠲᠤᠭ᠎ᠠ ᠪᠠᠷᠢᠮᠲᠠ ᠶᠢ ᠶᠡᠷᠦᠩᠬᠡᠶᠢᠯᠡᠨ ᠵᠠᠳᠠᠯᠵᠤ᠂ ᠠᠳᠡᠯ ᠤᠨ ᠰᠢᠯᠲᠠᠭᠠᠨ ᠢ ᠪᠠᠶᠢᠴᠠᠭᠠᠨ ᠡᠷᠢᠬᠦ ᠪᠠ | ᠠᠳᠡᠯ ᠤᠨ ᠬᠥᠭᠵᠢᠯᠲᠡ ᠶᠢᠨ ᠬᠠᠨᠳᠤᠰᠢ ᠶᠢ ᠦᠨᠡᠯᠡᠨ ᠵᠢᠱᠢᠵᠦ᠂ ᠠᠳᠡᠯ ᠤᠨ ᠦᠷ᠎ᠡ ᠳ᠋ᠦᠩ ᠢ ᠲᠥᠰᠦᠭᠡᠯᠡᠨ᠂ | ᠲᠤᠬᠠᠶ ᠶᠢᠨ ᠲᠠᠯᠠᠪᠠᠶ ᠳᠤ ᠵᠠᠪᠳᠤᠨ ᠠᠪᠤᠷᠠᠬᠤ ᠲᠥᠰᠦᠯ ᠲᠣᠭᠲᠠᠭᠠᠬᠤ ᠪᠠ ᠡᠵᠡᠮᠳᠡᠬᠦ ᠠᠷᠭ᠎ᠠ ᠬᠡᠮᠵᠢᠶ᠎ᠡ ᠠᠪᠬᠤ ᠳᠤ | ᠯᠠᠪᠯᠠᠯᠲᠠ ᠬᠠᠩᠭᠠᠨ᠎ᠠ᠃ ᠪᠠᠶᠢᠴᠠᠭᠠᠨ ᠬᠡᠮᠵᠢᠵᠦ ᠦᠨᠡᠯᠡᠨ ᠵᠢᠱᠢᠭᠰᠡᠨ ᠦᠷ᠎ᠡ ᠳ᠋ᠦᠩ ᠢ ᠴᠠᠭ ᠲᠤᠬᠠᠶ ᠳᠤᠨᠢ | ᠵᠢᠯᠣᠭᠤᠳᠬᠤ ᠭᠠᠵᠠᠷ ᠤᠨ ᠠᠯᠪᠠᠨ ᠭᠡᠷ ᠲᠤ ᠮᠡᠳᠡᠭᠦᠯᠦᠨ᠎ᠡ᠃ | ( 5 ) ᠲᠣᠭᠲᠠᠭᠤᠨ ᠢ ᠬᠠᠮᠠᠭᠠᠯᠠᠬᠤ ᠳᠤᠭᠤᠶᠢᠯᠠᠩ᠃ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ | ᠬᠤᠪᠢᠶᠠᠷᠢ ᠲᠣᠪᠴᠢᠶ᠎ᠠ ᠪᠠᠷ ᠲᠦᠷᠦᠭᠦᠯᠡᠭᠦᠯᠦᠨ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠴᠢᠩᠭᠠᠳᠬᠠᠨ᠂ | ᠠᠳᠡᠯ ᠠᠴᠠ ᠪᠣᠯᠤᠭᠰᠠᠨ ᠵᠥᠷᠢᠴᠡᠯ ᠵᠢᠭᠤᠷᠠᠯᠳᠤᠭᠠᠨ ᠢ ᠢᠳᠡᠪᠬᠢᠲᠡᠶ ᠪᠠᠷ ᠨᠠᠮᠳᠠᠭᠤᠯᠵᠤ᠂ ᠨᠡᠶᠢᠭᠡᠮ ᠤᠨ | ᠲᠣᠭᠲᠠᠭᠤᠨ ᠢ ᠬᠠᠮᠠᠭᠠᠯᠠᠨ᠎ᠠ᠃ | ( 6 ) ᠰᠣᠨᠢᠨ ᠮᠡᠳᠡᠭᠡᠨ ᠤ ᠤᠬᠠᠭᠤᠯᠭ᠎ᠠ ᠶᠢᠨ ᠳᠤᠭᠤᠶᠢᠯᠠᠩ᠃ ᠲᠤᠭᠤᠷᠢᠭ ᠤᠨ ᠨᠠᠮ ᠤᠨ ᠬᠤᠷᠢᠶᠠᠨ ᠤ | ᠤᠬᠠᠭᠤᠯᠬᠤ ᠬᠡᠯᠲᠡᠰ ᠢᠶᠠᠷ ᠲᠦᠷᠦᠭᠦᠯᠡᠭᠦᠯᠦᠨ᠂ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ᠂ | ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ | ᠬᠠᠮᠲᠤᠷᠠᠨ᠂ ᠠᠳᠡᠯ ᠢ ᠰᠢᠢᠳᠪᠦᠷᠢᠯᠡᠬᠦ ᠶᠢᠨ ᠤᠬᠠᠭᠤᠯᠤᠨ ᠮᠡᠳᠡᠭᠡᠯᠡᠬᠦ ᠪᠠ ᠶᠠᠷᠢᠶ᠎ᠠ ᠬᠡᠯᠡᠯᠴᠡᠭᠡ ᠪᠠᠷ ᠬᠥᠲᠥᠯᠥᠨ | ᠵᠢᠯᠣᠭᠤᠳᠬᠤ ᠶᠢ ᠵᠣᠬᠢᠶᠠᠨ ᠪᠠᠶᠢᠭᠤᠯᠬᠤ ᠶᠢᠨ ᠬᠠᠮᠲᠤ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠮᠡᠳᠡᠭᠡ | ᠵᠠᠩᠭᠢ ᠨᠡᠶᠢᠲᠡᠯᠡᠬᠦ ᠠᠵᠢᠯ ᠢ ᠰᠠᠶᠢᠲᠤᠷ ᠬᠢᠨ᠎ᠡ᠃ | ( 7 ) ᠲᠤᠰᠬᠠᠢ ᠮᠡᠷᠭᠡᠵᠢᠯᠲᠡᠨ ᠤ ᠠᠰᠠᠭᠤᠨ ᠯᠠᠪᠯᠠᠬᠤ ᠳᠤᠭᠤᠶᠢᠯᠠᠩ᠃ ᠵᠢᠯᠣᠭᠤᠳᠬᠤ ᠭᠠᠵᠠᠷ ᠨᠢ | ᠬᠤᠯᠪᠣᠭᠳᠠᠯ ᠪᠦᠬᠦᠢ ᠲᠠᠯ᠎ᠠ ᠶᠢᠨ ᠲᠤᠰᠬᠠᠶ ᠮᠡᠷᠭᠡᠵᠢᠯᠲᠡᠨ ᠢᠶᠠᠷ ᠪᠦᠷᠢᠯᠳᠦᠭᠰᠡᠨ ᠲᠤᠰᠬᠠᠶ ᠮᠡᠷᠭᠡᠵᠢᠯᠲᠡᠨ ᠤ ᠠᠰᠠᠭᠤᠨ | ᠯᠠᠪᠯᠠᠬᠤ ᠳᠤᠭᠤᠶᠢᠯᠠᠩ ᠪᠠᠶᠢᠭᠤᠯᠵᠤ᠂ ᠠᠳᠡᠯ ᠳᠤ ᠵᠠᠳᠠᠯᠤᠯᠲᠠ ᠬᠢᠵᠦ ᠦᠨᠡᠯᠡᠨ ᠵᠢᠱᠢᠬᠦ ᠶᠢ ᠬᠠᠷᠢᠭᠤᠴᠠᠵᠤ᠂ ᠪᠠᠴᠢᠮ | ᠪᠠᠶᠢᠳᠠᠯ ᠢ ᠠᠷᠭᠠᠴᠠᠬᠤ ᠳᠤ ᠲᠣᠬᠢᠷᠠᠭᠤᠯᠤᠯᠲᠠ ᠬᠢᠬᠦ ᠪᠠ ᠬᠦᠴᠦᠨ ᠦᠭᠡᠶ ᠪᠣᠯᠭᠠᠬᠤ ᠵᠢᠴᠢ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠠᠵᠢᠯ ᠳᠤ ᠰᠢᠢᠳᠪᠦᠷᠢᠲᠦ ᠪᠣᠳᠣᠯᠭ᠎ᠠ ᠶᠢᠨ ᠰᠠᠨᠠᠭᠤᠯᠭ᠎ᠠ ᠬᠠᠩᠭᠠᠵᠤ᠂ ᠮᠡᠷᠭᠡᠵᠢᠯ ᠤᠨ | ᠵᠢᠯᠣᠭᠤᠳᠤᠯᠭ᠎ᠠ ᠬᠢᠵᠦ᠂ ᠴᠢᠬᠤᠯᠠ ᠲᠠᠢ ᠦᠶ᠎ᠡ ᠳᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ ᠣᠷᠣᠯᠴᠠᠨ᠎ᠠ᠃ | ᠬᠡᠷᠪᠡ ᠠᠳᠡᠯ ᠨᠢ ᠨᠡᠯᠢᠶᠡᠳ ᠶᠡᠭᠡ ᠬᠡᠪᠴᠢᠶᠡᠨ ᠤ ᠠᠵᠤ ᠠᠬᠤᠢ ᠶᠢᠨ ᠲᠥᠯᠥᠪᠦᠷᠢ ᠶᠢᠨ ᠠᠰᠠᠭᠤᠳᠠᠯ ᠳᠤ | ᠬᠤᠯᠪᠣᠭᠳᠠᠪᠠᠯ᠂ ᠢᠷᠭᠡᠨ ᠤ ᠬᠡᠷᠡᠭ ᠤᠨ ᠲᠥᠯᠥᠪᠦᠷᠢ ᠶᠢᠨ ᠳᠤᠭᠤᠶᠢᠯᠠᠩ ᠢ ᠲᠤᠰᠬᠠᠢ ᠪᠠᠶᠢᠭᠤᠯᠵᠤ᠂ ᠬᠤᠯᠪᠣᠭᠳᠠᠯ | ᠪᠦᠬᠦᠢ ᠬᠤᠶᠢᠲᠤᠬᠢ ᠠᠵᠢᠯ ᠢ ᠬᠠᠷᠢᠭᠤᠴᠠᠨ ᠵᠢᠯᠣᠭᠤᠳᠴᠤ ᠪᠣᠯᠤᠨ᠎ᠠ᠃ | 2.7 ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠤᠰᠬᠠᠶ ᠮᠡᠷᠭᠡᠵᠢᠯ ᠤᠨ ᠪᠠᠶᠢᠭᠤᠯᠤᠮᠵᠢ | ᠡᠮᠴᠢᠯᠡᠭᠡ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠵᠢᠴᠢ ᠢᠳᠡᠭᠡᠨ ᠤ ᠠᠮᠤᠷ ᠲᠦᠪᠰᠢᠨ ᠤ ᠬᠠᠮᠢᠶ᠎ᠠ | ᠪᠦᠬᠦᠢ ᠮᠡᠷᠭᠡᠵᠢᠯ ᠤᠨ ᠪᠠᠶᠢᠭᠤᠯᠤᠮᠵᠢ ᠨᠤᠭᠤᠳ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠲᠤᠰᠬᠠᠶ ᠮᠡᠷᠭᠡᠵᠢᠯ ᠤᠨ ᠪᠠᠶᠢᠭᠤᠯᠤᠮᠵᠢ ᠪᠣᠯᠤᠭᠰᠠᠨ ᠤ ᠬᠤᠪᠢ ᠳᠤ᠂ ᠲᠤᠭᠤᠷᠢᠭ ᠤᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ᠵᠢᠴᠢ ᠬᠤᠯᠪᠣᠭᠳᠠᠯ ᠪᠦᠬᠦᠢ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠣᠣᠷ᠎ᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠠᠮᠢᠶ᠎ᠠ | ᠪᠦᠬᠦᠢ ᠠᠵᠢᠯ ᠢ ᠦᠷᠨᠢᠭᠦᠯᠦᠨ᠎ᠡ᠃ | 3.ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ | 3.1 ᠮᠡᠳᠡᠭᠡ ᠵᠠᠩᠭᠢ ᠶᠢᠨ ᠪᠠᠲᠤᠯᠠᠭ᠎ᠠ | ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠠᠮᠢᠶ᠎ᠠ ᠪᠦᠬᠦᠢ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠲᠤᠭᠤᠷᠢᠭ ᠤᠨ ᠢᠳᠡᠭᠡᠨ ᠤ ᠠᠮᠤᠷ ᠲᠦᠪᠰᠢᠨ ᠤ | ᠮᠡᠳᠡᠭᠡ ᠵᠠᠩᠭᠢ ᠶᠢᠨ ᠲᠣᠣᠷ ᠰᠦᠯᠵᠢᠶᠡᠨ ᠤ ᠰᠢᠰᠲ᠋ᠧᠮ ᠪᠣᠯᠤᠨ ᠪᠠᠴᠢᠮ ᠪᠠᠶᠢᠳᠠᠯ ᠢ ᠠᠷᠭᠠᠴᠠᠬᠤ ᠮᠡᠳᠡᠭᠡ ᠵᠠᠩᠭᠢ ᠶᠢᠨ | ᠶᠡᠷᠦᠩᠬᠡᠶᠢᠯᠡᠭᠰᠡᠨ ᠵᠢᠯᠣᠭᠤᠳᠬᠤ ᠰᠢᠰᠲ᠋ᠧᠮ ( ᠲᠠᠪᠴᠠᠩ ) ᠢ ᠪᠠᠶᠢᠭᠤᠯᠵᠤ᠂ ᠢᠳᠡᠭᠡᠨ ᠤ ᠠᠮᠤᠷ ᠲᠦᠪᠰᠢᠨ ᠢ | ᠬᠢᠨᠠᠨ ᠬᠡᠮᠵᠢᠬᠦ᠂ ᠠᠳᠡᠯ ᠢ ᠮᠡᠳᠡᠭᠦᠯᠬᠦ ᠬᠢᠭᠡᠳ ᠨᠡᠪᠲᠡᠷᠡᠭᠦᠯᠬᠦ᠂ ᠢᠳᠡᠭᠡᠨ ᠤ ᠠᠮᠤᠷ ᠲᠦᠪᠰᠢᠨ ᠤ ᠠᠳᠡᠯ ᠤᠨ | ᠳᠠᠯᠳᠠ ᠭᠡᠮ ᠢ ᠰᠡᠷᠡᠮᠵᠢᠯᠡᠭᠦᠯᠬᠦ ᠵᠡᠷᠭᠡ ᠠᠭᠤᠯᠭ᠎ᠠ ᠶᠢ ᠪᠠᠭᠲᠠᠭᠠᠨ᠎ᠠ︔ ᠡᠮ ᠡᠮᠨᠡᠯᠭᠡ ᠶᠢᠨ ᠠᠪᠤᠷᠠᠨ ᠵᠠᠰᠠᠬᠤ ᠮᠡᠳᠡᠭᠡ | ᠵᠠᠩᠭᠢ ᠶᠢᠨ ᠲᠣᠣᠷ ᠰᠦᠯᠵᠢᠶ᠎ᠡ ᠶᠢ ᠪᠠᠶᠢᠭᠤᠯᠤᠨ ᠪᠦᠷᠢᠨᠰᠢᠭᠦᠯᠵᠦ᠂ ᠮᠡᠳᠡᠭᠡ ᠵᠠᠩᠭᠢ ᠶᠢ ᠬᠠᠮᠲᠤ ᠳᠠᠭᠠᠨ ᠡᠳ᠋ᠯᠡᠬᠦ ᠶᠢ | ᠪᠡᠶᠡᠯᠡᠭᠦᠯᠦᠨ᠎ᠡ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠮᠡᠳᠡᠭᠡ ᠵᠠᠩᠭᠢ ᠮᠡᠳᠡᠭᠦᠯᠬᠦ ᠪᠠ ᠢᠯᠡᠴᠢᠯᠡᠨ ᠮᠡᠳᠡᠭᠦᠯᠬᠦ ᠤᠲᠠᠰᠤ | ᠭᠠᠷᠭᠠᠵᠤ᠂ ᠮᠡᠳᠡᠭᠡ ᠵᠠᠩᠭᠢ ᠮᠡᠳᠡᠭᠦᠯᠬᠦ ᠠᠷᠭ᠎ᠠ ᠵᠠᠮ ᠢ ᠰᠠᠭᠠᠳ ᠦᠭᠡᠶ ᠨᠡᠪᠲᠡᠷᠡᠭᠦᠯᠵᠦ᠂ ᠢᠳᠡᠭᠡᠨ ᠤ ᠠᠮᠤᠷ | ᠲᠦᠪᠰᠢᠨ ᠤ ᠠᠳᠡᠯ ᠢ ᠴᠠᠭ ᠲᠤᠬᠠᠶ ᠳᠤᠨᠢ ᠮᠡᠳᠡᠭᠦᠯᠬᠦ ᠪᠠ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠶ ᠳᠤᠨᠢ | ᠴᠤᠭᠯᠠᠭᠤᠯᠬᠤ ᠶᠢ ᠦᠨᠡᠨᠬᠦ ᠪᠠᠲᠤᠯᠠᠨ᠎ᠠ᠃ | 3.2 ᠡᠮᠨᠡᠯᠭᠡ ᠶᠢᠨ ᠪᠠᠲᠤᠯᠠᠭ᠎ᠠ | ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠴᠢᠳᠠᠮᠵᠢ ᠨᠢ ᠪᠦᠷᠢᠨ ᠲᠡᠭᠦᠯᠳᠡᠷ᠂ | ᠲᠤᠰᠬᠠᠯ ᠨᠢ ᠬᠤᠷᠴᠠ᠂ ᠠᠵᠢᠯᠯᠠᠭᠠᠨ ᠨᠢ ᠵᠣᠬᠢᠴᠠᠩᠭᠤᠶ᠂ ᠦᠷᠭᠦᠯᠵᠢᠯᠡᠨ ᠬᠥᠭᠵᠢᠭᠰᠡᠨ ᠡᠮᠴᠢᠯᠡᠭᠡᠨ ᠤ ᠠᠪᠤᠷᠠᠨ | ᠵᠠᠰᠠᠬᠤ ᠰᠢᠰᠲ᠋ᠧᠮ ᠢ ᠪᠠᠶᠢᠭᠤᠯᠵᠤ᠂ ᠢᠳᠡᠭᠡᠨ ᠤ ᠠᠮᠤᠷ ᠲᠦᠪᠰᠢᠨ ᠤ ᠠᠳᠠᠯ ᠠᠴᠠ ᠪᠣᠯᠵᠣ ᠬᠥᠮᠦᠨ ᠬᠠᠷ᠎ᠠ ᠶᠢ | ᠭᠡᠮᠲᠦᠭᠡᠭᠰᠡᠨ ᠦᠶ᠎ᠡ ᠳᠤ ᠡᠮᠴᠢᠯᠡᠭᠡᠨ ᠤ ᠠᠪᠤᠷᠠᠨ ᠵᠠᠰᠠᠬᠤ ᠠᠵᠢᠯ ᠢ ᠦᠳᠲᠡᠷ ᠲᠦᠷᠭᠡᠨ ᠥᠷᠨᠢᠭᠦᠯᠦᠨ᠎ᠡ᠃ | 3.3 ᠠᠵᠢᠯᠲᠠᠨ ᠵᠢᠴᠢ ᠮᠡᠷᠭᠡᠵᠢᠯ ᠤᠨ ᠪᠠᠲᠤᠯᠠᠭ᠎ᠠ | ᠡᠯ᠎ᠡ ᠰᠤᠮᠤ ᠰᠢᠶᠠᠩ ᠪᠠᠯᠭᠠᠰᠤ ( ᠬᠦᠷᠢᠶᠡᠯᠡᠩ ᠲᠣᠭᠤᠷᠢᠭ᠂ ᠵᠡᠭᠡᠯᠢ ᠭᠤᠳᠤᠮᠵᠢ ) ᠶᠢᠨ ᠠᠷᠠᠳ ᠤᠨ | ᠵᠠᠰᠠᠭ ᠤᠨ ᠣᠷᠳᠣᠨ ( ᠬᠠᠮᠢᠶᠠᠷᠤᠯᠲᠠ ᠶᠢᠨ ᠵᠥᠪᠯᠡᠯ᠂ ᠬᠡᠷᠡᠭ ᠡᠷᠬᠢᠯᠡᠬᠦ ᠭᠠᠵᠠᠷ ) ᠪᠣᠯᠤᠨ ᠬᠤᠯᠪᠣᠭᠳᠠᠯ ᠪᠦᠬᠦᠢ | ᠰᠠᠯᠠᠭ᠎ᠠ ᠮᠥᠴᠢᠷ᠂ ᠨᠢᠭᠡᠴᠡ ᠨᠦᠭᠦᠳ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠵᠤ | ᠠᠪᠤᠷᠠᠨ ᠲᠤᠰᠠᠯᠠᠬᠤ ᠡᠩᠨᠡᠭᠡ ᠶᠢ ᠪᠠᠶᠢᠭᠤᠯᠬᠤ ᠶᠢᠨ ᠬᠠᠮᠲᠤ ᠲᠤᠰ ᠪᠠᠶᠢᠭᠤᠯᠤᠮᠵᠢ ᠶᠢᠨ ᠡᠭᠦᠷᠭᠡ | ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ | ᠠᠷᠭᠠᠴᠠᠵᠤ ᠰᠢᠢᠳᠪᠦᠷᠢᠯᠡᠬᠦ ᠴᠢᠳᠠᠪᠤᠷᠢ ᠶᠢᠨ ᠪᠣᠯᠪᠠᠰᠤᠷᠠᠭᠤᠯᠤᠯ ᠪᠣᠯᠤᠨ ᠪᠠᠴᠢᠮ ᠪᠠᠶᠢᠳᠠᠯ ᠢ ᠠᠷᠭᠠᠴᠠᠬᠤ | ᠰᠣᠷᠢᠯᠲᠠ ᠶᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠵᠤ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ | ᠦᠨᠡᠨᠬᠦ ᠴᠢᠩᠭᠠᠳᠬᠠᠨ᠂ ᠲᠦᠷᠭᠡᠨ ᠠᠷᠭᠠᠴᠠᠬᠤ ᠴᠢᠳᠠᠪᠤᠷᠢ ᠪᠣᠯᠤᠨ ᠮᠡᠷᠭᠡᠵᠢᠯ ᠤᠨ ᠬᠢᠷᠢ ᠬᠡᠮᠵᠢᠶ᠎ᠡ ᠪᠠᠨ | ᠳᠡᠭᠡᠭᠰᠢᠯᠡᠭᠦᠯᠦᠨ᠎ᠡ᠃ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠤᠰᠬᠠᠶ ᠪᠠᠶᠢᠭᠤᠯᠤᠮᠵᠢ ᠨᠤᠭᠤᠳ ᠲᠤᠰ ᠪᠠᠶᠢᠭᠤᠯᠤᠮᠵᠢ ᠶᠢᠨ | ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠲᠤᠰᠬᠠᠶ ᠮᠡᠷᠭᠡᠵᠢᠯ ᠤᠨ ᠠᠵᠢᠯᠲᠠᠨ ᠤ ᠢᠳᠡᠭᠡᠨ ᠤ ᠠᠮᠤᠷ | ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢᠨ ᠪᠣᠯᠪᠠᠰᠤᠷᠠᠭᠤᠯᠤᠯ ᠢ | ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠨ᠂ | ᠲᠦᠷᠭᠡᠨ ᠠᠷᠭᠠᠴᠠᠬᠤ ᠴᠢᠳᠠᠪᠤᠷᠢ ᠪᠠ ᠮᠡᠷᠭᠡᠵᠢᠯ ᠤᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠶ᠃ ᠲᠤᠰᠬᠠᠶ | ᠮᠡᠷᠭᠡᠵᠢᠯᠲᠡᠨ ᠤ ᠡᠩᠨᠡᠭᠡ ᠶᠢ ᠪᠦᠷᠢᠨᠰᠢᠭᠦᠯᠵᠦ᠂ ᠠᠳᠡᠯ ᠢ ᠬᠢᠨᠠᠨ ᠬᠠᠷᠭᠤᠭᠤᠯᠬᠤ᠂ ᠳᠡᠰ ᠢ ᠬᠢᠨᠠᠨ ᠲᠣᠭᠲᠠᠭᠠᠬᠤ᠂ | ᠠᠳᠡᠯ ᠤᠨ ᠳᠠᠯᠳᠠ ᠭᠡᠮ ᠢ ᠰᠡᠷᠡᠮᠵᠢᠯᠡᠭᠦᠯᠬᠦ ᠵᠢᠴᠢ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠵᠡᠷᠭᠡ ᠬᠠᠮᠢᠶ᠎ᠠ | ᠪᠦᠬᠦᠢ ᠮᠡᠷᠭᠡᠵᠢᠯ ᠤᠨ ᠠᠵᠢᠯ ᠳᠤ ᠴᠢᠳᠠᠪᠤᠷᠢᠲᠠᠨ ᠤ ᠪᠠᠲᠤᠯᠠᠭ᠎ᠠ ᠬᠠᠩᠭᠠᠬᠤ ᠬᠡᠷᠡᠭᠲᠡᠶ᠃ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠳ ᠢᠳᠡᠭᠡᠨ ᠤ ᠠᠮᠤᠷ ᠲᠦᠪᠰᠢᠨ ᠤ ᠠᠳᠡᠯ ᠢ ᠬᠢᠨᠠᠨ ᠬᠡᠮᠵᠢᠬᠦ᠂ ᠰᠡᠷᠡᠮᠵᠢᠯᠡᠭᠦᠯᠬᠦ᠂ ᠰᠡᠷᠭᠡᠶᠢᠯᠡᠬᠦ | ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠮᠡᠷᠭᠡᠵᠢᠯ ᠤᠨ ᠬᠡᠷᠡᠭᠯᠡᠯᠲᠡ ᠶᠢ ᠴᠢᠩᠭᠠᠳᠬᠠᠨ᠂ | ᠰᠣᠯᠢᠯᠴᠠᠭ᠎ᠠ ᠬᠢᠭᠡᠳ ᠬᠤᠷᠰᠢᠯᠴᠠᠭ᠎ᠠ ᠪᠠᠨ ᠠᠬᠢᠭᠤᠯᠵᠤ᠂ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ ᠮᠡᠷᠭᠡᠵᠢᠯ ᠤᠨ ᠪᠠᠲᠤᠯᠠᠭ᠎ᠠ ᠬᠠᠩᠭᠠᠨ᠎ᠠ᠃ | 3.4 ᠡᠳ᠋ ᠪᠠᠷᠠᠭ᠎ᠠ ᠬᠢᠭᠡᠳ ᠵᠠᠷᠤᠳᠠᠯ ᠤᠨ ᠪᠠᠲᠤᠯᠠᠭ᠎ᠠ | ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ ᠬᠡᠷᠡᠭᠰᠡᠬᠦ | ᠪᠡᠯᠡᠳᠬᠡᠮᠵᠢ᠂ ᠲᠤᠨᠤᠭ ᠲᠥᠬᠦᠭᠡᠷᠦᠮᠵᠢ ᠪᠠ ᠡᠳ᠋ ᠪᠣᠳᠠᠰ ᠢ ᠨᠥᠭᠡᠴᠡᠯᠡᠬᠦ ᠪᠠ ᠰᠢᠯᠵᠢᠭᠦᠯᠦᠨ ᠬᠡᠷᠡᠭᠯᠡᠬᠦ ᠶᠢ ᠪᠠᠲᠤᠯᠠᠨ᠎ᠠ︔ | ᠨᠥᠭᠡᠴᠡ ᠡᠳ᠋ ᠪᠣᠳᠠᠰ ᠢ ᠬᠡᠷᠡᠭᠯᠡᠭᠰᠡᠨ ᠤ ᠳᠠᠷᠠᠭ᠎ᠠ ᠴᠠᠭ ᠲᠤᠬᠠᠶ ᠳᠤᠨᠢ ᠨᠦᠬᠦᠪᠦᠷᠢᠯᠡᠨ᠎ᠡ︔ ᠢᠳᠡᠭᠡᠨ ᠤ ᠠᠮᠤᠷ | ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠦᠢᠯᠡᠳᠬᠦᠨ ᠤ ᠦᠯᠢᠭᠡᠷ ᠠᠪᠬᠤ ᠵᠢᠴᠢ | ᠰᠢᠯᠭᠠᠨ ᠪᠠᠶᠢᠴᠠᠭᠠᠬᠤ ᠵᠡᠷᠭᠡ ᠳᠤ ᠬᠡᠷᠡᠭᠰᠡᠬᠦ ᠵᠠᠷᠤᠳᠠᠯ ᠢ ᠣᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ | ᠪᠠᠴᠢᠮ ᠪᠠᠶᠢᠳᠠᠯ ᠢ ᠠᠷᠭᠠᠴᠠᠬᠤ ᠪᠡᠯᠡ ᠮᠥᠩᠭᠦ ᠶᠢ ᠪᠠᠲᠤᠯᠠᠨ᠎ᠠ᠃ | 3.5 ᠨᠡᠶᠢᠭᠡᠮ ᠤᠨ ᠳᠠᠶᠢᠴᠢᠯᠠᠯᠲᠠ ᠶᠢᠨ ᠪᠠᠲᠤᠯᠠᠭ᠎ᠠ | ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠡᠷᠡᠭᠴᠡᠭᠡ ᠶᠢ | ᠦᠨᠳᠦᠰᠦᠯᠡᠨ᠂ ᠨᠡᠶᠢᠭᠡᠮ ᠤᠨ ᠬᠦᠴᠦᠨ ᠢ ᠳᠠᠶᠢᠴᠢᠯᠠᠬᠤ ᠪᠠ ᠵᠣᠬᠢᠶᠠᠨ ᠪᠠᠶᠢᠭᠤᠯᠤᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠳᠤ ᠬᠠᠪᠰᠤᠷᠤᠭᠤᠯᠤᠨ ᠣᠷᠣᠯᠴᠠᠭᠤᠯᠵᠤ᠂ ᠴᠢᠬᠤᠯᠠ ᠲᠠᠢ ᠦᠶ᠎ᠡ ᠳᠤ ᠠᠵᠤ ᠠᠬᠤᠶᠢᠯᠠᠯ ᠵᠢᠴᠢ | ᠬᠤᠪᠢ ᠬᠥᠮᠦᠨ ᠤ ᠡᠳ᠋ ᠪᠠᠷᠠᠭ᠎ᠠ ᠶᠢ ᠬᠠᠤᠯᠢ ᠶᠣᠰᠣᠭᠠᠷ ᠰᠢᠯᠵᠢᠭᠦᠯᠦᠨ ᠬᠡᠷᠡᠭᠯᠡᠨ᠎ᠡ᠃ ᠨᠡᠶᠢᠭᠡᠮ ᠤᠨ ᠬᠦᠴᠦᠨ ᠪᠤᠶᠤ | ᠠᠵᠤ ᠠᠬᠤᠶᠢᠯᠠᠯ᠂ ᠬᠤᠪᠢ ᠬᠥᠮᠦᠨ ᠤ ᠡᠳ᠋ ᠪᠣᠳᠠᠰ ᠢ ᠬᠥᠳᠡᠯᠭᠡᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠭᠰᠡᠨ ᠤ ᠳᠠᠷᠠᠭ᠎ᠠ᠂ ᠴᠠᠭ ᠲᠤᠬᠠᠶ ᠳᠤᠨᠢ ᠪᠤᠴᠠᠭᠠᠬᠤ ᠪᠤᠶᠤ ᠵᠣᠬᠢᠰᠲᠠᠶ ᠨᠥᠬᠦᠪᠥᠷᠢ ᠦᠭᠭᠦᠨ᠎ᠡ᠃ | 3.6 ᠤᠬᠠᠭᠤᠯᠤᠨ ᠬᠥᠮᠦᠵᠢᠭᠦᠯᠬᠦ ᠪᠣᠯᠪᠠᠰᠤᠷᠠᠭᠤᠯᠤᠯ | ᠬᠤᠯᠪᠣᠭᠳᠠᠯ ᠪᠦᠬᠦᠢ ᠰᠠᠯᠠᠭ᠎ᠠ ᠮᠥᠴᠢᠷ ᠢᠳᠡᠭᠡᠨ ᠤ ᠠᠮᠤᠷ ᠲᠦᠪᠰᠢᠨ ᠤ ᠲᠤᠰᠬᠠᠢ ᠮᠡᠷᠭᠡᠵᠢᠯ ᠤᠨ ᠠᠵᠢᠯᠳᠠᠨ᠂ | ᠢᠳᠡᠭᠡᠨ ᠦᠢᠯᠡᠳᠪᠦᠷᠢᠯᠡᠨ ᠡᠵᠡᠩᠨᠡᠭᠴᠢ ᠵᠢᠴᠢ ᠥᠷᠭᠡᠨ ᠤᠯᠠᠨ ᠬᠡᠷᠡᠭᠯᠡᠭᠴᠢᠳ ᠤᠨ ᠢᠳᠡᠭᠡᠨ ᠤ ᠠᠮᠤᠷ ᠲᠦᠪᠰᠢᠨ ᠤ | ᠲᠤᠬᠠᠢ ᠮᠡᠳᠡᠯᠭᠡ ᠶᠢᠨ ᠤᠬᠠᠭᠤᠯᠭ᠎ᠠ᠂ ᠬᠥᠮᠦᠵᠢᠯ ᠪᠠ ᠪᠣᠯᠪᠠᠰᠤᠷᠠᠭᠤᠯᠤᠯ ᠢ ᠴᠢᠩᠭᠠᠳᠬᠠᠵᠤ᠂ ᠲᠤᠰᠬᠠᠢ | ᠮᠡᠷᠭᠡᠵᠢᠯ ᠤᠨ ᠠᠵᠢᠯᠳᠠᠨ ᠤ ᠢᠳᠡᠭᠡᠨ ᠤ ᠠᠮᠤᠷ ᠲᠦᠪᠰᠢᠨ ᠲᠠᠢ ᠬᠤᠯᠪᠣᠭᠳᠠᠬᠤ ᠠᠵᠢᠯ ᠤᠨ ᠤᠷ᠎ᠠ ᠴᠢᠳᠠᠪᠤᠷᠢ ᠶᠢ | ᠡᠵᠡᠮᠰᠢᠬᠦ ᠶᠢ ᠠᠬᠢᠭᠤᠯᠵᠤ᠂ ᠢᠳᠡᠭᠡᠨ ᠦᠢᠯᠡᠳᠪᠦᠷᠢᠯᠡᠨ ᠡᠵᠡᠩᠨᠡᠭᠴᠢ ᠶᠢᠨ ᠬᠠᠷᠢᠭᠤᠴᠠᠯᠭ᠎ᠠ ᠶᠢᠨ ᠤᠬᠠᠮᠰᠠᠷ ᠢ | ᠴᠢᠩᠭᠠᠷᠠᠭᠤᠯᠤᠨ᠂ ᠬᠡᠷᠡᠭᠯᠡᠭᠴᠢᠳ ᠤᠨ ᠲᠦᠭᠰᠢᠭᠦᠷᠢ ᠶᠢᠨ ᠲᠤᠬᠠᠢ ᠦᠵᠡᠯ ᠤᠬᠠᠮᠰᠠᠷ ᠪᠠ ᠰᠡᠷᠭᠡᠶᠢᠯᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ | 4.ᠬᠢᠨᠠᠨ ᠬᠡᠮᠵᠢᠵᠦ ᠰᠡᠷᠡᠮᠵᠢᠯᠡᠭᠦᠯᠬᠦ᠂ ᠮᠡᠳᠡᠭᠦᠯᠬᠦ ᠪᠠ ᠦᠨᠡᠯᠡᠨ ᠵᠢᠱᠢᠬᠦ | 4.1 ᠬᠢᠨᠠᠨ ᠬᠡᠮᠵᠢᠵᠦ ᠰᠡᠷᠡᠮᠵᠢᠯᠡᠭᠦᠯᠬᠦ | ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ᠂ ᠪᠦᠬᠦ ᠲᠤᠭᠤᠷᠢᠭ ᠤᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ | ᠬᠢᠨᠠᠨ ᠬᠡᠮᠵᠢᠬᠦ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠣᠳᠣ ᠪᠠᠶᠢᠭ᠎ᠠ ᠬᠢᠨᠠᠨ ᠬᠡᠮᠵᠢᠬᠦ ᠪᠠᠶᠢᠭᠤᠯᠤᠮᠵᠢ ᠶᠢᠨ | ᠴᠢᠳᠠᠪᠤᠷᠢ ᠶᠢ ᠶᠡᠷᠦᠩᠬᠡᠶᠢᠯᠡᠨ ᠠᠰᠢᠭᠯᠠᠭᠰᠠᠨ ᠰᠠᠭᠤᠷᠢᠨ ᠳᠡᠭᠡᠷ᠎ᠡ᠂ ᠪᠦᠬᠦ ᠲᠤᠭᠤᠷᠢᠭ ᠤᠨ ᠢᠳᠡᠭᠡᠨ ᠤ ᠠᠮᠤᠷ | ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ | ᠲᠥᠯᠥᠪᠵᠢᠭᠦᠯᠭᠡ ᠶᠢ ᠲᠣᠭᠲᠠᠭᠠᠨ ᠬᠡᠷᠡᠭᠵᠢᠭᠦᠯᠵᠦ᠂ ᠪᠦᠬᠦ ᠲᠤᠭᠤᠷᠢᠭ ᠢ ᠬᠠᠮᠤᠷᠤᠭᠰᠠᠨ ᠢᠳᠡᠭᠡᠨ ᠠᠴᠠ | ᠢᠷᠡᠯᠲᠡ ᠲᠠᠢ ᠡᠪᠡᠳᠴᠢᠨ᠂ ᠢᠳᠡᠭᠡᠨ ᠤ ᠪᠣᠬᠢᠷᠲᠤᠯ ᠪᠣᠯᠤᠨ ᠢᠳᠡᠭᠡᠨ ᠳᠠᠬᠢ ᠬᠥᠨᠥᠭᠡᠯ ᠲᠠᠢ ᠬᠦᠴᠦᠨ ᠵᠦᠢᠯ ᠢ | ᠬᠢᠨᠠᠨ ᠬᠡᠮᠵᠢᠬᠦ ᠰᠢᠰᠲ᠋ᠧᠮ ᠢ ᠪᠠᠶᠢᠭᠤᠯᠤᠨ᠎ᠠ᠃ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ | ᠬᠡᠮᠵᠢᠭᠰᠡᠨ ᠦᠷ᠎ᠡ ᠳ᠋ᠦᠩ ᠢ ᠦᠨᠳᠦᠰᠦᠯᠡᠨ᠂ ᠢᠳᠡᠭᠡᠨ ᠤ ᠠᠮᠤᠷ ᠲᠦᠪᠰᠢᠨ ᠤ ᠪᠠᠶᠢᠳᠠᠯ ᠳᠤ ᠶᠡᠷᠦᠩᠬᠡᠶᠢᠯᠡᠭᠰᠡᠨ | ᠵᠠᠳᠠᠯᠤᠯᠲᠠ ᠬᠢᠵᠦ᠂ ᠨᠡᠯᠢᠶᠡᠳ ᠶᠡᠭᠡ ᠠᠮᠤᠷ ᠲᠦᠪᠰᠢᠨ ᠤ ᠲᠦᠭᠰᠢᠭᠦᠷᠢ ᠲᠠᠢ ᠪᠠᠶᠢᠵᠤ ᠮᠡᠳᠡᠬᠦ ᠢᠳᠡᠭᠡᠨ ᠳᠤ ᠠᠮᠤᠷ | ᠲᠦᠪᠰᠢᠨ ᠤ ᠲᠦᠭᠰᠢᠭᠦᠷᠢ ᠶᠢᠨ ᠰᠡᠷᠡᠮᠵᠢ ᠶᠢᠨ ᠮᠡᠳᠡᠭᠡ ᠵᠠᠩᠭᠢ ᠶᠢ ᠳᠤᠷᠠᠳᠬᠤ ᠶᠢᠨ ᠬᠠᠮᠲᠤ ᠨᠡᠶᠢᠲᠡᠯᠡᠨ᠎ᠡ᠃ | ᠬᠤᠯᠪᠣᠭᠳᠠᠯ ᠪᠦᠬᠦᠢ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠢᠳᠡᠭᠡᠨ ᠤ ᠠᠮᠤᠷ ᠲᠦᠪᠰᠢᠨ ᠤ | ᠳᠠᠯᠳᠠ ᠭᠡᠮ ᠪᠤᠶᠤ ᠠᠰᠠᠭᠤᠳᠠᠯ ᠢ ᠣᠯᠵᠤ ᠮᠡᠳᠡᠪᠡᠯ᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠴᠠᠭ ᠲᠤᠬᠠᠶ ᠳᠤᠨᠢ | ᠮᠡᠳᠡᠭᠦᠯᠵᠦ᠂ ᠬᠠᠤᠯᠢ ᠶᠣᠰᠣᠭᠠᠷ ᠴᠠᠭ ᠲᠤᠬᠠᠶ ᠳᠤᠨᠢ ᠪᠦᠲᠦᠮᠵᠢᠲᠡᠶ ᠬᠢᠵᠠᠭᠠᠷᠯᠠᠬᠤ ᠠᠷᠭ᠎ᠠ ᠬᠡᠮᠵᠢᠶ᠎ᠡ ᠠᠪᠤᠨ᠎ᠠ᠃ | 4.2 ᠠᠳᠡᠯ ᠤᠨ ᠮᠡᠳᠡᠭᠦᠯᠦᠯᠲᠡ | 4.2.1 ᠠᠳᠡᠯ ᠤᠨ ᠮᠡᠳᠡᠭᠡ ᠵᠠᠩᠭᠢ ᠶᠢᠨ ᠢᠷᠡᠯᠲᠡ | ( 1 ) ᠢᠳᠡᠭᠡᠨ ᠤ ᠠᠮᠤᠷ ᠲᠦᠪᠰᠢᠨ ᠤ ᠠᠳᠡᠯ ᠡᠭᠦᠰᠦᠭᠰᠡᠨ ᠨᠢᠭᠡᠴᠢ ᠬᠢᠭᠡᠳ ᠢᠳᠡᠭᠡᠨ ᠤ ᠠᠮᠤᠷ | ᠲᠦᠪᠰᠢᠨ ᠤ ᠠᠳᠡᠯ ᠡᠭᠦᠰᠦᠭᠰᠡᠨ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠮᠡᠳᠡᠭᠦᠯᠦᠯᠲᠡ ᠶᠢᠨ | ᠮᠡᠳᠡᠭᠡ ᠵᠠᠩᠭᠢ︔ | ( 2 ) ᠡᠮᠴᠢᠯᠡᠭᠡᠨ ᠤ ᠪᠠᠶᠢᠭᠤᠯᠤᠮᠵᠢ ᠶᠢᠨ ᠮᠡᠳᠡᠭᠦᠯᠦᠭᠰᠡᠨ ᠮᠡᠳᠡᠭᠡ ᠵᠠᠩᠭᠢ︔ | ( 3 ) ᠢᠳᠡᠭᠡᠨ ᠤ ᠠᠮᠤᠷ ᠲᠦᠪᠰᠢᠨ ᠤ ᠬᠤᠯᠪᠣᠭᠳᠠᠯ ᠪᠦᠬᠦᠢ ᠮᠡᠷᠭᠡᠵᠢᠯ ᠤᠨ ᠪᠠᠶᠢᠭᠤᠯᠤᠮᠵᠢ ᠶᠢᠨ ᠬᠢᠨᠠᠨ | ᠬᠡᠮᠵᠢᠭᠰᠡᠨ ᠪᠠ ᠵᠠᠳᠠᠯᠤᠯᠲᠠ ᠬᠢᠭᠰᠡᠨ ᠦᠷ᠎ᠡ ᠳ᠋ᠦᠩ︔ | ( 4 ) ᠬᠢᠨᠠᠨ ᠬᠠᠷᠭᠤᠭᠤᠯᠤᠭᠰᠠᠨ ᠣᠯᠠᠨ ᠨᠡᠶᠢᠲᠡ ᠶᠢᠨ ᠢᠯᠡᠴᠢᠯᠡᠨ ᠮᠡᠳᠡᠭᠦᠯᠦᠭᠰᠡᠨ ᠮᠡᠳᠡᠭᠡ ᠵᠠᠩᠭᠢ︔ | ( 5 ) ᠬᠢᠨᠠᠨ ᠬᠠᠷᠭᠤᠭᠤᠯᠤᠭᠰᠠᠨ ᠵᠠᠭᠤᠴᠢ ᠶᠢᠨ ᠨᠡᠶᠢᠲᠡᠯᠡᠬᠦ ᠪᠠ ᠮᠡᠳᠡᠭᠡᠯᠡᠬᠦ︔ | ( 6 ) ᠳᠡᠭᠡᠳᠦ ᠱᠠᠲᠤ ᠪᠣᠯᠤᠨ ᠪᠤᠰᠤᠳ ᠮᠤᠵᠢ᠂ ᠬᠤᠲᠠ᠂ ᠲᠣᠭᠤᠷᠢᠭ ᠬᠤᠰᠢᠭᠤ ᠰᠢᠶᠠᠨ ᠨᠤᠭᠤᠳ ᠮᠠᠨ ᠤ | ᠲᠤᠭᠤᠷᠢᠭ ᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠨᠡᠪᠲᠡᠷᠡᠭᠦᠯᠦᠨ᠎ᠡ᠃ | 4.2.2 ᠮᠡᠳᠡᠭᠦᠯᠬᠦ ᠭᠤᠣᠯ ᠴᠣᠭᠴᠠ ᠪᠣᠯᠤᠨ ᠴᠠᠭ ᠤᠨ ᠬᠢᠵᠠᠭᠠᠷ | ( 1 ) ᠢᠳᠡᠭᠡᠨ ᠤ ᠦᠢᠯᠡᠳᠪᠦᠷᠢᠯᠡᠨ ᠡᠵᠡᠩᠨᠡᠭᠴᠢ ᠦᠢᠯᠡᠳᠪᠦᠷᠢᠯᠡᠵᠦ ᠡᠵᠡᠩᠨᠡᠭᠰᠡᠨ ᠢᠳᠡᠭᠡᠨ ᠨᠢ ᠣᠯᠠᠨ | ᠨᠡᠶᠢᠲᠡ ᠶᠢᠨ ᠡᠷᠡᠭᠦᠯ ᠮᠡᠨᠳᠦ ᠶᠢ ᠬᠤᠬᠢᠷᠠᠭᠤᠯᠬᠤ ᠪᠤᠶᠤ ᠬᠤᠬᠢᠷᠠᠭᠤᠯᠵᠤ ᠮᠡᠳᠡᠬᠦ ᠪᠠᠶᠢᠳᠠᠯ ᠪᠣᠯᠤᠨ ᠮᠡᠳᠡᠭᠡ ᠵᠠᠩᠭᠢ ᠶᠢ | ᠣᠯᠵᠤ ᠮᠡᠳᠡᠪᠡᠯ᠂ 2 ᠴᠠᠭ ᠤᠨ ᠳᠣᠲᠣᠷ᠎ᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠪᠣᠯᠤᠨ ᠲᠤᠰ ᠨᠢᠭᠡᠴᠡ ᠶᠢᠨ ᠢᠶᠠᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠠᠵᠢᠯ ᠢ ᠬᠠᠷᠢᠭᠤᠴᠠᠬᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠦᠨ᠎ᠡ᠃ | ( 2 ) ᠢᠳᠡᠭᠡᠨ ᠯᠦᠭᠡ ᠬᠤᠯᠪᠣᠭᠳᠠᠯ ᠲᠠᠢ ᠲᠦᠷᠭᠡᠨ ᠴᠢᠨᠠᠷᠲᠠᠶ ᠨᠡᠶᠢᠲᠡ ᠴᠣᠭᠴᠠ ᠶᠢᠨ ᠴᠢᠨᠠᠷᠲᠠᠶ ᠡᠷᠡᠭᠦᠯ | ᠮᠡᠨᠳᠦ ᠶᠢᠨ ᠬᠤᠬᠢᠷᠠᠯ ᠭᠠᠷᠴᠤ ᠮᠡᠳᠡᠬᠦ ᠨᠢᠭᠡᠴᠡ 2 ᠴᠠᠭ ᠤᠨ ᠳᠣᠲᠣᠷ᠎ᠠ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠪᠣᠯᠤᠨ ᠬᠤᠯᠪᠣᠭᠳᠠᠯ ᠪᠦᠬᠦᠢ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ | ᠮᠡᠳᠡᠭᠦᠯᠦᠨ᠎ᠡ᠃ | ( 3 ) ᠢᠳᠡᠭᠡᠨ ᠤ ᠠᠮᠤᠷ ᠲᠦᠪᠰᠢᠨ ᠤ ᠠᠳᠡᠯ ᠭᠠᠷᠤᠭᠰᠠᠨ ᠡᠪᠡᠳᠴᠢᠲᠡᠨ ᠤ ᠡᠮᠨᠡᠨ ᠵᠠᠰᠠᠯᠲᠠ ᠶᠢ ᠬᠦᠯᠢᠶᠡᠨ | ᠠᠪᠤᠭᠰᠠᠨ ᠨᠢᠭᠡᠴᠡ ᠨᠢ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯᠤᠨ ᠬᠤᠯᠪᠣᠭᠳᠠᠯ ᠪᠦᠬᠦᠢ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠲᠤ ᠴᠠᠭ ᠲᠤᠬᠠᠶ ᠳᠤᠨᠢ ᠮᠡᠳᠡᠭᠦᠯᠦᠨ᠎ᠡ᠃ | ( 4 ) ᠢᠳᠡᠭᠡᠨ ᠤ ᠠᠮᠤᠷ ᠲᠦᠪᠰᠢᠨ ᠤ ᠬᠠᠮᠢᠶ᠎ᠠ ᠪᠦᠬᠦᠢ ᠮᠡᠷᠭᠡᠵᠢᠯ ᠤᠨ ᠪᠠᠶᠢᠭᠤᠯᠤᠮᠵᠢ᠂ ᠬᠤᠯᠪᠣᠭᠳᠠᠯ | ᠪᠦᠬᠦᠢ ᠨᠡᠶᠢᠭᠡᠮ ᠤᠨ ᠪᠦᠯᠬᠦᠮ ᠵᠢᠴᠢ ᠬᠤᠪᠢ ᠬᠥᠮᠦᠨ ᠢᠳᠡᠭᠡᠨ ᠤ ᠠᠮᠤᠷ ᠲᠦᠪᠰᠢᠨ ᠤ ᠠᠳᠡᠯ ᠤᠨ ᠬᠠᠮᠢᠶ᠎ᠠ | ᠪᠦᠬᠦᠢ ᠪᠠᠶᠢᠳᠠᠯ ᠢ ᠣᠯᠵᠤ ᠮᠡᠳᠡᠪᠡᠯ᠂ ᠲᠤᠭᠤᠷᠢᠭ ᠤᠨᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠪᠣᠯᠤᠨ ᠬᠤᠯᠪᠣᠭᠳᠠᠯ ᠪᠦᠬᠦᠢ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠦᠯᠬᠦ | ᠪᠤᠶᠤ ᠢᠯᠡᠴᠢᠯᠡᠨ ᠮᠡᠳᠡᠭᠦᠯᠦᠨ᠎ᠡ᠃ | ( 5 ) ᠬᠤᠯᠪᠣᠭᠳᠠᠯ ᠪᠦᠬᠦᠢ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠢᠳᠡᠭᠡᠨ ᠤ ᠠᠮᠤᠷ | ᠲᠦᠪᠰᠢᠨ ᠤ ᠠᠳᠡᠯ ᠢ ᠣᠯᠵᠤ ᠮᠡᠳᠡᠬᠦ ᠪᠤᠶᠤ ᠢᠳᠡᠭᠡᠨ ᠤ ᠠᠮᠤᠷ ᠲᠦᠪᠰᠢᠨ ᠤ ᠠᠳᠡᠯ ᠤᠨ ᠮᠡᠳᠡᠭᠦᠯᠦᠯᠲᠡ ᠪᠤᠶᠤ | ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠤᠪᠠᠯ᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠪᠣᠯᠤᠨ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠳᠠᠷᠤᠢ ᠳᠤᠨᠢ | ᠨᠡᠪᠲᠡᠷᠡᠭᠦᠯᠵᠦ᠂ ᠠᠩᠬ᠎ᠠ ᠠᠯᠬᠤᠮ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠬᠠᠮᠢᠶ᠎ᠠ ᠪᠦᠬᠦᠢ ᠮᠡᠳᠡᠭᠡ ᠵᠠᠩᠭᠢ ᠶᠢ | ᠦᠷᠭᠦᠯᠵᠢᠯᠡᠨ ᠴᠤᠭᠯᠠᠭᠤᠯᠬᠤ ᠶᠢᠨ ᠬᠠᠮᠲᠤ ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠶ ᠳᠤᠨᠢ | ᠲᠤᠭᠤᠷᠢᠭ ᠤᠨᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯᠤᠨ ᠪᠤᠰᠤᠳ ᠬᠤᠯᠪᠣᠭᠳᠠᠯ | ᠪᠦᠬᠦᠢ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠤᠯᠠᠮ ᠨᠢᠭᠡ ᠠᠯᠬᠤᠮ ᠨᠡᠪᠲᠡᠷᠡᠭᠦᠯᠦᠨ᠎ᠡ᠃ | ( 6 ) ᠠᠩᠬ᠎ᠠ ᠠᠯᠬᠤᠮ ᠬᠢᠨᠠᠨ ᠬᠠᠷᠭᠤᠭᠤᠯᠤᠭᠠᠳ ᠢᠳᠡᠭᠡᠨ ᠤ ᠠᠮᠤᠷ ᠲᠦᠪᠰᠢᠨ ᠤ ᠠᠳᠡᠯ ᠪᠣᠯᠤᠭᠰᠠᠨ | ᠮᠥᠷᠲᠡᠭᠡᠨ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠶᠢ ᠡᠬᠢᠯᠡᠭᠦᠯᠬᠦ ᠴᠢᠬᠤᠯᠠ ᠲᠠᠢ ᠪᠣᠯ᠂ ᠲᠤᠭᠤᠷᠢᠭ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠣᠭᠲᠠᠭᠠᠯ ᠶᠣᠰᠣᠭᠠᠷ ᠲᠤᠰ ᠱᠠᠲᠤᠨ ᠤ ᠠᠷᠠᠳ ᠤᠨ | ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ | ᠮᠡᠳᠡᠭᠦᠯᠦᠨ᠎ᠡ︔ ᠴᠢᠬᠤᠯᠠ ᠲᠠᠢ ᠪᠣᠯ ᠱᠠᠲᠤ ᠠᠯᠤᠰᠯᠠᠨ ᠰᠢᠭᠤᠳ ᠪᠤᠭᠤᠲᠤ ᠬᠤᠲᠠ ᠶᠢᠨ ᠠᠷᠠᠳ ᠤᠨ ᠵᠠᠰᠠᠭ ᠤᠨ | ᠣᠷᠳᠣᠨ ᠳᠤ ᠮᠡᠳᠡᠭᠦᠯᠬᠦ ᠶᠢᠨ ᠬᠠᠮᠲᠤ ᠲᠣᠭᠤᠷᠢᠭ ᠤᠨ ᠵᠠᠰᠠᠭ ᠤᠨ ᠣᠷᠳᠣᠨ ᠳᠤ ᠮᠡᠳᠡᠭᠦᠯᠵᠦ ᠪᠣᠯᠤᠨ᠎ᠠ᠃ | 4.2.3 ᠮᠡᠳᠡᠭᠦᠯᠦᠯᠲᠡ ᠶᠢᠨ ᠠᠭᠤᠯᠭ᠎ᠠ | ᠢᠳᠡᠭᠡᠨ ᠤ ᠦᠢᠯᠡᠳᠪᠦᠷᠢᠯᠡᠨ ᠡᠵᠡᠩᠨᠡᠭᠴᠢ ᠂ ᠡᠮᠴᠢᠯᠡᠭᠡ᠂ ᠮᠡᠷᠭᠡᠵᠢᠯ ᠤᠨ ᠪᠠᠶᠢᠭᠤᠯᠤᠮᠵᠢ ᠪᠣᠯᠤᠨ ᠨᠡᠶᠢᠭᠡᠮ ᠤᠨ | ᠪᠦᠯᠬᠦᠮ᠂ ᠬᠤᠪᠢ ᠬᠥᠮᠦᠨ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯᠤᠨ | ᠬᠤᠯᠪᠣᠭᠳᠠᠯ ᠪᠦᠬᠦᠢ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠢᠳᠡᠭᠡᠨ ᠤ ᠠᠮᠤᠷ ᠲᠦᠪᠰᠢᠨ ᠤ | ᠠᠳᠡᠯ ᠤᠨ ᠰᠡᠵᠢᠭᠯᠡᠯᠲᠡᠶ ᠮᠡᠳᠡᠭᠡ ᠵᠠᠩᠭᠢ ᠶᠢ ᠮᠡᠳᠡᠭᠦᠯᠬᠦ ᠳᠤ᠂ ᠠᠳᠡᠯ ᠭᠠᠷᠤᠭᠰᠠᠨ ᠴᠠᠭ᠂ ᠭᠠᠵᠠᠷ ᠪᠣᠯᠤᠨ | ᠬᠥᠮᠦᠨ ᠤ ᠲᠤᠭ᠎ᠠ ᠵᠡᠷᠭᠡ ᠦᠨᠳᠦᠰᠦᠨ ᠪᠠᠶᠢᠳᠠᠯ ᠢ ᠪᠠᠭᠲᠠᠨ᠎ᠠ᠃ | ᠬᠤᠯᠪᠣᠭᠳᠠᠯ ᠪᠦᠬᠦᠢ ᠬᠢᠨᠠᠨ ᠬᠠᠮᠢᠶᠠᠷᠬᠤ ᠰᠠᠯᠠᠭ᠎ᠠ ᠮᠥᠴᠢᠷ ᠤᠳ ᠢᠳᠡᠭᠡᠨ ᠤ ᠠᠮᠤᠷ ᠲᠦᠪᠰᠢᠨ ᠤ ᠠᠳᠡᠯ ᠤᠨ | ᠮᠡᠳᠡᠭᠡ ᠵᠠᠩᠭᠢ ᠶᠢ ᠮᠡᠳᠡᠭᠦᠯᠬᠦ ᠳᠤ᠂ ᠠᠳᠡᠯ ᠭᠠᠷᠤᠭᠰᠠᠨ ᠨᠢᠭᠡᠴᠡ᠂ ᠴᠠᠭ᠂ ᠭᠠᠵᠠᠷ᠂ ᠬᠥᠨᠥᠭᠡᠯ ᠤᠨ ᠬᠡᠮᠵᠢᠶ᠎ᠡ᠂ | ᠦᠬᠦᠵᠦ ᠰᠢᠷᠬᠠᠲᠤᠭᠰᠠᠨ ᠬᠥᠮᠦᠨ ᠤ ᠲᠤᠭ᠎ᠠ᠂ ᠠᠳᠡᠯ ᠢ ᠮᠡᠳᠡᠭᠦᠯᠦᠭᠰᠡᠨ ᠨᠢᠭᠡᠴᠡ ᠶᠢᠨ ᠮᠡᠳᠡᠭᠡ ᠵᠠᠩᠭᠢ ( | ᠮᠡᠳᠡᠭᠦᠯᠦᠭᠰᠡᠨ ᠴᠠᠭ᠂ ᠮᠡᠳᠡᠭᠦᠯᠦᠭᠰᠡᠨ ᠨᠢᠭᠡᠴᠡ ᠶᠢᠨ ᠬᠠᠷᠢᠯᠴᠠᠬᠤ ᠠᠵᠢᠯᠲᠠᠨ ᠵᠢᠴᠢ ᠬᠠᠷᠢᠯᠴᠠᠬᠤ ᠠᠷᠭ᠎ᠠ ᠮᠠᠶ᠋ᠢᠭ | ᠪᠠᠭᠲᠠᠨ᠎ᠠ )᠂ ᠨᠢᠭᠡᠨᠲᠡ ᠠᠷᠭ᠎ᠠ ᠬᠡᠮᠵᠢᠶ᠎ᠡ ᠠᠪᠤᠭᠰᠠᠨ᠂ ᠠᠳᠡᠯ ᠤᠨ ᠲᠣᠪᠴᠢ ᠥᠩᠭᠡᠷᠡᠯᠲᠡ ᠵᠡᠷᠭᠡ ᠠᠭᠤᠯᠭ᠎ᠠ ᠶᠢ | ᠪᠠᠭᠲᠠᠨ᠎ᠠ︔ ᠲᠡᠭᠡᠬᠦ ᠮᠥᠷᠲᠡᠭᠡᠨ ᠴᠠᠭ ᠢᠮᠠᠭᠲᠠ ᠠᠵᠢᠯ ᠤᠨ ᠠᠬᠢᠴᠠ ᠶᠢ ᠮᠡᠳᠡᠭᠳᠡᠬᠦ ᠪᠤᠶᠤ ᠨᠥᠬᠦᠵᠦ ᠮᠡᠳᠡᠭᠦᠯᠦᠨ᠎ᠡ᠃ | | 4.3 ᠠᠳᠡᠯ ᠢ ᠦᠨᠡᠯᠡᠨ ᠵᠢᠱᠢᠬᠦ | 4.3.1ᠬᠤᠯᠪᠣᠭᠳᠠᠯ ᠪᠦᠬᠦᠢ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠬᠠᠮᠢᠶ᠎ᠠ | ᠪᠦᠬᠦᠢ ᠮᠡᠳᠡᠭᠡ ᠵᠠᠩᠭᠢ ᠪᠣᠯᠤᠨ ᠮᠠᠲ᠋ᠧᠷᠢᠶᠠᠯ ᠢ ᠴᠠᠭ ᠲᠤᠬᠠᠶ ᠳᠤᠨᠢ ᠬᠠᠩᠭᠠᠵᠤ᠂ ᠲᠤᠭᠤᠷᠢᠭ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠢᠳᠡᠭᠡᠨ ᠤ ᠠᠮᠤᠷ ᠲᠦᠪᠰᠢᠨ ᠤ ᠠᠳᠡᠯ ᠢ ᠦᠨᠡᠯᠡᠨ | ᠵᠢᠱᠢᠬᠦ ᠠᠵᠢᠯ ᠢ ᠨᠢᠭᠡᠳᠦᠯᠲᠡᠶ ᠵᠣᠬᠢᠶᠠᠨ ᠪᠠᠶᠢᠭᠤᠯᠤᠨ ᠵᠣᠬᠢᠴᠠᠭᠤᠯᠵᠤ ᠦᠷᠨᠢᠭᠦᠯᠦᠨ᠎ᠡ᠃ | 4.3.2 ᠢᠳᠡᠭᠡᠨ ᠤ ᠠᠮᠤᠷ ᠲᠦᠪᠰᠢᠨ ᠤ ᠠᠳᠡᠯ ᠢ ᠦᠨᠡᠯᠡᠨ ᠵᠢᠱᠢᠬᠦ ᠪᠣᠯ ᠢᠳᠡᠭᠡᠨ ᠤ ᠠᠮᠤᠷ ᠲᠦᠪᠰᠢᠨ ᠤ | ᠠᠳᠡᠯ ᠤᠨ ᠲᠡᠰ ᠢ ᠬᠢᠨᠠᠨ ᠲᠣᠭᠲᠠᠭᠠᠬᠤ ᠪᠠ ᠠᠪᠬᠤ ᠶᠣᠰᠣᠲᠠᠢ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠲᠥᠯᠥᠭᠡ | ᠬᠢᠭᠰᠡᠨ ᠦᠨᠡᠯᠡᠨ ᠵᠢᠱᠢᠯᠲᠡ ᠮᠥᠨ᠃ ᠦᠨᠡᠯᠡᠨ ᠵᠢᠱᠢᠬᠦ ᠠᠭᠤᠯᠭ᠎ᠠ ᠳᠤ ᠪᠠᠭᠲᠠᠬᠤ ᠨᠢ : | ( 1 ) ᠢᠳᠡᠭᠡᠨ ᠤ ᠪᠣᠬᠢᠷᠲᠤᠯ ᠠᠴᠠ ᠪᠣᠯᠵᠤ ᠮᠡᠳᠡᠬᠦ ᠡᠷᠡᠭᠦᠯ ᠮᠡᠨᠳᠦ ᠶᠢᠨ ᠬᠤᠬᠢᠷᠠᠯ ᠵᠢᠴᠢ ᠬᠤᠯᠪᠣᠭᠳᠠᠬᠤ | ᠬᠦᠷᠢᠶ᠎ᠡ ᠬᠡᠪᠴᠢᠶ᠎ᠡ᠂ ᠨᠢᠭᠡᠨᠲᠡ ᠡᠷᠡᠭᠦᠯ ᠮᠡᠨᠳᠦ ᠶᠢ ᠬᠤᠬᠢᠷᠠᠭᠤᠯᠤᠭᠰᠠᠨ ᠦᠷ᠎ᠡ ᠤᠷᠰᠢᠭ ᠵᠢᠴᠢ ᠬᠦᠨᠳᠦ ᠨᠣᠴᠢᠲᠠᠶ | ᠬᠡᠮᠵᠢᠶ᠎ᠡ ᠪᠤᠢ ᠪᠤᠯᠭᠠᠭᠰᠠᠨ ᠡᠰᠡᠬᠦ︔ | ( 2 ) ᠠᠳᠡᠯ ᠤᠨ ᠨᠥᠯᠥᠭᠡᠯᠡᠬᠦ ᠬᠡᠪᠴᠢᠶ᠎ᠡ ᠵᠢᠴᠢ ᠬᠦᠨᠳᠦ ᠨᠣᠴᠢᠲᠠᠢ ᠬᠡᠮᠵᠢᠶ᠎ᠡ︔ | ( 3 ) ᠠᠳᠡᠯ ᠤᠨ ᠥᠷᠭᠡᠵᠢᠬᠦ ᠬᠠᠨᠳᠤᠰᠢ᠃ | 5.ᠪᠠᠴᠢᠮ ᠪᠠᠶᠢᠳᠠᠯ ᠢ ᠠᠷᠭᠠᠴᠠᠬᠤ ᠳᠤ ᠳᠠᠭᠠᠬᠤ | 5.1 ᠱᠠᠲᠤ ᠬᠤᠪᠢᠶᠠᠨ ᠳᠠᠭᠠᠬᠤ | ᠢᠳᠡᠭᠡᠨ ᠤ ᠠᠮᠤᠷ ᠲᠦᠪᠰᠢᠨ ᠤ ᠠᠳᠡᠯ ᠤᠨ ᠳᠡᠰ ᠬᠤᠪᠢᠶᠠᠭᠰᠠᠨ ᠪᠠᠶᠢᠳᠠᠯ ᠢ ᠦᠨᠳᠦᠰᠦᠯᠡᠨ᠂ ᠢᠳᠡᠭᠡᠨ ᠤ | ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠳᠠᠭᠠᠯ ᠢ I ᠳᠡᠰ᠂ II ᠳᠡᠰ᠂ III ᠳᠡᠰ ᠪᠠ IV | ᠲᠠᠰ ᠤᠨ ᠳᠠᠭᠠᠯ ᠭᠡᠵᠦ ᠬᠤᠪᠢᠶᠠᠨ᠎ᠠ᠃ I ᠲᠠᠰ ᠤᠨ ᠢᠳᠡᠭᠡᠨ ᠤ ᠠᠮᠤᠷ ᠲᠦᠪᠰᠢᠨ ᠤ ᠣᠨᠴᠠ ᠬᠦᠨᠳᠦ ᠶᠡᠭᠡ | ᠠᠳᠡᠯ ᠢᠶᠠᠷ ᠬᠢᠨᠠᠨ ᠲᠣᠭᠲᠠᠭᠠᠭᠰᠠᠨ ᠢ ᠲᠥᠷᠥ ᠶᠢᠨ ᠶᠠᠪᠤᠳᠠᠯ ᠤᠨ ᠬᠤᠷᠢᠶᠠᠨ ᠤ ᠢᠳᠡᠭᠡᠨ ᠤ ᠠᠮᠤᠷ ᠲᠦᠪᠰᠢᠨ ᠤ | ᠵᠥᠪᠯᠡᠯ ᠳᠤ ᠮᠡᠳᠡᠭᠦᠯᠦᠨ ᠨᠤᠲᠠᠯᠠᠭᠤᠯᠤᠭᠰᠠᠨ ᠤ ᠳᠠᠷᠠᠭ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠣᠬᠢᠴᠠᠩᠭᠤᠶ | ᠳᠠᠭᠠᠬᠤ ᠲᠣᠭᠲᠠᠴᠠ ᠶᠢ ᠡᠬᠢᠯᠡᠭᠦᠯᠬᠦ ᠪᠠᠷ ᠲᠣᠭᠲᠠᠭᠠᠨ᠎ᠠ᠃ II ᠳᠡᠰ᠂ III ᠲᠠᠰ ᠤᠨ ᠠᠳᠡᠯ ᠢ ᠥᠪᠡᠷᠲᠡᠭᠡᠨ ᠵᠠᠰᠠᠬᠤ | ᠣᠷᠣᠨ ᠪᠣᠯᠤᠨ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠤᠰ ᠲᠤᠰ ᠵᠣᠬᠢᠴᠠᠩᠭᠤᠶ | ᠲᠠᠰ ᠢᠶᠠᠷ ᠡᠬᠢᠯᠡᠭᠦᠯᠦᠨ᠎ᠡ᠃ IVᠲᠠᠰ ᠤᠨ ᠠᠳᠡᠯ ᠭᠠᠷᠤᠭᠰᠠᠨ ᠤ ᠳᠠᠷᠠᠭ᠎ᠠ᠂ ᠲᠤᠭᠤᠷᠢᠭ ᠤᠨ ᠠᠷᠠᠳ ᠤᠨ ᠵᠠᠰᠠᠭ ᠤᠨ | ᠣᠷᠳᠣᠨ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠢᠯᠣᠭᠤᠳᠬᠤ | ᠪᠠᠶᠢᠭᠤᠯᠤᠮᠵᠢ ᠪᠠᠶᠢᠭᠤᠯᠬᠤ ᠶᠢᠨ ᠬᠠᠮᠲᠤ ᠲᠡᠷᠡ ᠳᠠᠷᠤᠶ ᠳᠤᠨᠢ ᠤᠷᠢᠳᠴᠢᠯᠠᠨ ᠰᠢᠢᠳᠪᠦᠷᠢᠯᠡᠬᠦ ᠶᠢ ᠵᠣᠬᠢᠶᠠᠨ | ᠪᠠᠶᠢᠭᠤᠯᠵᠤ᠂ 30 ᠬᠥᠮᠦᠨ ᠠᠴᠠ ᠳᠡᠭᠡᠭᠰᠢ ᠢᠳᠡᠭᠡᠨ ᠳᠤ ᠬᠤᠤᠷᠳᠠᠭᠳᠠᠬᠤ ᠪᠤᠶᠤ ᠴᠢᠬᠤᠯᠠ ᠲᠠᠢ ᠦᠶ᠎ᠡ ᠳᠤ᠂ IV | ᠲᠠᠰ ᠤᠨ ᠳᠠᠭᠠᠵᠤ ᠬᠢᠬᠦ ᠶᠢ ᠡᠬᠢᠯᠡᠭᠦᠯᠦᠨ ᠰᠢᠢᠳᠪᠦᠷᠢᠯᠡᠨ᠎ᠡ᠃ ᠴᠢᠬᠤᠯᠠᠲᠠᠢ ᠦᠶ᠎ᠡ ᠳᠤ ᠳᠡᠭᠡᠳᠦ ᠱᠠᠲᠤᠨ ᠤ | ᠠᠷᠠᠳ ᠤᠨ ᠵᠠᠰᠠᠭ ᠤᠨ ᠣᠷᠳᠣᠨ ᠠᠴᠠ ᠵᠢᠭᠠᠪᠤᠷᠢ ᠠᠪᠴᠤ ᠠᠵᠢᠯᠯᠠᠬᠤ ᠳᠤᠭᠤᠶᠢᠯᠠᠩ ᠲᠣᠮᠢᠯᠠᠨ ᠠᠳᠡᠯ ᠤᠨ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠢᠯᠣᠭᠤᠳᠴᠤ ᠬᠠᠮᠵᠢᠨ᠎ᠠ᠃ | ᠢᠳᠡᠭᠡᠨ ᠤ ᠠᠮᠤᠷ ᠲᠦᠪᠰᠢᠨ ᠤ ᠠᠳᠡᠯ ᠤᠨ IVᠲᠠᠰ ᠤᠨ ᠳᠠᠭᠠᠬᠤ ᠶᠢ ᠡᠬᠢᠯᠡᠭᠦᠯᠬᠦ ᠬᠤᠭᠤᠴᠠᠭᠠᠨ ᠳᠤ᠂ | ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠡ ᠨᠢ ᠵᠢᠯᠣᠭᠤᠳᠬᠤ ᠭᠠᠵᠠᠷ ᠤᠨ ᠨᠢᠭᠡᠳᠦᠯᠲᠡᠶ ᠵᠢᠯᠣᠭᠤᠳᠣᠯᠭ᠎ᠠ ᠪᠠ | ᠲᠣᠬᠢᠷᠠᠭᠤᠯᠤᠯᠲᠠ ᠳᠤᠤᠷ᠎ᠠ᠂ ᠵᠣᠬᠢᠬᠤ ᠡᠭᠦᠷᠭᠡ ᠬᠠᠷᠢᠭᠤᠴᠠᠯᠭ᠎ᠠ ᠶᠣᠰᠣᠭᠠᠷ ᠠᠳᠡᠯ ᠤᠨ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠬᠠᠮᠢᠶ᠎ᠠ ᠪᠥᠬᠦᠶ ᠠᠵᠢᠯ ᠢ ᠰᠠᠶᠢᠲᠤᠷ ᠬᠢᠨ᠎ᠡ᠃ | ᠬᠡᠷᠡᠭ ᠭᠠᠷᠤᠭᠰᠠᠨ ᠭᠠᠵᠠᠷ ᠤᠨ ᠰᠤᠮᠤ ᠰᠢᠶᠠᠩ ᠪᠠᠯᠭᠠᠰᠤ ( ᠬᠦᠷᠢᠶᠡᠯᠡᠩ ᠲᠣᠭᠤᠷᠢᠭ᠂ ᠵᠡᠭᠡᠯᠢ ᠭᠤᠳᠤᠮᠵᠢ ) | ᠶᠢᠨ ᠠᠷᠠᠳ ᠤᠨ ᠵᠠᠰᠠᠭ ᠤᠨ ᠣᠷᠳᠣᠨ ( ᠬᠠᠮᠢᠶᠠᠷᠤᠯᠲᠠ ᠶᠢᠨ ᠵᠥᠪᠯᠡᠯ᠂ ᠬᠡᠷᠡᠭ ᠡᠷᠬᠢᠯᠡᠬᠦ ᠭᠠᠵᠠᠷ ) ᠨᠢ | ᠵᠢᠯᠣᠭᠤᠳᠬᠤ ᠭᠠᠵᠠᠷ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠶᠢ ᠪᠦᠬᠦ ᠬᠦᠴᠦᠨ ᠢᠶᠠᠷ ᠢᠶᠠᠨ ᠥᠷᠨᠢᠭᠦᠯᠬᠦ ᠶᠢᠨ ᠬᠠᠮᠲᠤ᠂ ᠬᠠᠮᠢᠶ᠎ᠠ ᠪᠦᠬᠦᠢ ᠠᠵᠢᠯ ᠤᠨ ᠠᠬᠢᠴᠠ ᠶᠢᠨ | ᠪᠠᠶᠢᠳᠠᠯ ᠢᠶᠠᠨ ᠴᠠᠭ ᠲᠤᠬᠠᠶ ᠳᠤᠨᠢ ᠮᠡᠳᠡᠭᠦᠯᠦᠨ᠎ᠡ᠃ ᠠᠳᠡᠯ ᠭᠠᠷᠤᠭᠰᠠᠨ ᠨᠢᠭᠡᠴᠡ ᠵᠣᠬᠢᠴᠠᠩᠭᠤᠶ ᠰᠢᠢᠳᠪᠦᠷᠢᠯᠡᠬᠦ | ᠲᠥᠰᠦᠯ ᠤᠨ ᠶᠣᠰᠣᠭᠠᠷ ᠤᠷᠢᠳᠠᠪᠠᠷ ᠰᠢᠢᠳᠪᠦᠷᠢᠯᠡᠬᠦ ᠶᠢ ᠥᠷᠨᠢᠭᠦᠯᠬᠦ ᠶᠢᠨ ᠬᠠᠮᠲᠤ ᠲᠤᠭᠤᠷᠢᠭ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠵᠢᠯᠴᠠᠨ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ | ᠰᠠᠶᠢᠲᠤᠷ ᠬᠢᠨ᠎ᠡ᠃ | ᠢᠳᠡᠭᠡᠨ ᠠᠴᠠ ᠢᠷᠡᠯᠲᠡ ᠲᠠᠢ ᠡᠪᠡᠳᠴᠢᠨ ᠡᠮᠭᠡᠭ ᠲᠤ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠳᠤ | ᠬᠤᠯᠪᠣᠭᠳᠠᠭᠰᠠᠨ ᠪᠠᠶᠢᠪᠠᠯ᠂《ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ | ᠰᠡᠷᠭᠡᠶᠢᠯᠡᠨ ᠵᠠᠰᠠᠬᠤ ᠬᠠᠤᠯᠢ 》ᠪᠠ 《ᠤᠯᠤᠰ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ 》ᠵᠡᠷᠭᠡ ᠬᠠᠮᠢᠶ᠎ᠠ ᠪᠥᠬᠦᠶ ᠲᠣᠭᠲᠠᠭᠠᠯ ᠶᠣᠰᠣᠭᠠᠷ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ | ᠦᠷᠨᠢᠭᠦᠯᠦᠨ᠎ᠡ᠃ | 5.2 ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ | IV ᠳᠡᠰ ᠤᠨ ᠠᠳᠡᠯ ᠭᠠᠷᠤᠭᠰᠠᠨ ᠤ ᠳᠠᠷᠠᠭ᠎ᠠ᠂ ᠠᠳᠡᠯ ᠤᠨ ᠰᠢᠨᠵᠢ ᠴᠢᠨᠠᠷ᠂ ᠣᠨᠴᠠᠯᠢᠭ ᠪᠠ ᠬᠤᠣᠷ | ᠬᠥᠨᠥᠭᠡᠯ ᠤᠨ ᠬᠡᠮᠵᠢᠶ᠎ᠡ ᠶᠢ ᠦᠨᠳᠦᠰᠦᠯᠡᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠳᠠᠷᠤᠶ ᠲᠦᠷᠭᠡᠨ ᠵᠣᠬᠢᠶᠠᠨ | ᠪᠠᠶᠢᠭᠤᠯᠵᠤ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠳᠣᠣᠷ᠎ᠠ ᠵᠢᠭᠰᠠᠭᠠᠭᠰᠠᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠠᠪᠴᠤ᠂ ᠠᠳᠡᠯ ᠤᠨ ᠬᠤᠣᠷ ᠬᠥᠨᠥᠭᠡᠯ ᠢ ᠬᠠᠮᠤᠭ ᠤᠨ ᠶᠡᠭᠡ ᠬᠡᠮᠵᠢᠶ᠎ᠡ ᠪᠠᠷ | ᠪᠠᠭᠠᠰᠬᠠᠨ᠎ᠠ : | ( 1 ) ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠮᠴᠢᠯᠡᠭᠡᠨ ᠤ ᠡᠬᠢ ᠪᠠᠶᠠᠯᠢᠭ ᠢ | ᠪᠦᠲᠦᠮᠵᠢᠲᠡᠶ ᠠᠰᠢᠭᠯᠠᠵᠤ᠂ ᠡᠮᠴᠢᠯᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠵᠢᠯᠣᠭᠤᠳᠴᠤ ᠪᠠᠶᠢᠭᠠᠳ | ᠢᠳᠡᠭᠡᠨ ᠤ ᠠᠮᠤᠷ ᠲᠦᠪᠰᠢᠨ ᠤ ᠠᠳᠠᠯ ᠤᠨ ᠡᠪᠡᠳᠴᠢᠲᠡᠨ ᠢ ᠠᠪᠤᠷᠠᠨ ᠵᠠᠰᠠᠬᠤ ᠠᠵᠢᠯ ᠢ ᠥᠷᠨᠢᠭᠦᠯᠦᠨ᠎ᠡ᠃ | ( 2 ) ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠴᠠᠭ ᠲᠤᠬᠠᠶ ᠳᠤᠨᠢ ᠡᠪᠡᠳᠴᠢᠨ | ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠲᠠᠬᠤᠯ ᠡᠪᠡᠳᠴᠢᠨ ᠤ ᠰᠤᠳᠤᠯᠤᠯ ᠤᠨ | ᠪᠠᠶᠢᠴᠠᠭᠠᠯᠲᠠ ᠪᠠ ᠪᠠᠶᠢᠴᠠᠭᠠᠨ ᠬᠡᠮᠵᠢᠯᠲᠡ ᠶᠢ ᠥᠷᠨᠢᠭᠦᠯᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠴᠠᠭ | ᠲᠤᠬᠠᠶ ᠳᠤᠨᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠥᠯᠢᠭᠡᠷ ᠠᠪᠴᠤ ᠪᠠᠶᠢᠴᠠᠭᠠᠨ | ᠰᠢᠯᠭᠠᠵᠤ᠂ ᠢᠳᠡᠭᠡᠨ ᠤ ᠠᠮᠤᠷ ᠲᠦᠪᠰᠢᠨ ᠤ ᠠᠳᠡᠯ ᠡᠭᠦᠰᠦᠭᠰᠡᠨ ᠰᠢᠯᠲᠠᠭᠠᠨ ᠢ ᠨᠢ ᠲᠦᠷᠭᠡᠬᠡᠨ ᠡᠷᠢᠵᠤ ᠤᠯᠤᠨ᠎ᠠ᠃ | ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠳᠤᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠴᠠᠭ ᠲᠤᠬᠠᠶ ᠳᠤᠨᠢ | ᠣᠷᠣᠯᠴᠠᠵᠤ᠂ ᠬᠠᠤᠯᠢ ᠠᠴᠠ ᠵᠥᠷᠢᠴᠡᠭᠰᠡᠨ ᠬᠠᠮᠢᠶ᠎ᠠ ᠪᠦᠬᠦᠢ ᠶᠠᠯᠠᠲᠤ ᠠᠵᠢᠯᠯᠠᠭ᠎ᠠ ᠶᠢ ᠲᠠᠩᠨᠠᠨ ᠢᠯᠡᠷᠡᠭᠦᠯᠬᠦ ᠠᠵᠢᠯ ᠢ | ᠥᠷᠨᠢᠭᠦᠯᠦᠨ᠎ᠡ᠃ | ( 3 ) ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ᠂ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠠᠳᠠᠯ ᠤᠨ ᠬᠠᠮᠢᠶ᠎ᠠ ᠪᠥᠬᠦᠶ ᠢᠳᠡᠭᠡᠨ | ᠵᠢᠴᠢ ᠲᠦᠭᠦᠬᠡᠶ ᠮᠠᠲ᠋ᠧᠷᠢᠶᠠᠯ ᠪᠣᠯᠤᠨ ᠪᠣᠬᠢᠷᠲᠤᠭᠳᠠᠭᠰᠠᠨ ᠢᠳᠡᠭᠡᠨ ᠳᠤ ᠬᠡᠷᠡᠭᠯᠡᠬᠦ ᠪᠠᠭᠠᠵᠢ ᠬᠡᠷᠡᠭᠰᠡᠯ ᠢ ᠬᠠᠤᠯᠢ | ᠶᠣᠰᠣᠭᠠᠷ ᠠᠯᠪᠠᠳᠠᠯᠭ᠎ᠠ ᠶᠢᠨ ᠴᠢᠨᠠᠷᠲᠠᠶ ᠪᠠᠷ ᠲᠤᠬᠠᠶ ᠶᠢᠨ ᠭᠠᠵᠠᠷ ᠲᠤᠨᠢ ᠪᠤᠶᠤ ᠤᠨᠳᠤᠤ ᠭᠠᠵᠠᠷ ᠲᠤ ᠪᠢᠲᠡᠭᠦᠮᠵᠢᠯᠡᠨ | ᠬᠠᠳᠠᠭᠠᠯᠠᠵᠤ᠂ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠢᠳᠡᠭᠡᠨ ᠤ ᠠᠮᠤᠷ | ᠲᠦᠪᠰᠢᠨ ᠤ ᠠᠳᠠᠯ ᠭᠠᠷᠭᠠᠭᠰᠠᠨ ᠰᠢᠯᠲᠠᠭᠠᠨ ᠢ ᠪᠠᠶᠢᠴᠠᠭᠠᠨ ᠳᠣᠲᠣᠯᠠᠭᠰᠠᠨ ᠤ ᠳᠠᠷᠠᠭ᠎ᠠ᠂ ᠢᠳᠡᠭᠡᠨ ᠤ | ᠦᠢᠯᠡᠳᠪᠦᠷᠢᠯᠡᠨ ᠡᠵᠡᠩᠨᠡᠭᠴᠢ ᠶᠢ ᠵᠠᠷᠯᠢᠭᠳᠠᠵᠤ ᠪᠠᠶᠢᠭᠠᠳ ᠪᠤᠬᠢᠷᠳᠤᠭᠳᠠᠭᠰᠠᠨ ᠢᠳᠡᠭᠡᠨ ᠳᠤ ᠬᠡᠷᠡᠭᠯᠡᠬᠦ ᠪᠠᠭᠠᠵᠢ | ᠬᠡᠷᠡᠭᠰᠡᠯ ᠢ ᠲᠦᠢᠯᠪᠤᠷᠢᠲᠠᠶ ᠤᠬᠢᠶᠠᠨ ᠠᠷᠢᠭᠤᠳᠬᠠᠵᠤ᠂ ᠪᠣᠬᠢᠷᠲᠤᠯ ᠢ ᠠᠷᠢᠯᠭᠠᠨ᠎ᠠ᠃ | ( 4 ) ᠬᠤᠣᠷ ᠬᠥᠨᠥᠭᠡᠯ ᠲᠠᠢ ᠪᠣᠳᠠᠰ ᠲᠤ ᠪᠣᠬᠢᠷᠲᠤᠭᠳᠠᠭᠰᠠᠨ ᠢ ᠨᠤᠲᠠᠯᠠᠭᠰᠠᠨ ᠬᠤᠯᠪᠣᠭᠳᠠᠯ ᠪᠦᠬᠦᠢ ᠢᠳᠡᠭᠡᠨ | ᠵᠢᠴᠢ ᠲᠦᠭᠦᠬᠡᠢ ᠡᠳ᠋ ᠢ ᠦᠢᠯᠡᠳᠪᠦᠷᠢᠯᠡᠨ ᠡᠵᠡᠩᠨᠡᠭᠴᠢ ᠶᠢ ᠵᠠᠷᠯᠢᠭᠳᠠᠨ ᠡᠭᠡᠭᠦᠯᠦᠨ ᠠᠪᠴᠢᠷᠠᠭᠤᠯᠵᠤ᠂ ᠡᠵᠡᠩᠨᠡᠬᠦ | ᠵᠢᠴᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠨᠢ ᠵᠣᠭᠰᠣᠭᠠᠬᠤ ᠶᠢᠨ ᠬᠠᠮᠲᠤ ᠬᠤᠣᠷ | ᠬᠥᠨᠥᠭᠡᠯ ᠲᠠᠢ ᠢᠳᠡᠭᠡᠨ ᠵᠢᠴᠢ ᠲᠦᠭᠦᠬᠡᠢ ᠡᠳ᠋ ᠢ ᠨᠢ ᠤᠰᠠᠳᠬᠠᠨ᠎ᠠ᠃ ᠰᠢᠯᠭᠠᠨ ᠪᠠᠶᠢᠴᠠᠭᠠᠭᠰᠠᠨ ᠤ ᠳᠠᠷᠠᠭ᠎ᠠ | ᠪᠣᠬᠢᠷᠲᠤᠭᠳᠠᠭᠰᠠᠨ ᠦᠭᠡᠢ ᠶᠢ ᠨᠤᠲᠠᠯᠠᠪᠠᠯ ᠪᠢᠲᠡᠭᠦᠮᠵᠢᠯᠡᠬᠦ ᠶᠢ ᠲᠠᠶᠢᠯᠠᠬᠤ ᠬᠡᠷᠡᠭᠲᠡᠢ᠃ | ( 5 ) ᠠᠳᠠᠯ ᠤᠨ ᠬᠥᠭᠵᠢᠯᠲᠡ ᠶᠢᠨ ᠪᠠᠶᠢᠳᠠᠯ ᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠰᠤᠳᠤᠯᠤᠨ | ᠮᠠᠭᠠᠳᠯᠠᠬᠤ ᠶᠢᠨ ᠬᠠᠮᠲᠤ᠂ ᠠᠳᠠᠯ ᠥᠷᠭᠡᠵᠢᠵᠦ ᠮᠡᠳᠡᠬᠦ ᠲᠤᠭᠤᠷᠢᠭ ᠬᠤᠰᠢᠭᠤ ᠰᠢᠶᠠᠨ ᠤ ᠠᠷᠠᠳ ᠤᠨ ᠵᠠᠰᠠᠭ ᠤᠨ | ᠣᠷᠳᠣᠨ ᠳᠤ ᠮᠡᠳᠡᠭᠡ ᠵᠠᠩᠭᠢ ᠶᠢ ᠨᠡᠪᠲᠡᠷᠡᠭᠦᠯᠦᠨ᠂ ᠠᠷᠭᠠᠴᠠᠬᠤ ᠪᠡᠯᠡᠳᠬᠡᠯ ᠢᠶᠠᠨ ᠰᠠᠶᠢᠲᠤᠷ ᠬᠢᠬᠦ ᠶᠢ ᠰᠠᠨᠠᠭᠤᠯᠤᠨ᠎ᠠ᠃ | 5.3 ᠪᠠᠶᠢᠴᠠᠭᠠᠨ ᠰᠢᠨᠵᠢᠵᠦ ᠦᠨᠡᠯᠡᠨ ᠵᠢᠱᠢᠬᠦ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠤᠰᠬᠠᠶ ᠮᠡᠷᠭᠡᠵᠢᠯ ᠤᠨ ᠪᠠᠶᠢᠭᠤᠯᠤᠮᠵᠢ ᠨᠢ ᠢᠳᠡᠭᠡᠨ ᠤ ᠠᠮᠤᠷ | ᠲᠦᠪᠰᠢᠨ ᠤ ᠠᠳᠡᠯ ᠭᠠᠷᠭᠠᠭᠰᠠᠨ ᠬᠠᠮᠢᠶ᠎ᠠ ᠪᠦᠬᠦᠢ ᠲᠦᠭᠰᠢᠭᠦᠷᠢ ᠶᠢᠨ ᠬᠦᠴᠦᠨ ᠵᠦᠢᠯ ᠳᠤ ᠴᠠᠭ ᠲᠤᠬᠠᠶ ᠳᠤᠨᠢ | ᠪᠠᠶᠢᠴᠠᠭᠠᠨ ᠬᠡᠮᠵᠢᠯᠲᠡ ᠬᠢᠵᠦ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠨᠢ ᠪᠠᠶᠢᠴᠠᠭᠠᠨ ᠬᠡᠮᠵᠢᠭᠰᠡᠨ ᠲᠤᠭ᠎ᠠ | ᠪᠠᠷᠢᠮᠲᠠ ᠳᠤ ᠶᠡᠷᠦᠩᠬᠡᠶᠢᠯᠡᠭᠰᠡᠨ ᠵᠠᠳᠠᠯᠤᠯᠲᠠ ᠪᠠ ᠦᠨᠡᠯᠡᠨ ᠵᠢᠱᠢᠯᠲᠡ ᠬᠢᠵᠦ᠂ ᠠᠳᠡᠯ ᠤᠨ ᠬᠥᠭᠵᠢᠯᠲᠡ ᠶᠢᠨ | ᠬᠠᠨᠳᠤᠰᠢ ᠶᠢ ᠵᠠᠳᠠᠯᠤᠨ᠂ ᠠᠳᠡᠯ ᠤᠨ ᠦᠷ᠎ᠡ ᠤᠷᠰᠢᠭ ᠢ ᠲᠥᠰᠦᠭᠡᠯᠡᠵᠦ᠂ ᠠᠳᠡᠯ ᠢ ᠪᠠᠶᠢᠴᠠᠭᠠᠬᠤ ᠪᠠ ᠲᠤᠬᠠᠶ ᠶᠢᠨ | ᠭᠠᠵᠠᠷ ᠲᠤᠨᠢ ᠰᠢᠢᠳᠪᠦᠷᠢᠯᠡᠬᠦ ᠲᠥᠰᠦᠯ ᠲᠣᠭᠲᠠᠭᠠᠬᠤ ᠳᠤ ᠯᠠᠪᠯᠠᠯᠲᠠ ᠬᠠᠩᠭᠠᠨ᠎ᠠ᠃ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠢᠳᠡᠭᠡᠨ ᠤ ᠠᠮᠤᠷ ᠲᠦᠪᠰᠢᠨ ᠤ ᠠᠳᠡᠯ ᠤᠨ ᠬᠠᠮᠢᠶ᠎ᠠ ᠪᠦᠬᠦᠢ ᠲᠦᠭᠰᠢᠭᠦᠷᠢ ᠶᠢᠨ ᠬᠦᠴᠦᠨ ᠵᠦᠢᠯ ᠢ | ᠠᠷᠢᠯᠭᠠᠬᠤ ᠪᠤᠶᠤ ᠡᠵᠡᠮᠳᠡᠬᠦ᠂ ᠠᠳᠡᠯ ᠳᠤ ᠰᠢᠷᠬᠠᠲᠤᠭᠰᠠᠨ ᠡᠪᠡᠳᠴᠢᠲᠡᠨ ᠢ ᠠᠪᠤᠷᠠᠨ ᠵᠠᠰᠠᠬᠤ᠂ ᠲᠤᠬᠠᠶ ᠶᠢᠨ | ᠲᠠᠯᠠᠪᠠᠶ᠂ ᠪᠣᠬᠢᠷᠲᠤᠭᠰᠠᠨ ᠢᠳᠡᠭᠡᠨ ᠢ ᠬᠢᠵᠠᠭᠠᠷᠯᠠᠬᠤ᠂ ᠢᠳᠡᠭᠡᠨ ᠬᠢᠭᠡᠳ ᠣᠷᠴᠢᠨ ᠲᠣᠭᠤᠷᠢᠨ᠂ ᠡᠭᠦᠰᠦᠮᠡᠯ᠂ | ᠡᠭᠦᠰᠦᠮᠡᠯ ᠠᠳᠡᠯ ᠤᠨ ᠳᠠᠯᠳᠠ ᠭᠡᠮ ᠢ ᠠᠷᠢᠯᠭᠠᠬᠤ ᠵᠡᠷᠭᠡ ᠪᠠᠶᠢᠳᠠᠯ ᠳᠤ ᠵᠠᠳᠠᠯᠤᠯᠲᠠ ᠪᠠ ᠦᠨᠡᠯᠡᠨ ᠵᠢᠱᠢᠯᠲᠡ ᠬᠢᠨ᠎ᠡ᠃ | 5.4 ᠳᠠᠭᠠᠬᠤ ᠳᠡᠰ ᠢ ᠲᠣᠬᠢᠷᠠᠭᠤᠯᠬᠤ ᠵᠢᠴᠢ ᠵᠣᠭᠰᠣᠭᠠᠬᠤ | ᠢᠳᠡᠭᠡᠨ ᠤ ᠠᠮᠤᠷ ᠲᠦᠪᠰᠢᠨ ᠤ ᠠᠳᠡᠯ ᠢ ᠰᠢᠢᠳᠪᠦᠷᠢᠯᠡᠬᠦ ᠶᠠᠪᠤᠴᠠ ᠳᠤ᠂ ᠠᠳᠡᠯ ᠭᠠᠷᠴᠤ ᠬᠥᠭᠵᠢᠬᠦ | ᠪᠤᠰᠤᠳᠴᠢ ᠵᠢᠮ᠎ᠡ ᠶᠣᠰᠣ ᠶᠢ ᠵᠢᠷᠤᠮᠯᠠᠨ᠂ ᠪᠣᠳᠠᠲᠤ ᠪᠠᠶᠢᠳᠠᠯ ᠪᠣᠯᠤᠨ ᠰᠡᠷᠭᠡᠶᠢᠯᠡᠨ ᠡᠵᠡᠮᠳᠡᠬᠦ ᠠᠵᠢᠯ ᠤᠨ | ᠬᠡᠷᠡᠭᠴᠡᠭᠡ ᠲᠠᠢ ᠪᠠᠨ ᠤᠶᠠᠯᠳᠤᠭᠤᠯᠵᠤ᠂ ᠦᠨᠡᠯᠡᠨ ᠵᠢᠱᠢᠭᠰᠡᠨ ᠦᠷ᠎ᠡ ᠳ᠋ᠦᠩ ᠢ ᠦᠨᠳᠦᠰᠦᠯᠡᠨ ᠪᠠᠴᠢᠮ ᠪᠠᠶᠢᠳᠠᠯ ᠢ | ᠠᠷᠭᠠᠴᠠᠬᠤ ᠶᠢᠨ ᠳᠠᠭᠠᠬᠤ ᠳᠡᠰ ᠢ ᠴᠠᠭ ᠲᠤᠬᠠᠶ ᠳᠤᠨᠢ ᠲᠣᠬᠢᠷᠠᠭᠤᠯᠵᠤ᠂ ᠳᠠᠭᠠᠬᠤ ᠶᠢ ᠵᠣᠭᠰᠣᠭᠠᠬᠤ ᠬᠦᠷᠲᠡᠯ᠎ᠡ | ᠬᠢᠨ᠎ᠡ᠃ | 5.4.1 ᠳᠠᠭᠠᠬᠤ ᠳᠡᠰ ᠢ ᠲᠣᠬᠢᠷᠠᠭᠤᠯᠬᠤ ᠵᠢᠴᠢ ᠵᠣᠭᠰᠣᠭᠠᠬᠤ ᠨᠥᠬᠦᠴᠡᠯ | ( 1 ) ᠵᠡᠷᠭᠡ ᠳᠡᠰ ᠢ ᠨᠢ ᠳᠡᠭᠡᠭᠰᠢᠯᠡᠭᠦᠯᠦᠨ᠎ᠡ | ᠠᠳᠡᠯ ᠤᠯᠠᠮ ᠨᠢᠭᠡ ᠠᠯᠬᠤᠮ ᠬᠦᠨᠳᠦᠷᠡᠵᠦ᠂ ᠨᠥᠯᠥᠭᠡ ᠪᠠ ᠬᠤᠤᠷ ᠬᠥᠨᠥᠭᠡᠯ ᠨᠢ ᠶᠡᠬᠡᠰᠴᠦ᠂ ᠳᠡᠯᠭᠡᠷᠡᠬᠦ | ᠬᠠᠨᠳᠤᠰᠢ ᠲᠠᠢ᠂ ᠪᠠᠶᠢᠳᠠᠯ ᠨᠢ ᠪᠤᠳᠤᠯᠢᠶᠠᠨᠲᠠᠶ ᠪᠥᠭᠡᠳ ᠡᠵᠡᠮᠳᠡᠬᠦ ᠳᠤ ᠪᠡᠷᠬᠡᠲᠡᠶ ᠦᠶ᠎ᠡ ᠳᠤ᠂ ᠳᠠᠭᠠᠬᠤ ᠳᠡᠰ ᠢ ᠴᠠᠭ | ᠲᠤᠬᠠᠶ ᠳᠤᠨᠢ ᠳᠡᠭᠡᠭᠰᠢᠯᠡᠭᠦᠯᠬᠦ ᠬᠡᠷᠡᠭᠲᠡᠶ᠃ | ᠰᠤᠷᠭᠠᠭᠤᠯᠢ ᠪᠤᠶᠤ ᠬᠡᠦᠬᠡᠳ ᠰᠠᠭᠠᠲᠠᠭᠤᠯᠬᠤ ᠪᠠᠶᠢᠭᠤᠯᠤᠮᠵᠢ᠂ ᠪᠥᠬᠦ ᠤᠯᠤᠰ ᠤᠨ ᠴᠢᠨᠠᠷᠲᠠᠢ ᠪᠤᠶᠤ ᠣᠷᠣᠨ | ᠪᠦᠰᠡ ᠶᠢᠨ ᠴᠢᠨᠠᠷᠲᠠᠢ ᠴᠢᠬᠤᠯᠠ ᠠᠵᠢᠯᠯᠠᠭ᠎ᠠ ᠶᠢᠨ ᠬᠤᠭᠤᠴᠠᠭᠠᠨ ᠳᠤ ᠢᠳᠡᠭᠡᠨ ᠤ ᠠᠮᠤᠷ ᠲᠦᠪᠰᠢᠨ ᠤ ᠠᠳᠡᠯ | ᠭᠠᠷᠪᠠᠯ᠂ ᠳᠠᠭᠠᠬᠤ ᠲᠡᠰ ᠢ ᠵᠣᠬᠢᠴᠠᠩᠭᠤᠢ ᠪᠠᠷ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠡᠷᠴᠢᠮ ᠢ ᠨᠡᠮᠡᠭᠳᠡᠭᠦᠯᠦᠨ᠂ ᠢᠳᠡᠭᠡᠨ ᠤ ᠠᠮᠤᠷ ᠲᠦᠪᠰᠢᠨ ᠤ ᠠᠳᠡᠯ ᠢ ᠲᠦᠷᠭᠡᠨ᠂ ᠪᠦᠲᠦᠮᠵᠢᠲᠡᠢ ᠬᠢᠵᠠᠭᠠᠷᠯᠠᠬᠤ ᠶᠢ | ᠦᠨᠡᠨᠬᠦ ᠪᠠᠲᠤᠯᠠᠵᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠨ᠎ᠠ᠃ | ( 2 ) ᠵᠡᠷᠭᠡ ᠳᠡᠰ ᠨᠢ ᠪᠠᠭᠤᠷᠠᠨ᠎ᠠ | ᠠᠳᠡᠯ ᠤᠨ ᠬᠤᠤᠷ ᠬᠥᠨᠥᠭᠡᠯ ᠢ ᠪᠦᠲᠦᠮᠵᠢᠲᠡᠶ ᠬᠢᠵᠠᠭᠠᠷᠯᠠᠭᠰᠠᠨ ᠮᠥᠷᠲᠡᠭᠡᠨ ᠰᠤᠳᠤᠯᠤᠨ ᠮᠠᠭᠠᠳᠯᠠᠬᠤ ᠪᠠᠷ | ᠳᠠᠮᠵᠢᠭᠠᠳ ᠠᠳᠡᠯ ᠤᠨ ᠬᠤᠤᠷ ᠬᠥᠨᠥᠭᠡᠯ ᠢ ᠤᠤᠯ ᠤᠨ ᠲᠠᠰ ᠤᠨ ᠦᠨᠡᠯᠡᠨ ᠵᠢᠱᠢᠬᠦ ᠪᠠᠷᠢᠮᠵᠢᠶ᠎ᠠ ᠠᠴᠠ ᠳᠤᠤᠷ᠎ᠠ | ᠪᠣᠯᠭᠠᠭᠰᠠᠨ ᠪᠤᠶᠤ ᠤᠯᠠᠮ ᠨᠢᠭᠡ ᠠᠯᠬᠤᠮ ᠳᠡᠯᠭᠡᠷᠡᠭᠦᠯᠬᠦ ᠬᠠᠨᠳᠤᠰᠢ ᠥᠬᠡᠶ ᠭᠡᠵᠦ ᠦᠵᠡᠪᠡᠯ᠂ ᠪᠠᠴᠢᠮ ᠪᠠᠶᠢᠳᠠᠯ ᠢ | ᠠᠷᠭᠠᠴᠠᠬᠤ ᠶᠢᠨ ᠳᠠᠭᠠᠬᠤ ᠲᠠᠰ ᠢ ᠪᠠᠭᠤᠷᠠᠭᠤᠯᠵᠤ ᠪᠣᠯᠤᠨ᠎ᠠ᠃ | ( 3 ) ᠳᠠᠭᠠᠬᠤ ᠶᠢ ᠵᠣᠭᠰᠣᠭᠠᠨ᠎ᠠ | ᠢᠳᠡᠭᠡᠨ ᠤ ᠠᠮᠤᠷ ᠲᠦᠪᠰᠢᠨ ᠤ ᠠᠳᠡᠯ ᠢ ᠬᠢᠵᠠᠭᠠᠷᠯᠠᠬᠤ ᠶᠢᠨ ᠬᠠᠮᠲᠤ ᠳᠣᠣᠷᠠᠬᠢ ᠬᠤᠶᠠᠷ ᠵᠦᠢᠯ ᠤᠨ | ᠱᠠᠭᠠᠷᠳᠠᠯᠭ᠎ᠠ ᠳᠤ ᠬᠦᠷᠦᠭᠰᠡᠨ ᠦᠶ᠎ᠡ ᠳᠤ᠂ ᠵᠠᠳᠠᠯᠵᠤ ᠦᠨᠡᠯᠡᠨ ᠵᠢᠱᠢᠭᠡᠳ ᠳᠠᠭᠠᠬᠤ ᠶᠢ ᠬᠦᠴᠦᠨ ᠦᠭᠡᠢ ᠪᠣᠯᠭᠠᠵᠤ | ᠪᠣᠯᠤᠨ᠎ᠠ ᠭᠡᠵᠦ ᠦᠵᠡᠭᠰᠡᠨ ᠪᠠᠶᠢᠪᠠᠯ᠂ ᠳᠠᠭᠠᠬᠤ ᠶᠢ ᠴᠠᠭ ᠲᠤᠬᠠᠢ ᠳᠤᠨᠢ ᠵᠣᠭᠰᠣᠭᠠᠬᠤ ᠬᠡᠷᠡᠭᠲᠡᠢ : | —ᠢᠳᠡᠭᠡᠨ ᠤ ᠠᠮᠤᠷ ᠲᠦᠪᠰᠢᠨ ᠤ ᠠᠳᠡᠯ ᠳᠤ ᠰᠢᠷᠬᠠᠲᠤᠭᠰᠠᠳ ᠢ ᠪᠦᠬᠦᠨ ᠢ ᠠᠪᠤᠷᠠᠨ ᠡᠮᠨᠡᠵᠦ᠂ ᠤᠤᠯ ᠤᠨ | ᠡᠪᠡᠳᠴᠢᠲᠡᠨ ᠤ ᠡᠪᠡᠳᠴᠢᠨ ᠤ ᠪᠠᠶᠢᠳᠠᠯ ᠨᠢ ᠲᠣᠭᠲᠠᠪᠤᠷᠢᠵᠢᠭᠠᠳ 24 ᠴᠠᠭ ᠠᠴᠠ ᠳᠡᠭᠡᠭᠰᠢ ᠪᠣᠯᠤᠭᠰᠠᠨ ᠮᠥᠷᠲᠡᠭᠡᠨ | ᠰᠢᠨ᠎ᠡ ᠲᠦᠷᠭᠡᠨ ᠴᠢᠨᠠᠷᠲᠠᠢ ᠡᠪᠡᠳᠴᠢᠨ ᠤ ᠡᠪᠡᠳᠴᠢᠲᠡᠨ ᠢᠯᠡᠷᠡᠭᠰᠡᠨ ᠦᠭᠡᠢ᠂ ᠢᠳᠡᠭᠡᠨ ᠠᠴᠠ ᠢᠷᠡᠯᠲᠡ ᠲᠠᠢ | ᠬᠠᠯᠳᠠᠪᠤᠷᠢᠯᠠᠯ ᠤᠨ ᠴᠢᠨᠠᠷᠲᠠᠶ ᠡᠪᠡᠳᠴᠢᠨ ᠨᠢ ᠰᠡᠭᠦᠯᠴᠢ ᠶᠢᠨ ᠡᠪᠡᠳᠴᠢᠲᠡᠨ ᠤ ᠳᠠᠷᠠᠭ᠎ᠠ ᠬᠠᠮᠤᠭ ᠤᠨ ᠤᠷᠲᠤ | ᠨᠢᠭᠤᠭᠳᠠᠮᠠᠯ ᠬᠤᠭᠤᠴᠠᠭ᠎ᠠ ᠶᠢ ᠥᠩᠭᠡᠷᠡᠭᠡᠭᠡᠳ ᠰᠢᠨ᠎ᠡ ᠡᠪᠡᠳᠴᠢᠨ ᠤ ᠵᠢᠱᠢᠶ᠎ᠡ ᠭᠠᠷᠤᠭᠰᠠᠨ ᠦᠭᠡᠶ︔ | — ᠲᠤᠬᠠᠶ ᠶᠢᠨ ᠲᠠᠯᠠᠪᠠᠶ ᠳᠤ ᠪᠣᠬᠢᠷᠲᠤᠭᠰᠠᠨ ᠢᠳᠡᠭᠡᠨ ᠢ ᠪᠦᠲᠦᠮᠵᠢᠲᠡᠶ ᠬᠢᠵᠠᠭᠠᠷᠯᠠᠵᠤ᠂ ᠢᠳᠡᠭᠡᠨ ᠪᠣᠯᠤᠨ | ᠣᠷᠴᠢᠨ ᠲᠣᠭᠤᠷᠢᠨ ᠤ ᠪᠣᠬᠢᠷᠲᠤᠯ ᠢ ᠪᠦᠲᠦᠮᠵᠢᠲᠡᠶ ᠢᠯᠭᠠᠷᠠᠭᠤᠯᠬᠤ ᠶᠢᠨ ᠬᠠᠮᠲᠤ ᠬᠠᠮᠢᠶ᠎ᠠ ᠪᠦᠬᠦᠢ ᠪᠠᠷᠢᠮᠵᠢᠶ᠎ᠠ ᠳᠤ | ᠨᠡᠶᠢᠴᠡᠭᠦᠯᠵᠦ᠂ ᠡᠭᠦᠰᠦᠮᠡᠯ᠂ ᠡᠭᠦᠰᠦᠮᠡᠯ ᠠᠳᠡᠯ ᠤᠨ ᠳᠠᠯᠳᠠ ᠭᠡᠮ ᠢ ᠠᠷᠢᠯᠭᠠᠪᠠ᠃ | 5.4.2 ᠳᠠᠭᠠᠬᠤ ᠳᠡᠰ ᠢ ᠲᠣᠬᠢᠷᠠᠭᠤᠯᠬᠤ ᠵᠢᠴᠢ ᠵᠣᠭᠰᠣᠭᠠᠬᠤ ᠫᠷᠤᠭ᠍ᠷᠡᠮ | IV ᠳᠡᠰ ᠤᠨ ᠠᠳᠡᠯ ᠢ ᠵᠢᠯᠣᠭᠤᠳᠬᠤ ᠭᠠᠵᠠᠷ ᠠᠴᠠ ᠠᠳᠡᠯ ᠳᠤ ᠵᠠᠳᠠᠯᠤᠯᠲᠠ ᠦᠨᠡᠯᠡᠯᠲᠡ ᠬᠢᠬᠦ ᠠᠵᠢᠯ ᠢ | ᠵᠣᠬᠢᠶᠠᠨ ᠪᠠᠶᠢᠭᠤᠯᠤᠨ᠎ᠠ᠃ ᠦᠨᠡᠯᠡᠨ ᠵᠢᠱᠢᠯᠲᠡ ᠨᠢ ᠵᠡᠷᠭᠡ ᠳᠡᠰ ᠢ ᠳᠣᠭᠢᠷᠠᠭᠤᠯᠬᠤ ᠨᠥᠬᠦᠴᠡᠯ ᠳᠤ ᠨᠡᠶᠢᠴᠡᠨ᠎ᠡ ᠭᠡᠵᠦ | ᠦᠵᠡᠪᠡᠯ᠂ ᠵᠢᠯᠣᠭᠤᠳᠬᠤ ᠭᠠᠵᠠᠷ ᠠᠴᠠ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠲᠠᠰ ᠲᠤ ᠲᠣᠬᠢᠷᠠᠭᠤᠯᠤᠯᠲᠠ | ᠬᠢᠬᠦ ᠰᠠᠨᠠᠭᠤᠯᠭ᠎ᠠ ᠳᠤᠷᠠᠳᠴᠤ᠂ ᠵᠢᠤ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ | ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠬᠤ ᠳᠤ ᠳᠠᠭᠠᠬᠤ ᠲᠠᠰ ᠢ | ᠳᠣᠭᠢᠷᠠᠭᠤᠯᠤᠭᠰᠠᠨ ᠤ ᠳᠠᠷᠠᠭ᠎ᠠ᠂ ᠵᠢᠤ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ | ᠳᠣᠭᠢᠷᠠᠭᠤᠯᠤᠭᠰᠠᠨ ᠤ ᠳᠠᠷᠠᠭᠠᠬᠢ ᠲᠠᠰ ᠲᠠᠢ ᠪᠠᠨ ᠤᠶᠠᠯᠳᠤᠭᠤᠯᠤᠨ ᠵᠣᠬᠢᠴᠠᠩᠭᠤᠶ ᠠᠷᠭ᠎ᠠ ᠬᠡᠮᠵᠢᠶ᠎ᠡ ᠠᠪᠬᠤ ᠬᠡᠷᠡᠭᠲᠡᠶ᠃ | ᠦᠨᠡᠯᠡᠨ ᠵᠢᠱᠢᠯᠲᠡ ᠳᠤ ᠳᠠᠭᠠᠬᠤ ᠶᠢ ᠵᠣᠭᠰᠣᠭᠠᠬᠤ ᠨᠥᠬᠦᠴᠡᠯ ᠳᠤ ᠨᠡᠶᠢᠴᠡᠨ᠎ᠡ ᠭᠡᠵᠦ ᠦᠵᠡᠪᠡᠯ᠂ ᠵᠢᠯᠣᠭᠤᠳᠬᠤ | ᠭᠠᠵᠠᠷ ᠠᠴᠠ ᠳᠠᠭᠠᠬᠤ ᠶᠢ ᠵᠣᠭᠰᠣᠭᠠᠬᠤ ᠰᠠᠨᠠᠭᠤᠯᠭ᠎ᠠ ᠳᠤᠷᠠᠳᠴᠤ᠂ ᠵᠢᠤ ᠶᠤᠸᠠᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃ | ᠴᠢᠬᠤᠯᠠ ᠲᠠᠢ ᠦᠶ᠎ᠡ ᠳᠤ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠳ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠤ ᠮᠡᠳᠡᠭᠦᠯᠦᠨ᠂ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠢᠳᠡᠭᠡᠨ ᠤ ᠠᠮᠤᠷ ᠲᠦᠪᠰᠢᠨ ᠤ | ᠠᠳᠡᠯ ᠤᠨ ᠳᠠᠭᠠᠬᠤ ᠳᠡᠰ ᠢ ᠲᠣᠬᠢᠷᠠᠭᠤᠯᠬᠤ ᠪᠠ ᠵᠣᠭᠰᠣᠭᠠᠬᠤ ᠶᠢᠨ ᠵᠠᠳᠠᠯᠤᠯᠲᠠ ᠨᠤᠲᠠᠯᠠᠯᠲᠠ ᠬᠢᠬᠦ ᠳᠤ | ᠮᠡᠷᠭᠡᠵᠢᠯ ᠤᠨ ᠳᠡᠮᠵᠢᠯᠭᠡ ᠪᠣᠯᠤᠨ ᠵᠢᠯᠣᠭᠤᠳᠤᠯᠭ᠎ᠠ ᠬᠠᠩᠭᠠᠬᠤ ᠬᠡᠷᠡᠭᠲᠡᠶ᠃ | 5.5 ᠮᠡᠳᠡᠭᠡ ᠵᠠᠩᠭᠢ ᠨᠡᠶᠢᠲᠡᠯᠡᠬᠦ | IV ᠲᠠᠰ ᠤᠨ ᠠᠳᠡᠯ ᠤᠨ ᠮᠡᠳᠡᠭᠡ ᠵᠠᠩᠭᠢ ᠨᠡᠶᠢᠲᠡᠯᠡᠬᠦ ᠶᠢ ᠵᠢᠯᠣᠭᠤᠳᠬᠤ ᠭᠠᠵᠠᠷ ᠪᠤᠶᠤ ᠲᠡᠭᠦᠨ ᠤ ᠠᠯᠪᠠᠨ | ᠬᠡᠷ ᠠᠴᠠ ᠨᠢᠭᠡᠳᠦᠯᠲᠡᠶ ᠵᠣᠬᠢᠶᠠᠨ ᠪᠠᠶᠢᠭᠤᠯᠵᠤ᠂ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠬᠤ᠂ ᠰᠣᠨᠢᠨ | ᠮᠡᠳᠡᠭᠡᠨ ᠤ ᠡᠬᠡ ᠪᠢᠴᠢᠭ ᠨᠡᠶᠢᠲᠡᠯᠡᠬᠦ ᠵᠡᠷᠭᠡ ᠣᠯᠠᠨ ᠵᠦᠢᠯ ᠤᠨ ᠬᠡᠯᠪᠡᠷᠢ ᠪᠠᠷ ᠨᠡᠶᠢᠭᠡᠮ ᠳᠤ ᠨᠡᠶᠢᠲᠡᠯᠡᠵᠦ᠂ | ᠤᠬᠠᠭᠤᠯᠤᠨ ᠮᠡᠳᠡᠭᠡᠯᠡᠬᠦ ᠪᠠ ᠶᠠᠷᠢᠶ᠎ᠠ ᠬᠡᠯᠡᠯᠴᠡᠭᠡ ᠪᠠᠷ ᠬᠥᠲᠥᠯᠦᠨ ᠵᠢᠯᠣᠭᠤᠳᠬᠤ ᠶᠢ ᠰᠠᠶᠢᠲᠤᠷ ᠬᠢᠨ᠎ᠡ᠃ | 6.ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ | 6.1 ᠬᠤᠶᠢᠲᠤᠬᠢ ᠶᠠᠪᠤᠳᠠᠯ ᠢ ᠰᠢᠢᠳᠪᠦᠷᠢᠯᠡᠬᠦ | ᠢᠳᠡᠭᠡᠨ ᠤ ᠠᠮᠤᠷ ᠲᠦᠪᠰᠢᠨ ᠤ ᠠᠳᠡᠯ ᠤᠨ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠳᠤ ᠬᠥᠮᠦᠰ ᠢ | ᠲᠥᠪᠬᠢᠨᠡᠭᠦᠯᠬᠦ᠂ ᠲᠥᠯᠥᠪᠦᠷᠢ ᠦᠭᠬᠦ᠂ ᠨᠦᠬᠦᠪᠦᠷᠢ ᠦᠭᠬᠦ᠂ ᠲᠠᠲᠠᠪᠤᠷᠢᠯᠠᠨ ᠬᠡᠷᠡᠭᠯᠡᠬᠦ ᠶᠢᠨ ᠪᠠᠷᠠᠭ᠎ᠠ ᠵᠢᠴᠢ | ᠲᠡᠭᠡᠭᠡᠪᠦᠷᠢ ᠶᠢᠨ ᠪᠠᠭᠠᠵᠢ ᠶᠢᠨ ᠨᠦᠬᠦᠪᠦᠷᠢ ᠪᠠᠭᠲᠠᠨ᠎ᠠ︔ ᠪᠠᠴᠢᠮ ᠪᠠᠶᠢᠳᠠᠯ ᠢ ᠠᠷᠭᠠᠴᠠᠬᠤ ᠵᠢᠴᠢ ᠡᠮ ᠡᠮᠨᠡᠯᠭᠡ ᠶᠢᠨ | ᠪᠠᠶᠢᠭᠤᠯᠤᠮᠵᠢ ᠵᠠᠷᠤᠳᠠᠯ ᠣᠷᠣᠯᠠᠨ ᠦᠭᠬᠦ᠂ ᠠᠳᠡᠯ ᠤᠨ ᠬᠤᠣᠷ ᠠᠮᠰᠠᠭᠴᠢ ᠦᠷᠭᠦᠯᠵᠢᠯᠡᠨ ᠡᠮᠨᠡᠨ ᠵᠠᠰᠠᠬᠤ ᠵᠠᠷᠤᠳᠠᠯ ᠢ | ᠴᠠᠭ ᠲᠤᠬᠠᠶ ᠳᠤᠨᠢ ᠦᠭᠬᠦ ᠵᠢᠴᠢ ᠦᠢᠯᠡᠳᠬᠦᠨ ᠤ ᠦᠯᠢᠭᠡᠷ ᠠᠪᠬᠤ ᠵᠢᠴᠢ ᠰᠢᠯᠭᠠᠨ ᠪᠠᠶᠢᠴᠠᠭᠠᠬᠤ ᠵᠠᠷᠤᠳᠠᠯ ᠢ ᠴᠠᠭ | ᠲᠤᠬᠠᠶ ᠳᠤᠨᠢ ᠰᠠᠯᠭᠠᠨ ᠦᠭᠬᠦ ᠬᠡᠷᠡᠭᠲᠡᠶ︔ ᠪᠣᠬᠢᠷᠲᠤᠯ ᠪᠣᠳᠠᠰ ᠢ ᠴᠤᠭᠯᠠᠭᠤᠯᠬᠤ᠂ ᠴᠡᠪᠡᠷᠯᠡᠬᠦ ᠪᠠ ᠰᠢᠢᠳᠪᠦᠷᠢᠯᠡᠬᠦ | ᠵᠡᠷᠭᠡ᠃ | ᠬᠡᠷᠡᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠵᠢᠴᠢ ᠲᠤᠭᠤᠷᠢᠭ ᠤᠨ ᠵᠠᠰᠠᠭ ᠤᠨ | ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠠᠵᠢᠯ ᠢ | ᠢᠳᠡᠪᠬᠢᠲᠡᠶ ᠯᠠᠪᠳᠠᠭᠤᠨ᠂ ᠭᠦᠨᠵᠡᠭᠡᠶ ᠨᠠᠷᠢᠯᠢᠭ ᠰᠠᠶᠢᠲᠤᠷ ᠬᠢᠵᠦ᠂ ᠳᠠᠷᠦ᠋ᠢᠬᠠᠨ ᠲᠣᠬᠢᠲᠠᠶ ᠲᠥᠪᠬᠢᠨᠡᠭᠦᠯᠦᠨ᠂ | ᠬᠤᠬᠢᠷᠠᠯ ᠠᠮᠰᠠᠭᠰᠠᠨ ᠪᠠ ᠨᠥᠯᠥᠭᠡᠯᠡᠭᠳᠡᠭᠰᠡᠨ ᠬᠥᠮᠦᠰ ᠢ ᠲᠣᠬᠤᠨᠢᠭᠤᠯᠵᠤ᠂ ᠠᠳᠡᠯ ᠤᠨ ᠨᠥᠯᠥᠭᠡ ᠶᠢ ᠠᠷᠢᠯᠭᠠᠨ᠂ | ᠬᠡᠪ ᠤᠨ ᠡᠮᠬᠢ ᠳᠢᠭᠯᠢᠮ ᠢ ᠨᠢ ᠰᠡᠷᠭᠦᠭᠡᠨ᠎ᠡ᠃ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ | ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | ᠢᠳᠡᠭᠡᠨ ᠤ ᠠᠮᠤᠷ ᠲᠦᠪᠰᠢᠨ ᠤ ᠠᠳᠡᠯ ᠭᠠᠷᠤᠭᠰᠠᠨ ᠤ ᠳᠠᠷᠠᠭ᠎ᠠ᠂ ᠳᠠᠭᠠᠳᠬᠠᠯ ᠤᠨ ᠪᠠᠶᠢᠭᠤᠯᠤᠮᠵᠢ ᠨᠢ ᠪᠠᠴᠢᠮ | ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠠᠵᠢᠯᠲᠠᠨ ᠤ ᠳᠠᠭᠠᠳᠬᠠᠯ ᠢ ᠬᠦᠯᠢᠶᠡᠨ ᠠᠪᠴᠤ ᠰᠢᠢᠳᠪᠦᠷᠢᠯᠡᠬᠦ | ᠪᠠ ᠭᠠᠮᠰᠢᠭᠳᠠᠭᠰᠠᠨ ᠬᠥᠮᠦᠰ ᠤᠨ ᠳᠠᠭᠠᠳᠬᠠᠯ ᠤᠨ ᠲᠥᠯᠥᠪᠦᠷᠢ ᠶᠢᠨ ᠠᠵᠢᠯ ᠢ ᠴᠠᠭ ᠲᠤᠬᠠᠶ ᠳᠤᠨᠢ ᠥᠷᠨᠢᠭᠦᠯᠬᠦ | ᠬᠡᠷᠡᠭᠲᠡᠶ᠃ | ᠢᠳᠡᠭᠡᠨ ᠤ ᠠᠮᠤᠷ ᠲᠦᠪᠰᠢᠨ ᠤ ᠠᠳᠡᠯ ᠭᠠᠷᠭᠠᠭᠰᠠᠨ ᠬᠠᠷᠢᠭᠤᠴᠠᠯᠭ᠎ᠠ ᠲᠠᠢ ᠨᠢᠭᠡᠴᠡ ᠪᠣᠯᠤᠨ | ᠬᠠᠷᠢᠭᠤᠴᠠᠯᠭ᠎ᠠ ᠲᠠᠢ ᠬᠥᠮᠦᠨ ᠨᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠤᠬᠢᠷᠠᠯ ᠠᠮᠰᠠᠭᠴᠢ ᠳᠤ | ᠲᠥᠯᠥᠪᠦᠷᠢ ᠥᠭᠴᠦ᠂ ᠬᠤᠬᠢᠷᠠᠯ ᠠᠮᠰᠠᠭᠴᠢ ᠶᠢᠨ ᠬᠤᠶᠢᠰᠢᠳᠡ ᠶᠢᠨ ᠡᠮᠴᠢᠯᠡᠭᠡ ᠵᠢᠴᠢ ᠪᠠᠲᠤᠯᠠᠭ᠎ᠠ ᠵᠡᠷᠭᠡ ᠬᠠᠮᠢᠶ᠎ᠠ | ᠪᠦᠬᠦᠢ ᠵᠠᠷᠤᠳᠠᠯ ᠢ ᠡᠭᠦᠷᠭᠡᠯᠡᠬᠦ ᠬᠡᠷᠡᠭᠲᠡᠶ᠃ | 6.2 ᠱᠠᠩᠨᠠᠵᠤ ᠲᠣᠷᠭᠠᠬᠤ | 6.2.1 ᠱᠠᠩᠨᠠᠯ | ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠣᠯᠤᠨ | ᠰᠢᠢᠳᠪᠦᠷᠢᠯᠡᠬᠦ ᠠᠵᠢᠯ ᠤᠨ ᠳᠤᠮᠳᠠ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠲᠡᠷᠢᠭᠦᠨ ᠤ ᠬᠠᠮᠲᠤ ᠪᠣᠯᠤᠨ | ᠬᠤᠪᠢ ᠬᠥᠮᠦᠨ ᠢ ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ | ᠬᠥᠬᠢᠭᠦᠯᠦᠨ ᠰᠠᠶᠢᠰᠢᠶᠠᠬᠤ ᠪᠠ ᠱᠠᠩᠨᠠᠨ᠎ᠠ᠃ | 6.2 ᠬᠠᠷᠢᠭᠤᠴᠠᠯᠭ᠎ᠠ ᠨᠡᠬᠡᠮᠵᠢᠯᠡᠬᠦ | ᠢᠳᠡᠭᠡᠨ ᠤ ᠠᠮᠤᠷ ᠲᠦᠪᠰᠢᠨ ᠤ ᠠᠳᠡᠯ ᠢ ᠤᠳᠠᠭᠠᠰᠢᠷᠠᠭᠤᠯᠤᠨ ᠮᠡᠳᠡᠭᠦᠯᠬᠦ᠂ ᠬᠤᠳᠠᠯ ᠢᠶᠠᠷ ᠮᠡᠳᠡᠭᠦᠯᠬᠦ᠂ | ᠳᠠᠷᠤᠭᠠᠳ ᠮᠡᠳᠡᠭᠦᠯᠬᠦ ᠦᠭᠡᠶ ᠪᠠ ᠣᠷᠬᠢᠭᠳᠠᠭᠤᠯᠤᠨ ᠮᠡᠳᠡᠭᠦᠯᠦᠭᠰᠡᠨ ᠴᠢᠬᠤᠯᠠ ᠪᠠᠶᠢᠳᠠᠯ ᠪᠤᠶᠤ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠳᠤᠮᠳᠠ ᠬᠠᠷᠢᠭᠤᠴᠠᠯᠭ᠎ᠠ ᠪᠠᠨ ᠠᠯᠳᠠᠭᠰᠠᠨ᠂ ᠲᠤᠰᠢᠶᠠᠯ ᠢᠶᠠᠨ | ᠭᠤᠲᠤᠭᠠᠭᠰᠠᠨ ᠪᠤᠰᠤᠳ ᠦᠢᠯᠡ ᠠᠵᠢᠯᠯᠠᠭ᠎ᠠ ᠲᠠᠢ ᠪᠣᠯ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠨᠢᠭᠡᠴᠡ ᠪᠤᠶᠤ | ᠬᠠᠷᠢᠭᠤᠴᠠᠯᠭ᠎ᠠ ᠲᠠᠢ ᠬᠥᠮᠦᠨ ᠤ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ︔ ᠶᠠᠯ᠎ᠠ ᠳᠤ ᠬᠦᠷᠦᠭᠰᠡᠨ | ᠪᠣᠯ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠦᠨ᠎ᠡ᠃ | 6.3 ᠳ᠋ᠦᠩᠨᠡᠯᠲᠡ | ᠢᠳᠡᠭᠡᠨ ᠤ ᠠᠮᠤᠷ ᠲᠦᠪᠰᠢᠨ ᠤ ᠠᠳᠡᠯ ᠤᠨ ᠬᠤᠶᠢᠲᠤᠬᠢ ᠰᠢᠢᠳᠪᠦᠷᠢᠯᠡᠬᠦ ᠠᠵᠢᠯ ᠳᠠᠭᠤᠰᠤᠭᠰᠠᠨ ᠤ ᠳᠠᠷᠠᠭ᠎ᠠ᠂ | ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠢ ᠵᠣᠬᠢᠶᠠᠨ ᠪᠠᠶᠢᠭᠤᠯᠤᠨ ᠢᠳᠡᠭᠡᠨ ᠤ ᠠᠮᠤᠷ ᠲᠦᠪᠰᠢᠨ ᠤ ᠠᠳᠡᠯ ᠪᠣᠯᠤᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠠᠵᠢᠯ ᠳᠤ ᠴᠠᠭ ᠲᠤᠬᠠᠶ ᠳᠤᠨᠢ ᠳ᠋ᠦᠩᠨᠡᠯᠲᠡ ᠬᠢᠵᠦ᠂ ᠠᠳᠡᠯ ᠤᠨ ᠰᠢᠯᠲᠠᠭᠠᠨ ᠪᠣᠯᠤᠨ ᠨᠥᠯᠥᠭᠡᠯᠡᠬᠦ | ᠬᠦᠴᠦᠨ ᠵᠦᠢᠯ ᠳᠤ ᠵᠠᠳᠠᠯᠤᠯᠲᠠ ᠬᠢᠵᠦ᠂ ᠪᠠᠴᠢᠮ ᠪᠠᠶᠢᠳᠠᠯ ᠢ ᠰᠢᠢᠳᠪᠦᠷᠢᠯᠡᠬᠦ ᠠᠵᠢᠯ ᠢ ᠥᠷᠨᠢᠭᠦᠯᠦᠭᠰᠡᠨ ᠪᠠᠶᠢᠳᠠᠯ | ᠪᠣᠯᠤᠨ ᠦᠷ᠎ᠡ ᠪᠦᠲᠦᠮᠵᠢ ᠶᠢ ᠦᠨᠡᠯᠡᠨ ᠵᠢᠱᠢᠵᠦ᠂ ᠠᠳᠠᠯᠢᠪᠲᠤᠷ ᠠᠳᠡᠯ ᠢ ᠰᠡᠷᠭᠡᠶᠢᠯᠡᠬᠦ ᠪᠠ ᠰᠢᠢᠳᠪᠦᠷᠢᠯᠡᠬᠦ | ᠰᠠᠨᠠᠭᠤᠯᠭ᠎ᠠ ᠳᠤᠷᠠᠳᠴᠤ᠂ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠲᠤᠷᠰᠢᠯᠭ᠎ᠠ ᠰᠤᠷᠭᠠᠮᠵᠢ ᠪᠠᠨ ᠬᠢᠨᠠᠮᠠᠭᠠᠶ | ᠳ᠋ᠦᠩᠨᠡᠬᠦ ᠶᠢᠨ ᠬᠠᠮᠲᠤ ᠡᠭᠦᠨ ᠢ ᠦᠨᠳᠦᠰᠦᠯᠡᠨ ᠬᠠᠮᠢᠶ᠎ᠠ ᠪᠦᠬᠦᠢ ᠪᠡᠯᠡᠳᠬᠡᠯ ᠲᠥᠰᠦᠯ ᠢᠶᠠᠨ ᠤᠯᠠᠮ ᠨᠢᠭᠡ ᠠᠯᠬᠤᠮ | ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠳ᠋ᠦᠩᠨᠡᠯᠲᠡ ᠶᠢᠨ ᠮᠡᠳᠡᠭᠦᠯᠦᠯᠲᠡ ᠭᠠᠷᠭᠠᠬᠤ ᠬᠡᠷᠡᠭᠲᠡᠶ᠃ | 7.ᠳᠠᠭᠠᠯᠳᠤᠭᠤᠯᠤᠭᠰᠠᠨ ᠳᠦᠷᠢᠮ | 7.1 ᠪᠡᠯᠡᠳᠬᠡᠯ ᠲᠥᠰᠦᠯ ᠤᠨ ᠬᠠᠮᠢᠶᠠᠷᠤᠯᠲᠠ ᠬᠢᠭᠡᠳ ᠰᠢᠨᠡᠳᠬᠡᠯᠲᠡ | ᠢᠳᠡᠭᠡᠨ ᠤ ᠠᠮᠤᠷ ᠲᠦᠪᠰᠢᠨ ᠤ ᠠᠳᠡᠯ ᠢ ᠰᠢᠢᠳᠪᠦᠷᠢᠯᠡᠬᠦ ᠯᠦᠭᠡ ᠬᠤᠯᠪᠣᠭᠳᠠᠬᠤ ᠬᠠᠤᠯᠢ ᠴᠠᠭᠠᠵᠠ ᠬᠠᠤᠯᠢ | ᠲᠣᠭᠲᠠᠭᠠᠯ ᠳᠤ ᠵᠠᠰᠠᠪᠤᠷᠢ ᠣᠷᠣᠭᠤᠯᠵᠤ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠤᠶᠤ ᠪᠠᠴᠢᠮ ᠪᠠᠶᠢᠳᠠᠯ ᠢ | ᠠᠷᠭᠠᠴᠠᠬᠤ ᠡᠬᠢ ᠪᠠᠶᠠᠯᠢᠭ ᠲᠤ ᠬᠤᠪᠢᠷᠠᠯᠲᠠ ᠭᠠᠷᠴᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ | ᠬᠡᠷᠡᠭᠵᠢᠭᠦᠯᠬᠦ ᠶᠠᠪᠤᠴᠠ ᠳᠤ ᠰᠢᠨ᠎ᠡ ᠪᠠᠶᠢᠳᠠᠯ ᠪᠤᠶᠤ ᠰᠢᠨ᠎ᠡ ᠠᠰᠠᠭᠤᠳᠠᠯ ᠭᠠᠷᠬᠤ ᠦᠶ᠎ᠡ ᠳᠤ᠂ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠲᠤᠰ ᠪᠡᠯᠡᠳᠬᠡᠯ ᠲᠥᠰᠦᠯ ᠳᠤ ᠴᠠᠭ ᠲᠤᠬᠠᠶ ᠳᠤᠨᠢ ᠵᠠᠰᠠᠪᠤᠷᠢ ᠣᠷᠣᠭᠤᠯᠬᠤ ᠪᠠ | ᠳᠡᠭᠦᠯᠳᠡᠷᠵᠢᠭᠦᠯᠦᠨ᠎ᠡ᠃ | 7.2 ᠪᠣᠯᠪᠠᠰᠤᠷᠠᠯ᠂ ᠰᠣᠷᠢᠯᠲᠠ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ | ᠠᠷᠭᠠᠴᠠᠬᠤ ᠰᠣᠷᠢᠯᠲᠠ ᠶᠢᠨ ᠲᠥᠯᠥᠪᠯᠡᠭᠡ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠳᠤ | ᠣᠷᠣᠯᠴᠠᠭᠰᠠᠨ ᠡᠯ᠎ᠡ ᠲᠥᠷᠥᠯ ᠤᠨ ᠬᠥᠮᠦᠰ ᠲᠤ ᠮᠡᠳᠡᠯᠭᠡ ᠪᠣᠯᠤᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ | ᠬᠢᠬᠦ ᠶᠢᠨ ᠬᠠᠮᠲᠤ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ | ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠪᠣᠯᠤᠨ ᠪᠠᠴᠢᠮ | ᠪᠠᠶᠢᠳᠠᠯ ᠢ ᠠᠷᠭᠠᠴᠠᠬᠤ ᠳᠤ ᠳᠠᠭᠠᠬᠤ ᠴᠢᠳᠠᠪᠤᠷᠢ ᠶᠢ ᠰᠢᠯᠭᠠᠨ ᠪᠠᠶᠢᠴᠠᠭᠠᠬᠤ ᠪᠠ ᠴᠢᠩᠭᠠᠷᠠᠭᠤᠯᠬᠤ ᠶᠢᠨ ᠬᠠᠮᠲᠤ | ᠰᠣᠷᠢᠯᠲᠠ ᠶᠢᠨ ᠳ᠋ᠦᠩᠨᠡᠨ ᠦᠨᠡᠯᠡᠨ ᠵᠢᠱᠢᠬᠦ ᠪᠠᠷ ᠳᠠᠮᠵᠢᠭᠤᠯᠤᠨ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠦᠯ ᠢᠶᠠᠨ ᠳᠡᠭᠦᠯᠳᠡᠷᠵᠢᠭᠦᠯᠦᠨ᠎ᠡ᠃ | 7.3 ᠪᠡᠯᠡᠳᠬᠡᠯ ᠲᠥᠰᠦᠯ ᠢ ᠲᠣᠭᠲᠠᠭᠠᠬᠤ ᠪᠠ ᠬᠡᠷᠡᠭᠵᠢᠭᠦᠯᠬᠦ | ᠲᠤᠰ ᠪᠡᠯᠡᠳᠬᠡᠯ ᠲᠥᠰᠦᠯ ᠢ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠠᠴᠠ ᠲᠣᠭᠲᠠᠭᠠᠵᠤ᠂ ᠲᠤᠭᠤᠷᠢᠭ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ | ᠳᠠᠷᠠᠭ᠎ᠠ᠂ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠲᠤᠭᠤᠷᠢᠭ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠬᠠᠷᠢᠭᠤᠴᠠᠨ ᠲᠠᠶᠢᠯᠪᠤᠷᠢᠯᠠᠬᠤ ᠪᠠ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠲᠤᠭᠤᠷᠢᠭ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠡᠯ᠎ᠡ | ᠰᠤᠮᠤ ᠰᠢᠶᠠᠩ ᠪᠠᠯᠭᠠᠰᠤ ( ᠬᠦᠷᠢᠶᠡᠯᠡᠩ ᠲᠣᠭᠤᠷᠢᠭ᠂ ᠵᠡᠭᠡᠯᠢ ᠭᠤᠳᠤᠮᠵᠢ ) ᠶᠢᠨ ᠠᠷᠠᠳ ᠤᠨ ᠵᠠᠰᠠᠭ ᠤᠨ ᠣᠷᠳᠣᠨ | ( ᠬᠠᠮᠢᠶᠠᠷᠤᠯᠲᠠ ᠶᠢᠨ ᠵᠥᠪᠯᠡᠯ᠂ ᠬᠡᠷᠡᠭ ᠡᠷᠬᠢᠯᠡᠬᠦ ᠭᠠᠵᠠᠷ ) ᠨᠢ ᠲᠤᠰ ᠪᠡᠯᠡᠳᠬᠡᠯ ᠲᠥᠰᠦᠯ ᠤᠨ ᠲᠣᠭᠲᠠᠭᠠᠯ | ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠬᠠᠮᠲᠤ ᠵᠣᠬᠢᠴᠠᠩᠭᠤᠶ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ ᠢ ᠳᠣᠭᠲᠠᠭᠠᠨ᠎ᠠ᠃ | ᠲᠣᠰ ᠪᠡᠯᠡᠳᠬᠡᠯ ᠲᠥᠰᠦᠯ ᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ᠤᠤᠯ ᠤᠨ | ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠳᠠᠷᠤᠮᠠᠯᠯᠠᠨ | ᠶᠠᠪᠤᠭᠤᠯᠤᠭᠰᠠᠨ《ᠵᠢᠦ ᠶᠤᠸᠠᠨ ᠲᠣᠭᠤᠷᠢᠭ ᠤᠨ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠦᠯ ( ᠵᠠᠰᠠᠪᠤᠷᠢ ᠣᠷᠣᠭᠤᠯᠤᠭᠰᠠᠨ ) 》( ᠪᠤᠭᠤᠲᠤ ᠵᠢᠦ ᠶᠤᠸᠠᠨ ᠵᠠᠰᠠᠭ ᠠᠯᠪᠠᠨ | ᠲᠠᠷᠬᠠᠭᠠᠭᠰᠠᠨ〔2020〕 72 ᠳ᠋ᠤᠭᠠᠷ ᠲᠣᠭᠠᠲᠤ ) ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃ | | | | |