ᠵᠢᠥ ᠶᠤᠸᠠᠨ ᠲᠣᠭᠤᠷᠢᠭ ᠤᠨ ᠭᠤᠣᠯᠳᠠᠯᠭ᠎ᠠ ᠲᠠᠢ ᠭᠠᠳᠠᠭᠠᠳᠤ ᠠᠷᠠᠯᠵᠢᠶᠠᠨ ᠤ ᠬᠢᠨᠠᠨ ᠡᠵᠡᠮᠳᠡᠬᠦ ᠠᠵᠤ | ᠠᠬᠤᠶᠢᠯᠠᠯ 24 ᠪᠠᠶᠢᠵᠤ᠂ 1 - 2 ᠰᠠᠷ᠎ᠠ ᠳᠤ ᠭᠠᠳᠠᠭᠠᠳᠤ ᠠᠷᠠᠯᠵᠢᠶᠠᠨ ᠤ ᠪᠣᠳᠠᠲᠤ ᠠᠮᠵᠢᠯᠲᠠ ᠣᠯᠣᠭᠰᠠᠨ ᠠᠵᠤ | ᠠᠬᠤᠶᠢᠯᠠᠯ 11 ᠪᠠᠶᠢᠵᠤ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ | ᠲᠤᠭ᠎ᠠ 36360.86 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 11% | ᠨᠡᠮᠡᠭᠳᠡᠪᠡ᠃ ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠠᠵᠤ ᠠᠬᠤᠶᠢᠯᠠᠯ 3 ᠪᠠᠶᠢᠵᠤ᠂ ᠭᠤᠣᠯ ᠪᠣᠯᠬᠤ | ᠪᠦᠲᠦᠭᠡᠭᠳᠡᠬᠦᠨ ᠳᠤ ᠨᠡᠭᠦᠷᠡᠰᠦ᠂ ᠵᠠᠰᠠᠯ ᠴᠢᠮᠡᠭ ᠤᠨ ᠡᠳ᠋᠂ ᠭᠠᠳᠠᠭᠠᠳᠤ ᠳᠤ ᠭᠠᠷᠭᠠᠬᠤ ᠴᠢᠭᠯᠡᠯ ᠨᠢ ᠭᠤᠣᠯᠳᠠᠭᠤ | ᠮᠣᠩᠭᠤᠯ ᠵᠡᠷᠭᠡ ᠭᠠᠵᠠᠷ ᠣᠷᠣᠨ ᠤ ᠤᠯᠤᠰ ᠪᠠᠶᠢᠵᠤ᠂ ᠭᠠᠳᠠᠭᠠᠳᠤ ᠠᠴᠠ ᠣᠷᠣᠭᠤᠯᠤᠭᠰᠠᠨ ᠠᠷᠠᠯᠵᠢᠶ᠎ᠠ ᠶᠢᠨ ᠬᠡᠮᠵᠢᠶ᠎ᠡ | 9972.894 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1159% ᠨᠡᠮᠡᠭᠳᠡᠪᠡ︔ | ᠭᠠᠳᠠᠭᠠᠳᠤ ᠳᠤ ᠭᠠᠷᠭᠠᠭᠰᠠᠨ ᠠᠵᠤ ᠠᠬᠤᠶᠢᠯᠠᠯ 8 ᠪᠠᠶᠢᠵᠤ᠂ ᠭᠤᠣᠯ ᠪᠣᠯᠬᠤ ᠪᠦᠲᠦᠭᠡᠭᠳᠡᠬᠦᠨ ᠳᠤ ᠪᠥᠭᠡᠭᠡᠨᠡᠷᠡᠯ | ᠫᠷᠣᠫᠧᠨ᠂ ᠪᠥᠭᠡᠭᠡᠨᠡᠷᠡᠯ ᠡᠲ᠋ᠧᠨ᠂ ᠣᠯᠠᠨ ᠲᠠᠯᠠᠰᠲᠤ ᠴᠠᠬᠢᠭᠤᠷ ᠵᠡᠷᠭᠡ ᠶᠢ ᠪᠠᠭᠲᠠᠭᠠᠵᠤ᠂ ᠭᠠᠳᠠᠭᠠᠳᠤ ᠳᠤ ᠭᠠᠷᠭᠠᠬᠤ | ᠴᠢᠭᠯᠡᠯ ᠨᠢ ᠭᠤᠣᠯᠳᠠᠭᠤ ᠺᠣᠷᠢᠶᠠ᠂ ᠶᠠᠫᠣᠨ ᠵᠡᠷᠭᠡ ᠭᠠᠵᠠᠷ ᠪᠠᠶᠢᠵᠤ᠂ ᠭᠠᠳᠠᠭᠠᠳᠤ ᠳᠤ ᠭᠠᠷᠭᠠᠭᠰᠠᠨ ᠠᠷᠠᠯᠵᠢᠶ᠎ᠠ ᠶᠢᠨ | ᠬᠡᠮᠵᠢᠶ᠎ᠡ ᠨᠢ 26387.97 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 63% | ᠨᠡᠮᠡᠭᠳᠡᠪᠡ᠃ | ᠳᠡᠭᠡᠷ᠎ᠡ ᠨᠢᠭᠡ ᠵᠢᠯ ᠤᠨ ᠬᠢ ᠲᠠᠢ ᠬᠠᠷᠢᠴᠠᠭᠤᠯᠪᠠᠯ ᠰᠢᠨ᠎ᠡ ᠪᠠᠷ 2 ᠭᠠᠳᠠᠭᠠᠳᠤ ᠠᠷᠠᠯᠵᠢᠶᠠᠨ ᠤ ᠠᠵᠤ | ᠠᠬᠤᠶᠢᠯᠠᠯ ᠲᠠᠢ ᠪᠣᠯᠵᠤ᠂ ᠭᠤᠶᠤᠯᠠᠯ ᠤᠨ ᠡᠳ᠋᠂ ᠪᠥᠭᠡᠭᠡᠨᠡᠷᠡᠯ ᠡᠲ᠋ᠧᠨ ᠤ ᠨᠢᠮᠭᠡᠨ ᠪᠦᠷᠬᠦᠭᠦᠯ ᠵᠡᠷᠭᠡ ᠶᠢ ᠡᠵᠡᠩᠨᠡᠵᠦ᠂ | 1 - 2 ᠰᠠᠷ᠎ᠠ ᠳᠤ 338 ᠲᠦᠮᠡᠨ ᠲᠥᠭᠦᠷᠢᠭ ᠤᠨ ᠭᠠᠳᠠᠭᠠᠳᠤ ᠠᠷᠠᠯᠵᠢᠶᠠᠨ ᠤ ᠲᠤᠭ᠎ᠠ ᠶᠢ ᠰᠢᠨ᠎ᠡ ᠪᠠᠷ | ᠨᠡᠮᠡᠭᠳᠡᠭᠦᠯᠪᠡ᠃ | ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠭᠠᠳᠠᠭᠰᠢ | ᠴᠢᠭᠯᠡᠭᠦᠯᠦᠭᠰᠡᠨ ᠠᠵᠤ ᠠᠬᠤᠶ ᠶᠢᠨ ᠦᠢᠯᠡᠴᠢᠯᠡᠭᠡ ᠶᠢ ᠦᠷᠭᠦᠯᠵᠢᠯᠡᠨ ᠰᠠᠶᠢᠲᠤᠷ ᠬᠢᠵᠦ᠂ ᠭᠠᠳᠠᠭᠠᠳᠤ | ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ᠬᠥᠲᠥᠯᠦᠨ | ᠵᠢᠯᠣᠭᠤᠳᠴᠤ ᠵᠣᠷᠢᠭᠵᠢᠭᠤᠯᠵᠤ᠂ ᠠᠷᠠᠯᠵᠢᠶᠠᠨ ᠤ ᠬᠡᠪᠴᠢᠶ᠎ᠡ ᠶᠢ ᠥᠷᠭᠡᠳᠬᠡᠨ᠎ᠡ᠃ ᠬᠠᠷᠢᠶ᠎ᠠ ᠣᠷᠣᠨ ᠤ ᠠᠵᠤ | ᠠᠬᠤᠶᠢᠯᠠᠯ ᠢ ᠵᠣᠬᠢᠶᠠᠨ ᠪᠠᠶᠢᠭᠤᠯᠤᠨ ᠡᠯ᠎ᠡ ᠲᠥᠷᠥᠯ ᠤᠨ ᠦᠵᠡᠰᠬᠦᠯᠡᠩ ᠤᠨ ᠲᠠᠪᠴᠠᠩ ᠢ ᠭᠦᠢᠴᠡᠳ ᠠᠰᠢᠭᠯᠠᠵᠤ᠂ | ᠭᠠᠳᠠᠭᠠᠳᠤ ᠠᠷᠠᠯᠵᠢᠶᠠᠨ ᠤ ᠬᠦᠷᠢᠶ᠎ᠡ ᠴᠠᠷᠠᠭ᠎ᠠ ᠶᠢ ᠲᠠᠰᠤᠷᠠᠯᠲᠠ ᠥᠬᠡᠶ ᠥᠷᠭᠡᠳᠬᠡᠨ᠂ ᠲᠥᠷᠥ ᠶᠢᠨ ᠪᠣᠳᠣᠯᠭ᠎ᠠ ᠶᠢᠨ | ᠰᠤᠷᠤᠯᠴᠠᠯᠭ᠎ᠠ ᠶᠢ ᠴᠢᠩᠭᠠᠳᠬᠠᠵᠤ᠂ ᠳᠣᠲᠣᠭᠠᠳᠤ ᠠᠷᠠᠯᠵᠢᠶᠠᠨ ᠤ ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ | ᠲᠤᠬᠠᠶᠢᠯᠠᠭᠰᠠᠨ ᠠᠵᠢᠯ ᠢᠶᠠᠨ ᠥᠷᠭᠡᠳᠬᠡᠨ᠂ ᠣᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠬᠦ ᠶᠢ ᠵᠣᠷᠢᠭᠵᠢᠭᠤᠯᠤᠨ᠎ᠠ᠃ | | | | | | | | | | | |