2025 ᠣᠨ ᠳᠤ ᠵᠢᠥ ᠶᠤᠸᠠᠨ ᠲᠣᠭᠤᠷᠢᠭ ᠤᠨ ᠦᠨ᠎ᠡ ᠬᠠᠩᠰᠢ ᠶᠢᠨ ᠠᠵᠢᠯ ᠢ ᠦᠨᠡᠨ ᠬᠦ ᠰᠠᠶᠢᠲᠤᠷ | ᠬᠢᠬᠦ ᠶᠢᠨ ᠲᠥᠯᠥᠭᠡ᠂ ᠵᠢᠥ ᠶᠤᠸᠠᠨ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠪᠦᠬᠦ ᠲᠠᠯ᠎ᠠ ᠳᠤ ᠦᠢᠯᠡᠴᠢᠯᠡᠬᠦ ᠪᠠᠷ ᠦᠨᠳᠦᠰᠦᠨ ᠡᠭᠦᠷᠭᠡ ᠪᠣᠯᠭᠠᠵᠤ᠂ ᠬᠤᠷᠸ᠎ᠠ ᠳᠤᠬᠢᠷᠠᠭᠤᠯᠤᠯ ᠡᠵᠡᠮᠳᠡᠯ ᠪᠠ ᠦᠨ᠎ᠡ | ᠬᠠᠩᠰᠢ ᠶᠢᠨ ᠬᠠᠮᠢᠶᠠᠷᠤᠯᠲᠠ ᠶᠢᠨ ᠵᠥᠪᠯᠡᠭᠴᠢ ᠲᠤᠰᠠᠯᠠᠭᠴᠢ ᠪᠤᠯᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠵᠤ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠪᠡ᠃ | ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠨ᠎ᠡ ᠬᠠᠩᠰᠢ ᠶᠢᠨ | ᠥᠭᠡᠷᠡᠴᠢᠯᠡᠯᠲᠡ ᠶᠢᠨ ᠠᠵᠢᠯ ᠳᠤ ᠨᠠᠩ ᠰᠠᠶᠢᠨ ᠠᠭᠤᠰᠤᠯᠴᠠᠨ᠎ᠠ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠦᠨ᠎ᠡ | ᠬᠠᠩᠰᠢ ᠶᠢᠨ ᠥᠭᠡᠷᠡᠴᠢᠯᠡᠯᠲᠡ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠦᠵᠡᠯ ᠰᠠᠨᠠᠭ᠎ᠠ᠂ | ᠦᠵᠡᠯ ᠤᠬᠠᠮᠰᠠᠷ ᠤᠨ ᠲᠠᠯ᠎ᠠ ᠪᠠᠷ ᠦᠨ᠎ᠡ ᠬᠠᠩᠰᠢ ᠶᠢᠨ ᠥᠭᠡᠷᠡᠴᠢᠯᠡᠯᠲᠡ ᠲᠠᠢ ᠠᠭᠤᠰᠤᠯᠴᠠᠭᠤᠯᠵᠤ᠂ ᠦᠨ᠎ᠡ | ᠬᠠᠩᠰᠢ ᠶᠢᠨ ᠥᠭᠡᠷᠡᠴᠢᠯᠡᠯᠲᠡ ᠶᠢ ᠥᠪᠡᠷ ᠤᠨ ᠢᠶᠠᠨ ᠶᠠᠪᠤᠳᠠᠯ᠂ ᠵᠠᠶᠢᠯᠠᠰᠢ ᠦᠭᠡᠢ ᠶᠠᠪᠤᠳᠠᠯ ᠪᠣᠯᠭᠠᠪᠠ᠃ | ᠬᠤᠶᠠᠷ ᠲᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠦᠨ᠎ᠡ ᠬᠠᠩᠰᠢ ᠶᠢ ᠮᠠᠭᠠᠳᠯᠠᠨ ᠲᠣᠭᠲᠠᠭᠠᠬᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ | ᠬᠡᠷᠡᠭᠲᠡᠢ᠃ ᠦᠨᠡᠨ ᠠᠴᠠ ᠵᠥᠪ ᠢ ᠡᠷᠢᠬᠦ᠂ ᠬᠠᠤᠯᠢ ᠲᠣᠭᠲᠠᠭᠠᠯ ᠢ ᠵᠢᠷᠤᠮᠯᠠᠬᠤ ᠶᠢ ᠪᠠᠷᠢᠮᠲᠠᠯᠠᠵᠤ᠂ ᠦᠨ᠎ᠡ | ᠬᠠᠩᠰᠢ ᠶᠢ ᠮᠠᠭᠠᠳᠯᠠᠨ ᠲᠣᠭᠲᠠᠭᠠᠬᠤ ᠵᠦᠢᠯᠡᠰ ᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠭᠦᠢᠴᠡᠳᠬᠡᠬᠦ ᠬᠡᠷᠡᠭᠲᠡᠢ᠃ | ᠡᠪᠳᠡᠭᠳᠡᠭᠰᠡᠨ᠂ ᠬᠤᠯᠠᠭᠠᠶᠢᠯᠠᠭᠰᠠᠨ ᠵᠡᠷᠭᠡ ᠬᠡᠷᠡᠭ ᠢ ᠵᠠᠳᠠᠯᠤᠨ ᠰᠤᠳᠤᠯᠵᠤ ᠮᠠᠭᠠᠳᠯᠠᠬᠤ ᠪᠠ ᠬᠢᠨᠠᠨ ᠬᠠᠷᠭᠤᠭᠤᠯᠵᠤ | ᠪᠣᠭᠤᠮᠲᠠ ᠰᠠᠬᠢᠬᠤ ᠶᠢ ᠴᠢᠩᠭᠠᠳᠬᠠᠵᠤ᠂ ᠵᠥᠷᠢᠴᠡᠯ ᠵᠢᠭᠤᠷᠠᠯᠳᠤᠭᠠᠨ ᠠᠴᠠ ᠵᠠᠶᠢᠯᠠᠰᠬᠢᠵᠦ᠂ ᠳᠠᠬᠢᠨ ᠬᠢᠨᠠᠬᠤ | ᠲᠦᠭᠰᠢᠭᠦᠷᠢ ᠶᠢ ᠪᠠᠭᠤᠷᠠᠭᠤᠯᠬᠤ ᠬᠡᠷᠡᠭᠲᠡᠢ᠃ ᠠᠷᠠᠳ ᠤᠨ ᠰᠢᠭᠦᠬᠦ ᠬᠤᠷᠢᠶ᠎ᠠ᠂ ᠬᠠᠤᠯᠢ ᠴᠠᠭᠠᠵᠠ ᠶᠢᠨ ᠰᠠᠯᠠᠭ᠎ᠠ | ᠮᠥᠴᠢᠷ ᠯᠦᠭᠡ ᠵᠣᠬᠢᠴᠠᠭᠤᠯᠤᠨ ᠵᠣᠯᠭᠠᠭᠤᠯᠬᠤ ᠶᠢ ᠴᠢᠩᠭᠠᠳᠬᠠᠵᠤ᠂ ᠦᠨ᠎ᠡ ᠬᠠᠩᠰᠢ ᠶᠢᠨ ᠮᠠᠷᠭᠤᠯᠳᠤᠭᠠᠨ | ᠵᠢᠭᠤᠷᠠᠯᠳᠤᠭᠠᠨ ᠢ ᠣᠯᠠᠨ ᠡᠰᠢᠳᠦ ᠡᠶᠡᠳᠡᠭᠦᠯᠬᠦ ᠠᠵᠢᠯ ᠤᠨ ᠪᠠᠶᠢᠷᠢᠰᠢᠯ ᠢ ᠪᠠᠶᠢᠭᠤᠯᠤᠨ᠎ᠠ᠃ | ᠭᠤᠷᠪᠠ ᠳᠤ᠂ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠦᠨ᠎ᠡ ᠬᠠᠩᠰᠢ ᠶᠢ ᠮᠠᠭᠠᠳᠯᠠᠨ ᠲᠣᠭᠲᠠᠭᠠᠬᠤ | ᠪᠠᠲᠤᠯᠠᠭ᠎ᠠ ᠶᠢᠨ ᠦᠢᠯᠡᠴᠢᠯᠡᠭᠡ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ︽ᠲᠤᠬᠠᠶᠢᠯᠠᠭᠰᠠᠨ ᠠᠵᠢᠯ ᠢ | ᠰᠦᠯᠵᠢᠶᠡᠨ ᠳᠤ ᠭᠠᠷᠭᠠᠬᠤ᠂ ᠲᠤᠭ᠎ᠠ ᠪᠠᠷᠢᠮᠲᠠ ᠶᠢ ᠬᠥᠮᠥᠷᠭᠡ ᠳᠤ ᠣᠷᠣᠭᠤᠯᠬᠤ︾ ᠠᠵᠢᠯ ᠢ ᠦᠷᠭᠦᠯᠵᠢᠯᠡᠨ | ᠰᠠᠶᠢᠲᠤᠷ ᠬᠢᠵᠦ᠂ ᠦᠨ᠎ᠡ ᠬᠠᠩᠰᠢ ᠶᠢ ᠮᠠᠭᠠᠳᠯᠠᠨ ᠲᠣᠭᠲᠠᠭᠠᠬᠤ ᠲᠠᠰ ᠳᠠᠷᠠᠭᠠᠯᠠᠯ ᠤᠨ ᠠᠷᠭ᠎ᠠ᠂ ᠠᠵᠢᠯ ᠤᠨ | ᠲᠦᠭᠰᠢᠭᠦᠷᠢ ᠵᠢᠴᠢ ᠬᠠᠤᠯᠢ ᠴᠠᠭᠠᠵᠠ ᠶᠢᠨ ᠬᠠᠷᠢᠭᠤᠴᠠᠯᠭ᠎ᠠ᠂ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠬᠤ᠂ ᠦᠨ᠎ᠡ | ᠬᠠᠩᠰᠢ ᠶᠢ ᠮᠠᠭᠠᠳᠯᠠᠨ ᠲᠣᠭᠲᠠᠭᠠᠬᠤ ᠪᠣᠳᠠᠲᠤ ᠶᠠᠪᠤᠳᠠᠯ ᠵᠡᠷᠭᠡ ᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ | ᠦᠨ᠎ᠡ ᠬᠠᠩᠰᠢ ᠶᠢ ᠮᠠᠭᠠᠳᠯᠠᠨ ᠲᠣᠭᠲᠠᠭᠠᠭᠰᠠᠨ ᠨᠡᠶᠢᠲᠡᠯᠢᠭ ᠬᠡᠷᠡᠭ ᠤᠨ ᠵᠢᠱᠢᠶ᠎ᠡ᠂ ᠲᠤᠷᠰᠢᠯᠭ᠎ᠠ ᠠᠷᠭ᠎ᠠ ᠪᠠ ᠦᠨ᠎ᠡ | ᠬᠠᠩᠰᠢ ᠶᠢᠨ ᠮᠠᠷᠭᠤᠯᠳᠤᠭᠠᠨ ᠤ ᠡᠶᠡᠳᠡᠭᠦᠯᠭᠡ ᠶᠢᠨ ᠨᠡᠶᠢᠲᠡᠯᠢᠭ ᠬᠡᠷᠡᠭ ᠤᠨ ᠵᠢᠱᠢᠶ᠎ᠡ᠂ ᠨᠡᠶᠢᠲᠡᠯᠢᠭ ᠦᠢᠯᠡ | ᠠᠵᠢᠯᠯᠠᠭ᠎ᠠ ᠶᠢ ᠠᠭᠤᠳᠠᠯᠵᠤ᠂ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢᠨ ᠳᠡᠭᠡᠭᠰᠢᠯᠡᠯᠲᠡ ᠶᠢ ᠨᠡᠮᠡᠭᠳᠡᠭᠦᠯᠦᠨ᠎ᠡ᠃ | 2025 ᠣᠨ ᠳᠤ᠂ ᠪᠦᠬᠦ ᠭᠡᠰᠢᠭᠦᠳ ᠬᠦᠴᠦᠯᠡᠨ ᠴᠢᠷᠮᠠᠶᠢᠬᠤ ᠤᠶᠤᠨ ᠰᠠᠨᠠᠭᠠᠨ ᠤ ᠳᠦᠷᠰᠦ ᠪᠠᠶᠢᠳᠠᠯ ᠪᠣᠯᠣᠨ | ︽ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠤᠬᠠᠮᠰᠠᠷ ᠢᠶᠠᠷ ᠡᠯ᠎ᠡ ᠵᠦᠢᠯ ᠤᠨ ᠦᠨ᠎ᠡ | ᠬᠠᠩᠰᠢ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠨ᠎ᠡ ᠬᠠᠩᠰᠢ ᠶᠢᠨ ᠠᠵᠢᠯ ᠤᠨ ᠨᠡᠩ ᠶᠡᠭᠡ | ᠠᠮᠵᠢᠯᠲᠠ ᠣᠯᠬᠤ ᠶᠢ ᠠᠬᠢᠭᠤᠯᠤᠨ᠎ᠠ᠃ | | | | | | | | |