ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠤᠯᠤᠰ ᠤᠨ ᠦᠮᠴᠢᠯᠡᠯ ᠤᠨ ᠺᠤᠮᠫᠠᠨᠢ ᠂ ᠰᠠᠶᠢᠬᠠᠨ ᠬᠡᠷᠡᠭ ᠡᠷᠬᠢᠯᠡᠬᠦ ᠭᠠᠵᠠᠷ ᠲᠠᠢ ᠬᠠᠮᠲᠤᠷᠠᠨ ᠠᠵᠤ ᠠᠬᠤᠶᠢᠯᠠᠯ ᠤᠨ ᠦᠢᠯᠡᠴᠢᠯᠡᠭᠡ ᠪᠠ ᠲᠥᠷᠥᠯ ᠵᠦᠢᠯ ᠢ ᠠᠬᠢᠭᠤᠯᠬᠤ ᠠᠵᠢᠯ ᠢ ᠰᠠᠶᠢᠲᠤᠷ ᠬᠢᠨ᠎ᠠ
ᠨᠡᠶᠢᠲᠡᠯᠡᠭᠰᠡᠨ ᠴᠠᠭ᠄
2025/3/11
111.jpg
    2025 ᠣᠨ ᠤ 3 ᠰᠠᠷ᠎ᠠ ᠶᠢᠨ 5  ᠤ ᠡᠳᠦᠷ᠂ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠵᠠᠩ ᠴᠧᠩ᠂  ᠲᠤᠭᠤᠷᠢᠭ ᠤᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡ ᠶᠢ ᠠᠬᠢᠭᠤᠯᠬᠤ ᠲᠥᠪ ᠤᠨ ᠳᠡᠳ᠋ ᠡᠷᠬᠢᠯᠡᠭᠴᠢ ᠬᠠᠨ ᠶᠢᠩ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠪᠤᠷᠤᠯᠠᠭᠤᠯᠭ᠎ᠠ ᠶᠢᠨ ᠺᠣᠮᠫᠠᠨᠢ ᠶᠢᠨ ᠪᠤᠭᠤᠲᠤ ᠶᠢᠨ ᠴᠢᠯᠠᠭᠤᠨ ᠲᠣᠰᠣᠨ ᠤ ᠬᠤᠪᠢᠶᠠᠷᠢ ᠺᠣᠮᠫᠠᠨᠢ ᠳᠤ ᠬᠦᠷᠴᠦ ᠲᠥᠷᠥᠯ ᠵᠦᠢᠯ ᠢ ᠠᠬᠢᠭᠤᠯᠬᠤ ᠵᠣᠯᠭᠠᠯᠴᠠᠭ᠎ᠠ ᠥᠷᠨᠢᠭᠦᠯᠵᠦ᠂ ᠤᠯᠤᠰ ᠤᠨ ᠥᠮᠴᠢᠯᠡᠯ ᠤᠨ ᠺᠣᠮᠫᠠᠨᠢ ᠶᠢᠨ ᠵᠢᠦ  ᠱᠧᠩ ᠪᠦᠯᠦᠭᠯᠡᠯ ᠬᠤᠷᠠᠯ ᠳᠤ ᠣᠷᠣᠯᠴᠠᠪᠠ᠃    ᠬᠤᠷᠠᠯ ᠠᠴᠠ ᠨᠢᠭᠡ ᠳᠤ᠂ ᠳᠤᠮᠳᠠᠳᠤ ᠤᠯᠤᠰ ᠤᠨ ᠴᠢᠯᠠᠭᠤᠨ ᠲᠤᠰᠤ ᠬᠢᠮᠢ ᠶᠢᠨ ᠠᠵᠤ ᠦᠢᠯᠡᠳᠪᠦᠷᠢ ᠶᠢᠨ ᠴᠠᠬᠢᠯᠭᠠᠨ ᠴᠡᠨᠡᠭᠯᠡᠬᠦ ᠪᠠᠭᠠᠨ᠎ᠠ ᠪᠠᠶᠢᠷᠢᠯᠠᠭᠤᠯᠬᠤ ᠶᠠᠪᠤᠳᠠᠯ ᠢ ᠰᠤᠳᠤᠯᠤᠨ᠎ᠠ᠃ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠺᠣᠮᠫᠠᠨᠢ ᠨᠢ ᠤᠯᠠᠮᠵᠢᠯᠠᠯᠲᠤ ᠲᠣᠰᠣ ᠨᠡᠮᠡᠬᠦ ᠲᠤᠬᠠᠶᠢᠯᠠᠭᠰᠠᠨ ᠠᠵᠢᠯ ᠤᠨ ᠬᠦᠷᠢᠶ᠎ᠡ ᠠᠴᠠ ᠭᠠᠳᠠᠨ᠎ᠠ᠂ ᠰᠢᠨ᠎ᠡ ᠡᠨᠧᠷᠭᠢ ᠶᠢᠨ ᠵᠠᠬ᠎ᠠ ᠳᠡᠯᠭᠡᠭᠦᠷ ᠤᠨ ᠴᠠᠬᠢᠯᠭᠠᠨ ᠴᠡᠨᠡᠭᠯᠡᠬᠦ ᠪᠠᠭᠠᠨ᠎ᠠ ᠶᠢᠨ ᠬᠡᠰᠡᠭ ᠢ ᠢᠳᠡᠪᠬᠢᠲᠡᠶ ᠪᠠᠶᠢᠷᠢᠰᠢᠭᠤᠯᠤᠨ᠎ᠠ᠃ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠪᠣᠯᠪᠠᠰᠤᠷᠠᠭᠤᠯᠤᠭᠰᠠᠨ ᠲᠣᠰᠣ ᠪᠣᠷᠣᠯᠠᠭᠤᠯᠬᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠬᠠᠷᠢᠶ᠎ᠠ ᠠᠵᠤ ᠠᠬᠤᠶᠢᠯᠠᠯ ᠤᠨ ᠦᠢᠯᠡᠴᠢᠯᠡᠭᠡᠨ ᠤ ᠠᠵᠢᠯ ᠢ ᠢᠳᠡᠪᠬᠢᠲᠡᠶ ᠰᠠᠶᠢᠲᠤᠷ ᠬᠢᠵᠦ᠂ ᠴᠢᠯᠠᠭᠤᠨ ᠲᠣᠰᠣ ᠬᠢᠮᠢ ᠶᠢᠨ ᠺᠣᠮᠫᠠᠨᠢ ᠪᠣᠯᠤᠨ ᠵᠢᠦ ᠱᠧᠩ ᠪᠦᠯᠦᠭᠯᠡᠯ ᠤᠨ ᠵᠣᠯᠭᠠᠭᠤᠯᠤᠨ ᠨᠡᠪᠲᠡᠷᠡᠯᠴᠡᠬᠦ ᠶᠢ ᠵᠣᠬᠢᠶᠠᠨ ᠪᠠᠶᠢᠭᠤᠯᠤᠨ᠎ᠠ᠃ ᠬᠤᠶᠠᠷ ᠲᠠᠯ᠎ᠠ ᠪᠠᠷ ᠢᠶᠠᠨ ᠥᠪᠡᠷ ᠥᠪᠡᠷ ᠤᠨ ᠪᠠᠯᠠ ᠮᠥᠩᠭᠦ᠂ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ᠂ ᠰᠢᠨ᠎ᠡ ᠡᠨᠧᠷᠭᠢ ᠶᠢᠨ ᠴᠠᠬᠢᠯᠭᠠᠨ ᠴᠡᠨᠡᠭᠯᠡᠬᠦ ᠪᠠᠭᠠᠨ᠎ᠠ ᠶᠢ ᠵᠣᠬᠢᠰᠲᠠᠶ ᠬᠤᠪᠢᠶᠠᠷᠢᠯᠠᠨ ᠪᠠᠶᠢᠭᠤᠯᠵᠤ᠂ ᠮᠠᠨ ᠤ ᠲᠤᠭᠤᠷᠢᠭ ᠤᠨ ᠰᠢᠨ᠎ᠡ ᠡᠨᠧᠷᠭᠢ ᠶᠢᠨ ᠦᠢᠯᠡᠰ ᠤᠨ ᠬᠥᠭᠵᠢᠯᠲᠡ ᠳᠤ ᠬᠠᠮᠲᠤ ᠪᠠᠷ ᠬᠦᠴᠦ ᠨᠡᠮᠡᠷᠢᠯᠡᠨ᠎ᠡ ᠭᠡᠵᠦ ᠢᠯᠡᠳᠬᠡᠪᠡ᠃   ᠬᠤᠶᠠᠷ ᠲᠤ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠪᠠᠷ ᠪᠠᠶᠢᠭᠤᠯᠬᠤ ᠲᠣᠰᠣ ᠨᠡᠮᠡᠬᠦ ᠥᠷᠲᠡᠭᠡ ᠶᠢᠨ ᠤᠴᠢᠷ ᠶᠠᠪᠤᠳᠠᠯ ᠢ ᠵᠥᠪᠳᠡᠨ ᠶᠠᠷᠢᠯᠴᠠᠨ᠎ᠠ᠃ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠺᠣᠮᠫᠠᠨᠢ ᠶᠢᠨ ᠮᠠᠨ ᠤ ᠲᠤᠭᠤᠷᠢᠭ ᠲᠤ ᠲᠣᠰᠣ ᠨᠡᠮᠡᠬᠦ ᠥᠷᠲᠡᠭᠡ ᠪᠠᠶᠢᠭᠤᠯᠬᠤ ᠲᠥᠷᠥᠯ ᠵᠦᠢᠯ ᠢ ᠢᠳᠡᠪᠬᠢᠲᠡᠶ ᠳᠡᠮᠵᠢᠵᠦ᠂ ᠬᠡᠷᠡᠭᠯᠡᠭᠡ ᠶᠢ ᠤᠯᠠᠮ ᠨᠢᠭᠡ ᠠᠯᠬᠤᠮ ᠳᠠᠶᠢᠴᠢᠯᠠᠭᠰᠠᠨ ᠪᠥᠭᠡᠳ ᠳᠥᠷᠪᠡᠨ ᠥᠷᠲᠡᠭᠡ ᠪᠠᠶᠢᠭᠤᠯᠬᠤ ᠭᠠᠵᠠᠷ ᠰᠣᠩᠭᠤᠬᠤ ᠶᠢ ᠲᠠᠨᠢᠯᠴᠠᠭᠤᠯᠵᠤ᠂ ᠬᠤᠷᠠᠯ ᠤᠨ ᠳᠠᠷᠠᠭ᠎ᠠ ᠠᠵᠤ ᠠᠬᠤᠶᠢᠯᠠᠯ ᠢ ᠳᠠᠭᠠᠭᠤᠯᠤᠨ ᠰᠢᠨ᠎ᠡ ᠬᠤᠲᠠ ᠲᠣᠭᠤᠷᠢᠭ ᠲᠤ ᠪᠠᠶᠢᠷᠢᠯᠠᠵᠤ ᠪᠠᠶᠢᠭ᠎ᠠ ᠬᠤᠶᠠᠷ ᠭᠠᠵᠠᠷ ᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃ ᠵᠢᠤ  ᠱᠧᠩ ᠪᠦᠯᠦᠭᠯᠡᠯ ᠪᠣᠯᠤᠨ ᠴᠢᠯᠠᠭᠤᠨ ᠲᠣᠰᠣ ᠬᠢᠮᠢ ᠶᠢᠨ ᠺᠣᠮᠫᠠᠨᠢ ᠲᠤᠰ ᠲᠥᠷᠥᠯ ᠵᠦᠢᠯ ᠤᠨ ᠬᠠᠮᠲᠤᠷᠠᠨ ᠠᠵᠢᠯᠯᠠᠬᠤ ᠵᠠᠭᠪᠤᠷ ᠤᠨ ᠲᠤᠬᠠᠶ ᠨᠠᠷᠢᠨ ᠶᠠᠷᠢᠯᠴᠠᠪᠠ᠃    3 ᠰᠠᠷ᠎ᠠ ᠶᠢᠨ 6  ᠤ ᠡᠳᠦᠷ᠂ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠵᠠᠩ ᠴᠧᠩ᠂ ᠲᠤᠭᠤᠷᠢᠭ ᠤᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡ ᠶᠢ ᠠᠬᠢᠭᠤᠯᠬᠤ ᠲᠥᠪ ᠤᠨ ᠳᠡᠳ᠋ ᠡᠷᠬᠢᠯᠡᠭᠴᠢ ᠬᠠᠨ ᠶᠢᠩ ᠰᠠᠶᠢᠬᠠᠨ ᠤ ᠬᠡᠷᠡᠭ ᠡᠷᠬᠢᠯᠡᠬᠦ ᠭᠠᠵᠠᠷ ᠲᠠᠢ ᠵᠣᠯᠭᠠᠭᠤᠯᠵᠤ᠂ ᠰᠠᠶᠢᠬᠠᠨ ᠤ ᠬᠠᠷᠢᠶ᠎ᠠ ᠣᠷᠣᠨ ᠤ ᠳᠣᠲᠣᠷᠠᠬᠢ ᠮᠠᠰᠢᠨ ᠲᠡᠷᠭᠡᠨ ᠤ ᠬᠤᠲᠠ᠂ ᠨᠡᠭᠦᠷᠡᠰᠦᠲᠥ᠋ᠷᠥᠭᠴᠢ ᠥᠬᠡᠶ ᠪᠡᠶᠡᠴᠢᠯᠡᠨ ᠣᠶᠢᠯᠠᠭᠠᠬᠤ ᠳᠡᠯᠭᠡᠭᠦᠷ ᠵᠡᠷᠭᠡ ᠲᠥᠷᠥᠯ ᠵᠦᠢᠯ ᠢ ᠠᠬᠢᠭᠤᠯᠬᠤ ᠲᠤᠬᠠᠶ ᠵᠥᠪᠳᠡᠯᠴᠡᠪᠡ᠃ ᠮᠠᠰᠢᠨ ᠲᠡᠷᠭᠡᠨ ᠤ ᠬᠤᠲᠠ ᠶᠢᠨ ᠲᠥᠷᠥᠯ ᠵᠦᠢᠯ ᠤᠨ ᠬᠤᠶᠠᠷ ᠲᠠᠯ᠎ᠠ ᠪᠠᠷ ᠢᠶᠠᠨ ᠡᠮᠦᠨᠡᠬᠢ ᠬᠤᠭᠤᠴᠠᠭᠠᠨ ᠳᠤ ᠨᠢᠭᠡᠨᠲᠡ ᠯᠦ ᠶᠤᠸᠠᠨ ᠵᠢᠶᠠ ᠶᠤᠸᠠᠨ ᠬᠤᠷᠢᠶᠠᠯᠠᠯ ᠤᠨ ᠬᠤᠳᠠᠯᠳᠤᠭᠠᠨ ᠤ ᠡᠷᠦᠬᠡ ᠶᠢᠨ ᠪᠠᠶᠢᠳᠠᠯ ᠢ ᠣᠶᠢᠯᠠᠭᠠᠭᠰᠠᠨ ᠰᠠᠭᠤᠷᠢᠨ ᠳᠡᠭᠡᠷ᠎ᠡ᠂ ᠬᠡᠷ ᠪᠠᠶᠢᠰᠢᠩ ᠤᠨ ᠲᠦᠷᠢᠶᠡᠰᠦᠨ ᠮᠥᠩᠭᠦ᠂ ᠴᠢᠳᠠᠮᠵᠢᠳᠤ ᠣᠷᠣᠨ ᠤ ᠪᠠᠶᠢᠷᠢᠯᠠᠭᠤᠯᠤᠯᠲᠠ᠂ ᠬᠡᠰᠡᠭ ᠣᠷᠣᠨ ᠤ ᠪᠠᠷᠠᠭᠤᠨ ᠬᠡᠰᠡᠭ ᠤᠨ ᠭᠠᠵᠠᠷ ᠰᠢᠷᠣᠶ ᠶᠢ ᠨᠡᠭᠡᠭᠡᠨ ᠠᠰᠢᠭᠯᠠᠬᠤ ᠵᠡᠷᠭᠡ ᠵᠠᠩᠭᠢᠯᠠᠭ᠎ᠠ ᠶᠢᠨ ᠠᠰᠠᠭᠤᠳᠠᠯ ᠤᠨ ᠲᠤᠬᠠᠶ ᠤᠯᠠᠮ ᠨᠢᠭᠡ ᠠᠯᠬᠤᠮ ᠨᠡᠪᠲᠡᠷᠡᠯᠴᠡᠵᠦ᠂ ᠲᠥᠷᠥᠯ ᠵᠦᠢᠯ ᠢ ᠲᠦᠷᠭᠡᠳᠬᠡᠨ ᠠᠬᠢᠭᠤᠯᠵᠤ ᠪᠣᠳᠠᠲᠤ ᠦᠷ᠎ᠡ ᠪᠦᠲᠦᠮᠵᠢ ᠤᠯᠬᠤ ᠪᠠᠷ ᠴᠢᠷᠮᠠᠶᠢᠨ᠎ᠠ᠃    ᠲᠠᠷᠠᠭᠠᠴᠢ ᠪᠠᠷ᠂  ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ《ᠤᠷᠢᠳᠴᠢᠯᠠᠨ ᠦᠢᠯᠡᠴᠢᠯᠡᠵᠦ᠂ ᠰᠠᠨᠠᠭᠠᠴᠢᠯᠠᠭ᠎ᠠ ᠠᠴᠠ ᠪᠠᠨ ᠳᠠᠭᠠᠬᠤ》ᠠᠵᠢᠯ ᠤᠨ ᠬᠠᠷᠠᠯᠲᠠ ᠪᠠᠨ ᠲᠣᠭᠲᠠᠭᠠᠵᠤ᠂ ᠬᠠᠷᠢᠶᠠᠯᠠᠵᠤ ᠪᠠᠶᠢᠭ᠎ᠠ ᠠᠵᠤ ᠠᠬᠤᠶᠢᠯᠠᠯ ᠤᠨ ᠡᠵᠡᠩᠨᠡᠯᠲᠡ ᠳᠤᠮᠳᠠ ᠲᠤᠯᠭᠠᠷᠠᠭᠰᠠᠨ ᠡᠯ᠎ᠡ ᠲᠥᠷᠥᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠤᠨ᠂ ᠲᠥᠷᠥᠯ ᠵᠦᠢᠯ ᠤᠨ ᠲᠥᠯᠥᠪᠵᠢᠭᠦᠯᠭᠡ ᠪᠠᠷ ᠬᠤᠳᠠᠯᠳᠤᠭᠠᠴᠢᠨ ᠤᠷᠢᠬᠤ᠂ ᠭᠠᠷᠳᠠᠮ  ᠭᠦᠢᠴᠡᠳᠬᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠤᠨ ᠬᠡᠷᠡᠭᠵᠢᠭᠦᠯᠬᠦ ᠳᠤ ᠬᠦᠴᠦ ᠨᠡᠮᠡᠷᠢᠯᠡᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号