| | ᠵᠢᠤ ᠶᠤᠸᠠᠨ ᠲᠣᠭᠤᠷᠢᠭ ᠤᠨ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢᠨ | ᠦᠢᠯᠡᠴᠢᠯᠡᠭᠡᠨ ᠤ ᠲᠥᠪ ᠨᠢ《ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠠᠵᠤ ᠠᠬᠤᠶᠢᠯᠠᠯ ᠤᠨ | ᠬᠦᠴᠢᠷᠳᠡᠯ ᠢ ᠰᠢᠢᠳᠪᠦᠷᠢᠯᠡᠬᠦ》ᠦᠢᠯᠡᠴᠢᠯᠡᠭᠡᠨ ᠤ ᠭᠤᠤᠯ ᠬᠥᠭ ᠠᠶᠠᠰ ᠤᠨ ᠲᠣᠭᠤᠷᠢᠨ ᠳᠤ᠂ ᠴᠢᠨᠠᠷ ᠰᠠᠶᠢᠲᠠᠶ | ᠮᠥᠩᠭᠦᠨ ᠭᠦᠢᠯᠭᠡᠭᠡᠨ ᠤ ᠬᠠᠩᠭᠠᠯᠭ᠎ᠠ ᠪᠠᠷ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠥᠨᠳᠥᠷ | ᠪᠦᠲᠦᠮᠵᠢᠲᠡᠶ ᠬᠡᠷᠡᠭᠴᠡᠭᠡ ᠶᠢ ᠬᠥᠭᠵᠢᠭᠡᠬᠦ ᠰᠢᠨ᠎ᠡ ᠬᠠᠭᠤᠳᠠᠰᠤ ᠶᠢ ᠲᠠᠰᠤᠷᠠᠯᠲᠠ ᠥᠬᠡᠶ ᠴᠤᠤᠷᠢᠶᠠᠲᠤᠭᠤᠯᠵᠤ᠂ ᠠᠵᠤ | ᠠᠬᠤᠶᠢᠯᠠᠯ ᠤᠨ ᠪᠤᠳᠤᠵᠤ ᠪᠠᠶᠢᠭ᠎ᠠ ᠵᠦᠢᠯ ᠢ ᠪᠤᠳᠤᠵᠤ᠂ ᠠᠵᠤ ᠠᠬᠤᠶᠢᠯᠠᠯ ᠤᠨ ᠪᠠᠴᠢᠮᠳᠠᠵᠤ ᠪᠠᠶᠢᠭ᠎ᠠ ᠵᠦᠢᠯ ᠳᠤ | ᠶᠠᠭᠠᠷᠠᠬᠤ ᠶᠢ ᠪᠠᠷᠢᠮᠲᠠᠯᠠᠵᠤ᠂ ᠲᠠᠰᠤᠷᠠᠯᠲᠠ ᠥᠬᠡᠶ ᠮᠥᠩᠭᠦᠨ ᠭᠦᠢᠯᠭᠡᠭᠡᠨ ᠤ《ᠠᠮᠢᠵᠢᠷᠠᠯ》 ᠢᠶᠠᠷ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠤᠮᠳᠠᠯᠠᠨ᠎ᠠ᠃ | ᠳᠤᠮᠳᠠᠳᠤ ᠵᠢᠶᠤᠤ ᠶᠢᠨ ᠪᠦᠯᠦᠭᠯᠡᠯ ᠤᠨ ᠬᠠᠷᠢᠭᠤᠴᠠᠯᠭᠠᠲᠠᠨ ᠤ ᠳᠠᠭᠠᠭᠤᠯᠭ᠎ᠠ ᠳᠣᠣᠷ᠎ᠠ᠂ ᠳᠤᠮᠳᠠᠳᠤ ᠵᠢᠶᠤᠤ ᠶᠢᠨ | ᠪᠦᠯᠦᠭᠯᠡᠯ ᠤᠨ ᠬᠡᠷᠡᠮ ᠳᠦᠭᠦᠷᠡᠩ ᠬᠥᠭᠵᠢᠯᠲᠡ ᠶᠢᠨ ᠲᠡᠦᠬᠡ ᠨᠢᠳᠦᠨ ᠳᠤ ᠲᠣᠳᠣᠷᠠᠵᠤ ᠪᠤᠢ᠂ ᠲᠠᠨᠢᠯᠴᠠᠭᠤᠯᠭ᠎ᠠ ᠪᠠᠷ᠂ | ᠺᠣᠮᠫᠠᠨᠢ 2021 ᠣᠨ ᠳᠤ ᠪᠠᠶᠢᠭᠤᠯᠤᠭᠳᠠᠵᠤ᠂ ᠪᠦᠲ᠋ᠠ ᠬᠤᠶᠠᠷᠴᠢ ᠬᠦᠴᠢᠯ ᠤᠨ ᠨᠡᠶᠢᠯᠡᠮᠡᠯ ᠾᠯᠣᠷᠲᠤ ᠪᠦᠲ᠋ᠠᠨ ᠤ | ᠦᠢᠯᠡᠳᠪᠦᠷᠢᠯᠡᠯ ᠤᠨ ᠲᠣᠨᠣᠭᠯᠠᠯ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠣᠯ ᠵᠢᠦ ᠶᠤᠸᠠᠨ | ᠲᠣᠭᠤᠷᠢᠭ ᠤᠨ ᠭᠤᠣᠯᠳᠠᠯᠭ᠎ᠠ ᠲᠠᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠪᠣᠯᠤᠨ᠎ᠠ᠂ | ᠶᠡᠷᠦᠩᠬᠡᠢ ᠪᠡᠯᠡ ᠣᠷᠣᠭᠤᠯᠤᠯᠲᠠ ᠨᠢ 21 ᠳ᠋ᠦᠩᠰᠢᠭᠤᠷ ᠲᠥᠭᠦᠷᠢᠭ ᠲᠤ ᠬᠦᠷᠴᠦ᠂ ᠨᠢᠭᠡᠳᠦᠭᠡᠷ ᠬᠤᠭᠤᠴᠠᠭᠠᠨ ᠳᠤ | 9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 100 ᠮᠦ ᠭᠠᠵᠠᠷ ᠡᠵᠡᠯᠡᠵᠦ᠂ ᠵᠢᠯ ᠤᠨ ᠭᠠᠷᠤᠯᠲᠠ ᠨᠢ 1 | ᠲᠦᠮᠡᠨ ᠲᠣᠨ ᠥᠨᠳᠥᠷ ᠮᠣᠯᠧᠺᠦ᠋ᠯ ᠤᠨ ᠬᠠᠷᠢᠮᠠᠬᠠᠢ ᠴᠣᠭᠴᠠ ᠶᠢ ᠪᠠᠶᠢᠭᠤᠯᠪᠠ᠃ ᠡᠨᠡᠬᠦ ᠮᠡᠷᠭᠡᠵᠢᠯ ᠨᠢ ᠡᠨᠧᠷᠭᠢ | ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠠᠮᠤᠷ ᠲᠦᠪᠰᠢᠨ ᠣᠷᠴᠢᠨ ᠲᠣᠭᠤᠷᠢᠨ ᠢ | ᠬᠠᠮᠠᠭᠠᠯᠠᠬᠤ᠂ ᠨᠡᠭᠦᠷᠡᠰᠦᠲᠥ᠋ᠷᠥᠭᠴᠢ ᠶᠢᠨ ᠣᠷᠭᠢᠯ ᠳᠤ ᠬᠥᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠳᠤ | ᠬᠦᠴᠦᠨ ᠨᠡᠮᠡᠷᠢᠯᠡᠬᠦ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠨᠢ ᠠᠵᠤ ᠦᠢᠯᠡᠰ ᠤᠨ ᠬᠤᠭᠤᠰᠣᠨ ᠢ | ᠨᠥᠬᠦᠪᠥᠷᠢᠯᠡᠭᠰᠡᠨ ᠢᠶᠠᠷ ᠪᠠᠷᠠᠬᠤ ᠥᠬᠡᠶ᠂ ᠪᠠᠰᠠ ᠤᠯᠤᠰ ᠤᠨ ᠭᠠᠳᠠᠭᠠᠳᠤ ᠶᠢᠨ ᠦᠢᠯᠡᠳᠪᠦᠷᠢᠯᠡᠭᠴᠢᠳ ᠤᠨ ᠮᠠᠨ ᠤ | ᠤᠯᠤᠰ ᠤᠨ ᠾᠯᠣᠷᠲᠤ ᠪᠦᠲ᠋ᠠ ᠰᠢᠶᠠᠩᠵᠢᠶᠤᠤ ᠶᠢᠨ ᠳᠡᠭᠡᠳᠦ ᠲᠠᠰ ᠤᠨ ᠵᠠᠬ᠎ᠠ ᠳᠡᠯᠭᠡᠭᠦᠷ ᠢ ᠭᠠᠭᠴᠠᠭᠠᠷ ᠡᠵᠡᠮᠰᠢᠬᠦ ᠶᠢ | ᠡᠪᠳᠡᠵᠦ᠂ ᠮᠥᠨ ᠴᠦ ᠤᠯᠤᠰ ᠤᠨ ᠳᠣᠲᠣᠭᠠᠳᠤ ᠶᠢᠨ ᠠᠩᠬᠠᠳᠠᠭᠴᠢ ᠴᠢᠬᠤᠯᠠ ᠶᠡᠭᠡ ᠮᠡᠷᠭᠡᠵᠢᠯ ᠤᠨ ᠲᠣᠨᠣᠭᠯᠠᠯ | ᠪᠣᠯᠵᠣ᠂ ᠳᠤᠤᠷᠠᠳᠤ ᠤᠷᠤᠰᠬᠠᠯ ᠤᠨ ᠬᠡᠷᠡᠭᠯᠡᠭᠴᠢ ᠶᠢᠨ ᠥᠪᠡᠷ ᠤᠨ ᠥᠷᠲᠡᠭ ᠤᠨ ᠳᠠᠷᠤᠯᠲᠠ ᠶᠢ ᠪᠦᠲᠦᠮᠵᠢᠲᠡᠶ | ᠨᠠᠮᠳᠠᠭᠤᠯᠬᠤ ᠶᠢᠨ ᠬᠠᠮᠲᠤ᠂ ᠨᠡᠶᠢᠯᠡᠯᠭᠡ ᠭᠤᠮ ᠤᠨ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠳᠤ ᠴᠢᠬᠤᠯᠠ | ᠠᠴᠢ ᠬᠤᠯᠪᠣᠭᠳᠠᠯ ᠲᠠᠢ ᠶᠤᠮ᠃ | | | | | |