ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠢᠳᠡᠪᠬᠢᠲᠡᠶ ᠪᠠᠷ ᠬᠡᠮᠵᠢᠶ᠎ᠡ ᠶᠢ ᠬᠢᠵᠠᠭᠠᠷᠯᠠᠬᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠶᠢᠨ ᠨᠡᠮᠡᠭᠳᠡᠯ ᠢ ᠠᠭᠤᠳᠠᠯᠠᠨ᠎ᠠ
ᠨᠡᠶᠢᠲᠡᠯᠡᠭᠰᠡᠨ ᠴᠠᠭ᠄
2025/3/11
    ᠵᠢᠤ ᠶᠤᠸᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠬᠠᠷᠠᠯᠲᠠ ᠡᠭᠦᠷᠭᠡ ᠪᠠᠨ ᠴᠢᠩᠭ᠎ᠠ ᠠᠩᠬᠠᠷᠴᠤ᠂ ᠪᠥᠬᠦ ᠲᠤᠭᠤᠷᠢᠭ ᠤᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠷᠠᠯᠵᠢᠶ᠎ᠠ ᠭᠦᠢᠯᠭᠡᠭᠡᠨ ᠤ ᠠᠵᠤ ᠠᠬᠤᠶᠢᠯᠠᠯ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠶᠢᠨ ᠨᠠᠮᠡᠭᠳᠡᠯ ᠢ ᠴᠢᠩᠭ᠎ᠠ ᠠᠳᠬᠤᠵᠤ᠂ 3 ᠰᠠᠷ᠎ᠠ ᠶᠢᠨ 1  ᠤ ᠡᠳᠦᠷ ᠠᠴᠠ 3 ᠰᠠᠷ᠎ᠠ ᠶᠢᠨ 7  ᠤ ᠡᠳᠦᠷ ᠪᠣᠯᠲᠠᠯ᠎ᠠ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠪᠤᠭᠤᠲᠤ ᠶᠢᠨ ᠬᠤᠪᠢᠶᠠᠷᠢ ᠺᠣᠮᠫᠠᠨᠢ᠂ ᠨᠢᠩ ᠯᠦ ᠴᠢᠯᠠᠭᠤᠨ ᠲᠣᠰᠣᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ  ᠬᠡᠮᠵᠢᠶ᠎ᠡ ᠶᠢ ᠬᠢᠵᠠᠭᠠᠷᠯᠠᠬᠤ ᠭᠤᠤᠯᠳᠠᠯᠭ᠎ᠠ ᠲᠠᠢ ᠠᠵᠤ ᠠᠬᠤᠶᠢᠯᠠᠯ ᠢ ᠡᠷᠦᠬᠡ ᠳᠠᠷᠠᠭᠠᠯᠠᠨ ᠰᠤᠷᠪᠤᠯᠵᠢᠯᠠᠵᠤ᠂ ᠬᠡᠮᠵᠢᠶ᠎ᠡ ᠶᠢ ᠬᠢᠵᠠᠭᠠᠷᠯᠠᠬᠤ ᠠᠷᠠᠯᠵᠢᠶ᠎ᠠ ᠭᠦᠢᠯᠭᠡᠭᠡᠨ ᠤ ᠠᠵᠤ ᠠᠬᠤᠶᠢᠯᠠᠯ ᠢ ᠪᠦᠷᠢᠳᠬᠡᠨ ᠲᠤᠭ᠎ᠠ ᠮᠡᠳᠡᠭᠦᠯᠬᠦ ᠠᠵᠢᠯ ᠢ ᠪᠣᠳᠠᠲᠠᠶᠢᠵᠢᠭᠤᠯᠵᠤ᠂ ᠪᠦᠬᠦᠨ ᠢ ᠪᠦᠷᠢᠳᠬᠡᠬᠦ ᠶᠢ ᠦᠨᠡᠨ ᠬᠦ ᠪᠠᠲᠤᠯᠠᠨ᠎ᠠ᠃    ᠰᠦᠯᠵᠢᠶ᠎ᠡ ᠪᠠᠨ ᠬᠠᠭᠠᠬᠤ ᠪᠣᠯᠲᠠᠯ᠎ᠠ᠂ ᠮᠠᠨ ᠤ ᠲᠤᠭᠤᠷᠢᠭ ᠤᠨ 2 ᠰᠠᠷ᠎ᠠ ᠶᠢᠨ ᠬᠡᠮᠵᠢᠶ᠎ᠡ ᠶᠢ ᠬᠢᠵᠠᠭᠠᠷᠯᠠᠬᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠪᠥᠬᠦ ᠲᠤᠭ᠎ᠠ 2.66 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 19.0 % ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠠᠳᠠᠯᠢ ᠬᠤᠭᠤᠴᠠᠭᠠᠨ ᠤ ᠬᠢ ᠠᠴᠠ 3 ᠵᠠᠭᠤᠨ ᠤ ᠴᠡᠭ ᠳᠡᠭᠡᠭᠰᠢᠯᠡᠪᠡ︔ 1-2 ᠰᠠᠷ᠎ᠠ ᠳᠤ ᠬᠡᠮᠵᠢᠶ᠎ᠡ ᠶᠢ ᠬᠢᠵᠠᠭᠠᠷᠯᠠᠬᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ ᠶᠢ 5.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.75 % ᠪᠠᠷ ᠨᠡᠮᠡᠭᠳᠡᠨ᠂ ᠨᠡᠮᠡᠭᠳᠡᠯ ᠣᠨ ᠬᠤᠷᠳᠤᠴᠠ ᠨᠢ ᠠᠳᠠᠯᠢ ᠬᠤᠭᠤᠴᠠᠭᠠᠨ ᠤ ᠬᠢ ᠠᠴᠠ 2.2 ᠵᠠᠭᠤᠨ ᠤ ᠬᠤᠪᠢ ᠳᠡᠭᠡᠭᠰᠢᠯᠡᠪᠡ᠃ ᠰᠢᠨ᠎ᠡ ᠪᠠᠷ ᠨᠡᠮᠡᠭᠳᠡᠭᠰᠡᠨ ᠬᠡᠮᠵᠢᠶ᠎ᠡ ᠶᠢ ᠬᠢᠵᠠᠭᠠᠷᠯᠠᠬᠤ 16 ᠡᠷᠦᠬᠡ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠠᠵᠤ ᠠᠬᠤᠶᠢᠯᠠᠯ ᠨᠡᠶᠢᠲᠡ 1774 ᠲᠦᠮᠡᠨ ᠬᠤᠪᠢ ᠨᠡᠮᠡᠷᠢ ᠦᠵᠡᠭᠦᠯᠵᠡᠶ᠃    ᠲᠠᠷᠠᠭᠠᠴᠢ ᠪᠠᠷ᠂ ᠮᠠᠨ ᠤ ᠲᠣᠪᠴᠢᠶ᠎ᠠ《ᠬᠤᠶᠠᠷ ᠰᠢᠨ᠎ᠡ》 ᠶᠢᠨ ᠤᠳᠤᠷᠢᠳᠤᠮᠵᠢ ᠶᠢ ᠦᠷᠭᠦᠯᠵᠢᠯᠡᠨ ᠪᠠᠷᠢᠮᠲᠠᠯᠠᠵᠤ᠂《ᠵᠡᠭᠡᠯᠢ ᠴᠡᠪᠡᠷᠯᠡᠵᠦ ᠬᠡᠪᠴᠢᠶ᠎ᠡ ᠶᠢ ᠥᠷᠭᠡᠳᠬᠡᠬᠦ》ᠠᠵᠢᠯᠯᠠᠭ᠎ᠠ ᠥᠷᠨᠢᠭᠦᠯᠦᠨ᠂ ᠬᠥᠭᠵᠢᠯᠲᠡ ᠶᠢᠨ ᠳᠠᠯᠳᠠ ᠬᠦᠴᠦᠨ ᠢᠶᠠᠷ ᠰᠠᠶᠢᠨ᠂ ᠬᠡᠪᠴᠢᠶ᠎ᠡ ᠪᠠᠷ ᠨᠡᠯᠢᠶᠡᠳ ᠶᠡᠭᠡ ᠠᠷᠠᠯᠵᠢᠶᠠᠨ ᠤ ᠠᠵᠤ ᠠᠬᠤᠶᠢᠯᠠᠯ ᠢ ᠤᠯᠠᠮ ᠨᠢᠭᠡ ᠠᠯᠬᠤᠮ ᠠᠭᠤᠳᠠᠯᠵᠤ᠂ ᠲᠠᠰᠤᠷᠠᠯᠲᠠ ᠥᠬᠡᠶ ᠰᠤᠷᠪᠤᠯᠵᠢᠯᠠᠨ ᠪᠠᠶᠢᠴᠠᠭᠠᠨ ᠰᠤᠳᠤᠯᠬᠤ ᠪᠠᠷ ᠳᠡᠮᠵᠢᠨ ᠠᠵᠤ ᠠᠬᠤᠶᠢᠯᠠᠯ ᠤᠨ ᠡᠵᠡᠩᠨᠡᠯᠲᠡ ᠳᠠᠬᠢ ᠬᠦᠴᠢᠷ ᠠᠰᠠᠭᠤᠳᠠᠯ ᠢ ᠰᠢᠢᠳᠪᠦᠷᠢᠯᠡᠵᠦ᠂  ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠨᠡᠮᠡᠭᠳᠡᠬᠦ ᠪᠠᠶᠢᠳᠠᠯ ᠢ ᠲᠠᠰᠤᠷᠠᠯᠲᠠ ᠥᠬᠡᠶ ᠠᠭᠤᠳᠠᠯᠤᠨ᠂ ᠰᠠᠷ᠎ᠠ ᠪᠦᠷᠢ ᠲᠤᠭ᠎ᠠ ᠮᠡᠳᠡᠭᠦᠯᠬᠦ《ᠰᠡᠭᠦᠯᠴᠢ ᠶᠢᠨ ᠠᠵᠢᠯ》 ᠢ ᠰᠠᠶᠢᠲᠤᠷ ᠬᠢᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号