ᠯᠢᠦ ᠵᠢᠶᠦ᠋ᠨ ᠢ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/3/12
    3 ᠰᠠᠷ᠎ᠠ ᠶᠢᠨ 11 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠵᠢᠶᠦ᠋ᠨ ᠢ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠤᠳᠤᠯᠪᠠ᠃    ᠯᠢᠦ ᠵᠢᠶᠦ᠋ᠨ ᠢ ᠤᠷᠢᠳ ᠬᠤᠵᠢᠳ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠪᠣᠬᠢᠷ ᠤᠰᠤᠨ ᠤ ᠬᠤᠭᠤᠯᠠᠢ ᠲᠣᠣᠷ ᠢ ᠴᠡᠭᠴᠡᠯᠡᠨ ᠵᠠᠰᠠᠬᠤ ᠲᠤᠬᠠᠢ ᠶᠢᠨ ᠲᠠᠯᠠᠪᠠᠢ᠂ ᠪᠣᠮᠪᠠ ᠶᠢᠨ ᠭᠤᠣᠯ ᠲᠣᠰᠬᠤᠨ ᠤ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠬᠦ ᠲᠤᠬᠠᠢ ᠶᠢᠨ ᠲᠠᠯᠠᠪᠠᠢ᠂ ᠪᠤᠭᠤᠲᠤ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠡᠩ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠣᠪᠣᠭᠠᠯᠠᠵᠤ ᠬᠠᠳᠠᠭᠠᠯᠠᠬᠤ ᠲᠠᠯᠠᠪᠠᠢ᠂ ᠵᠢᠥ ᠶᠤᠸᠠᠨ ᠲᠣᠭᠤᠷᠢᠭ ᠤᠨ ᠪᠠᠷᠢᠯᠭ᠎ᠠ ᠶᠢᠨ ᠬᠤᠭ ᠨᠣᠪᠰᠢ ᠶᠢ ᠣᠪᠣᠭᠠᠯᠠᠵᠤ ᠪᠤᠯᠠᠬᠤ ᠲᠠᠯᠠᠪᠠᠢ᠂ ᠤᠳᠤᠨᠬᠤᠸᠠ ᠶᠢᠨ ᠡᠯᠡᠰᠦᠨ ᠨᠦᠬᠡ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠪᠤᠯᠠᠬᠤ ᠲᠠᠯᠠᠪᠠᠢ ᠳᠤ ᠬᠦᠷᠴᠦ᠂ ᠪᠣᠬᠢᠷ ᠤᠰᠤᠨ ᠤ ᠬᠤᠭᠤᠯᠠᠢ ᠲᠣᠣᠷ ᠢ ᠴᠡᠭᠴᠡᠯᠡᠨ ᠵᠠᠰᠠᠬᠤ᠂ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠬᠦ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠳᠣᠬᠢ ᠪᠠᠶᠢᠳᠠᠯ᠂ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠳᠤ ᠰᠠᠨᠠᠯ ᠰᠠᠨᠠᠭᠤᠯᠭ᠎ᠠ ᠳᠤᠷᠠᠳᠴᠠᠢ᠃    ᠯᠢᠦ ᠵᠢᠶᠦ᠋ᠨ ᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠣᠬᠢᠴᠠᠭᠤᠯᠤᠨ ᠬᠠᠮᠲᠤᠷᠠᠯᠴᠠᠬᠤ ᠶᠢ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠴᠢᠬᠤᠯᠠ ᠴᠢᠨᠠᠷ ᠪᠣᠯᠤᠨ ᠤᠷᠳᠤ ᠬᠤᠭᠤᠴᠠᠭᠠᠲᠤ ᠴᠢᠨᠠᠷ ᠢ ᠭᠦᠢᠴᠡᠳ ᠲᠠᠨᠢᠵᠤ᠂ ᠠᠮᠢ ᠠᠬᠤᠢ ᠶᠢᠨ ᠣᠷᠴᠢᠨ ᠲᠣᠭᠤᠷᠢᠨ ᠤ ᠲᠤᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠬᠤ ᠬᠡᠷᠡᠭᠲᠡᠢ᠃ ᠪᠠᠷᠢᠯᠭ᠎ᠠ ᠶᠢᠨ ᠬᠤᠭ ᠨᠣᠪᠰᠢ ᠶᠢᠨ ᠬᠡᠪᠰᠢᠭᠰᠡᠨ ᠬᠠᠮᠢᠶᠠᠷᠤᠯᠲᠠ ᠶᠢ ᠴᠢᠩᠭᠠᠳᠬᠠᠵᠤ᠂ ᠱᠠᠭᠠᠷᠳᠠᠯᠭ᠎ᠠ ᠶᠣᠰᠣᠭᠠᠷ ᠪᠠᠷᠢᠯᠭ᠎ᠠ ᠶᠢᠨ ᠬᠤᠭ ᠨᠣᠪᠰᠢ ᠬᠠᠶᠠᠬᠤ᠂ ᠣᠪᠣᠭᠠᠯᠠᠵᠤ ᠲᠠᠯᠪᠢᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠳᠠᠷᠦ᠋ᠢᠬᠠᠨ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠵᠠᠰᠠᠵᠤ᠂ ᠪᠠᠷᠢᠯᠭ᠎ᠠ ᠶᠢᠨ ᠬᠤᠭ ᠨᠣᠪᠰᠢ ᠶᠢᠨ ᠪᠥᠬᠦ ᠬᠡᠯᠬᠢᠶ᠎ᠡ ᠶᠢᠨ ᠪᠢᠲᠡᠭᠦᠮᠵᠢᠯᠡᠭᠰᠡᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ᠃ ︽ᠮᠡᠷᠭᠡᠵᠢᠯ ᠢᠶᠠᠷ ᠰᠡᠷᠭᠡᠶᠢᠯᠡᠨ ᠡᠵᠡᠮᠳᠡᠬᠦ︾ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠪᠣᠬᠢᠷᠲᠤᠯ ᠢ ᠰᠡᠷᠭᠡᠶᠢᠯᠡᠨ ᠵᠠᠰᠠᠬᠰᠠᠨ ᠦᠷ᠎ᠡ ᠳ᠋ᠦᠩ ᠢ ᠬᠠᠮᠢᠶᠠᠷᠤᠨ ᠡᠵᠡᠮᠳᠡᠬᠦ ᠠᠴᠠ ︽ᠶᠠᠪᠤᠴᠠ ᠶᠢᠨ ᠦᠷ᠎ᠡ ᠳ᠋ᠦᠩ︾ ᠤᠨ ᠣᠨᠣᠪᠴᠢᠲᠠᠢ ᠬᠠᠮᠢᠶᠠᠷᠤᠨ ᠡᠵᠡᠮᠳᠡᠬᠦ ᠲᠡᠰᠢ ᠬᠤᠪᠢᠷᠠᠭᠤᠯᠬᠤ ᠶᠢ ᠪᠡᠶᠡᠯᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠬᠦ ᠶᠢ ᠠᠬᠢᠭᠤᠯᠬᠤ ᠬᠡᠷᠡᠭᠲᠡᠢ᠃ ᠴᠡᠭ ᠪᠠ ᠪᠦᠬᠦ ᠲᠠᠯ᠎ᠠ ᠶᠢ ᠤᠶᠠᠯᠳᠤᠭᠤᠯᠬᠤ ᠶᠢ ᠴᠢᠬᠤᠯᠠᠴᠢᠯᠠᠵᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠴᠢᠬᠤᠯᠠᠴᠢᠯᠠᠵᠤ᠂ ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠢ ᠡᠷᠢᠨ ᠣᠯᠵᠤ᠂ ᠵᠠᠩᠭᠢᠯᠠᠭ᠎ᠠ ᠶᠢᠨ ᠴᠡᠭ ᠲᠤ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠴᠤᠬᠤᠶᠢᠯᠲᠠ ᠶᠢᠨ ᠴᠢᠨᠠᠷᠲᠠᠢ ᠠᠰᠠᠭᠤᠳᠠᠯ ᠢ ᠴᠠᠭ ᠲᠤᠬᠠᠢ ᠳᠤᠨᠢ ᠠᠷᠭᠠᠴᠠᠨ ᠰᠢᠢᠳᠪᠦᠷᠢᠯᠡᠵᠦ᠂ ᠡᠯ᠎ᠡ ᠲᠦᠷᠦᠯ ᠤᠨ ᠠᠮᠢ ᠠᠬᠤᠢ ᠶᠢᠨ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠵᠤ᠂ ᠵᠢᠥ ᠶᠤᠸᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠠᠮᠢ ᠠᠬᠤᠢ ᠶᠢᠨ ᠬᠤᠷᠢᠭ᠎ᠠ ᠱᠤᠭᠤᠮ ᠢ ᠪᠠᠲᠤ ᠴᠣᠭᠴᠠᠯᠠᠬᠤ ᠬᠡᠷᠡᠭᠲᠡᠢ᠃    ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠭᠤᠣᠯ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠤᠤ ᠪᠦ᠋ ᠵᠢᠶᠦ᠋ᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ 
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号