ᠦᠢᠯᠡᠳᠬᠦ ᠦᠢᠯᠡᠰ ᠤᠨ ᠳᠠᠩ ᠵᠦᠢᠯ ᠤᠨ ᠮᠠᠩᠯᠠᠶ ᠭᠡᠳᠡᠭ ᠨᠢ ᠦᠢᠯᠡᠳᠬᠦ ᠦᠢᠯᠡᠰ ᠤᠨ ᠣᠨᠴᠠ ᠲᠣᠭᠲᠠᠭᠰᠠᠨ | ᠨᠠᠷᠢᠨ ᠬᠤᠪᠢᠶᠠᠭᠰᠠᠨ ᠬᠦᠷᠢᠶᠡᠨ ᠳᠤ ᠤᠷᠲᠤ ᠬᠤᠭᠤᠴᠠᠭ᠎ᠠ ᠪᠠᠷ ᠠᠩᠬᠠᠷᠤᠯ ᠲᠠᠯᠪᠢᠵᠤ᠂ ᠦᠢᠯᠡᠳᠪᠦᠷᠢᠯᠡᠯ ᠤᠨ | ᠮᠡᠷᠭᠡᠵᠢᠯ ᠪᠤᠶᠤ ᠤᠷ᠎ᠠ ᠮᠡᠷᠭᠡᠰᠢᠯ ᠤᠨ ᠬᠢᠷᠢ ᠬᠡᠮᠵᠢᠶ᠎ᠡ ᠪᠠᠷ ᠲᠡᠷᠢᠭᠦᠯᠡᠵᠦ᠂ ᠳᠠᠩ ᠵᠦᠢᠯ ᠤᠨ ᠦᠢᠯᠡᠳᠬᠦᠨ ᠤ ᠵᠠᠬ᠎ᠠ | ᠳᠡᠯᠭᠡᠭᠦᠷ ᠡᠵᠡᠯᠡᠬᠦ ᠨᠣᠷᠮ᠎ᠠ ᠶᠢᠨ ᠲᠡᠷᠢᠭᠦᠨ ᠳᠤ ᠣᠷᠣᠭᠰᠠᠨ ᠠᠵᠤ ᠠᠬᠤᠶᠢᠯᠠᠯ ᠢ ᠵᠢᠭᠠᠵᠤ ᠪᠠᠶᠢᠨ᠎ᠠ᠃《ᠥᠪᠥᠷ | ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠦᠢᠯᠡᠳᠬᠦ ᠦᠢᠯᠡᠰ ᠤᠨ ᠲᠠᠩ ᠵᠦᠢᠯ ᠤᠨ ᠮᠠᠩᠯᠠᠶ ᠶᠢ ᠮᠠᠭᠠᠳᠯᠠᠨ | ᠲᠣᠭᠲᠠᠭᠠᠬᠤ ᠬᠠᠮᠢᠶᠠᠷᠤᠯᠲᠠ ᠶᠢᠨ ᠠᠷᠭ᠎ᠠ》 ᠶᠢᠨ ᠱᠠᠭᠠᠷᠳᠠᠯᠭ᠎ᠠ ᠶᠢ ᠦᠨᠳᠦᠰᠦᠯᠡᠨ᠂《ᠨᠢᠭᠡ ᠪᠦᠯᠦᠭ ᠢ | ᠨᠥᠭᠡᠴᠡᠯᠡᠬᠦ᠂ ᠨᠢᠭᠡ ᠪᠦᠯᠦᠭ ᠢ ᠪᠤᠶᠢᠵᠢᠭᠤᠯᠬᠤ᠂ ᠨᠢᠭᠡ ᠪᠦᠯᠦᠭ ᠢ ᠦᠰᠭᠡᠵᠦ᠂ ᠨᠢᠭᠡ ᠪᠦᠯᠦᠭ ᠢ | ᠪᠤᠵᠠᠭᠠᠶᠢᠷᠠᠭᠤᠯᠬᠤ》ᠵᠠᠷᠴᠢᠮ ᠶᠣᠰᠣᠭᠠᠷ᠂ ᠲᠤᠭᠤᠷᠢᠭ ᠤᠨ ᠠᠵᠤ ᠦᠢᠯᠡᠳᠪᠦᠷᠢ ᠰᠢᠨᠵᠢᠯᠡᠬᠦ ᠤᠬᠠᠭᠠᠨ ᠤ | ᠲᠣᠪᠴᠢᠶ᠎ᠠ ᠪᠥᠬᠦ ᠲᠤᠭᠤᠷᠢᠭ ᠤᠨ ᠭᠤᠤᠯᠳᠠᠯᠭ᠎ᠠ ᠲᠠᠢ ᠠᠵᠤ ᠠᠬᠤᠶᠢᠯᠠᠯ᠂ ᠳᠠᠯᠳᠠ ᠬᠦᠴᠦᠨ ᠲᠠᠢ ᠠᠵᠤ ᠠᠬᠤᠶᠢᠯᠠᠯ᠂ | ᠲᠤᠰᠬᠠᠶ ᠨᠠᠷᠢᠯᠢᠭ ᠣᠨᠴᠠ ᠰᠢᠨ᠎ᠡ ᠵᠡᠷᠭᠡ ᠴᠢᠨᠠᠷ ᠰᠠᠶᠢᠲᠠᠶ ᠠᠵᠤ ᠠᠬᠤᠶᠢᠯᠠᠯ ᠤᠨ ᠨᠡᠷᠡᠰ ᠢ ᠡᠮᠬᠢᠯᠡᠨ ᠳᠢᠭᠯᠡᠵᠦ᠂ | ᠵᠢᠤ ᠶᠤᠸᠠᠨ ᠲᠤᠭᠤᠷᠢᠭ ᠤᠨ ᠦᠢᠯᠡᠳᠬᠦ ᠦᠢᠯᠡᠰ ᠤᠨ ᠲᠠᠩ ᠵᠦᠢᠯ ᠤᠨ ᠮᠠᠩᠯᠠᠶ ᠶᠢ ᠪᠤᠶᠢᠵᠢᠭᠤᠯᠬᠤ ᠬᠥᠮᠥᠷᠭᠡ | ᠪᠠᠶᠢᠭᠤᠯᠵᠤ᠂ ᠣᠲᠣ ᠪᠣᠯᠲᠠᠯ᠎ᠠ ᠨᠢᠭᠡᠨᠲᠡ 26 ᠠᠵᠤ ᠠᠬᠤᠶᠢᠯᠠᠯ ᠬᠥᠮᠥᠷᠭᠡ ᠳᠤ ᠣᠷᠣᠪᠠ᠃ ᠵᠠᠯᠭᠠᠭᠠᠳ᠂ | ᠲᠣᠭᠤᠷᠢᠭ ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ ᠳᠤᠤᠷᠠᠬᠢ ᠬᠡᠳᠦᠨ ᠲᠠᠯ᠎ᠠ ᠪᠠᠷ | ᠲᠠᠷᠠᠭᠠᠴᠢ ᠶᠢᠨ ᠠᠵᠢᠯ ᠢ ᠥᠷᠨᠢᠭᠦᠯᠬᠦ ᠪᠣᠯᠤᠨ᠎ᠠ᠃ | ᠲᠠᠷᠠᠭᠠᠴᠢ ᠪᠠᠷ᠂ ᠪᠢᠳᠡ ᠬᠥᠮᠥᠷᠭᠡ ᠳᠤ ᠪᠠᠶᠢᠭ᠎ᠠ ᠠᠵᠤ ᠠᠬᠤᠶᠢᠯᠠᠯ ᠳᠤ ᠳᠠᠩ ᠵᠦᠢᠯ ᠤᠨ ᠮᠠᠩᠯᠠᠶ ᠶᠢ | ᠭᠤᠶᠤᠴᠢᠯᠠᠨ ᠮᠡᠳᠡᠭᠦᠯᠬᠦ ᠨᠥᠬᠦᠴᠡᠯ᠂ ᠭᠤᠶᠤᠴᠢᠯᠠᠨ ᠮᠡᠳᠡᠭᠦᠯᠬᠦ ᠭᠤᠤᠯᠳᠠᠯᠭ᠎ᠠ᠂ ᠭᠤᠤᠯᠳᠠᠯᠭ᠎ᠠ ᠲᠠᠢ ᠳᠡᠮᠵᠢᠬᠦ | ᠬᠦᠷᠢᠶ᠎ᠡ ᠴᠠᠷᠠᠭ᠎ᠠ᠂ ᠭᠤᠶᠤᠴᠢᠯᠠᠨ ᠮᠡᠳᠡᠭᠦᠯᠬᠦ ᠶᠠᠪᠤᠴᠠ ᠵᠢᠴᠢ ᠠᠩᠬᠠᠷᠬᠤ ᠵᠦᠢᠯᠡᠰ ᠵᠡᠷᠭᠡ ᠶᠢ ᠢᠳᠡᠪᠬᠢᠲᠡᠶ | ᠲᠠᠶᠢᠯᠪᠤᠷᠢᠯᠠᠬᠤ ᠶᠢᠨ ᠬᠠᠮᠲᠤ᠂ ᠡᠯ᠎ᠡ ᠠᠵᠤ ᠠᠬᠤᠶᠢᠯᠠᠯ ᠤᠨ ᠪᠣᠳᠠᠲᠤ ᠪᠠᠶᠢᠳᠠᠯ ᠳᠤ ᠴᠢᠭᠯᠡᠭᠦᠯᠦᠨ ᠬᠠᠨᠳᠤᠯᠭᠠᠲᠤ | ᠴᠢᠨᠠᠷᠲᠠᠶ ᠰᠠᠨᠠᠭᠤᠯᠭ᠎ᠠ ᠬᠠᠩᠭᠠᠵᠤ᠂ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ᠠᠵᠢᠯ ᠳᠤ ᠬᠦᠴᠦᠲᠡᠶ | ᠵᠢᠯᠣᠭᠤᠳᠣᠯᠭ᠎ᠠ ᠬᠠᠩᠭᠠᠨ᠎ᠠ᠃ | ᠡᠭᠦᠨ ᠤ ᠬᠠᠮᠲᠤ ᠦᠷᠭᠦᠯᠵᠢᠯᠡᠨ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ ᠲᠠᠢ ᠵᠣᠯᠭᠠᠭᠤᠯᠵᠤ᠂ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ᠂ ᠭᠤᠶᠤᠴᠢᠯᠠᠨ ᠮᠡᠳᠡᠭᠦᠯᠬᠦ | ᠱᠠᠭᠠᠷᠳᠠᠯᠭ᠎ᠠ ᠶᠢ ᠬᠠᠮᠤᠭ ᠤᠨ ᠲᠡᠷᠢᠭᠦᠨ ᠳᠤ ᠡᠵᠡᠮᠰᠢᠵᠦ᠂ ᠵᠢᠦ ᠶᠤᠸᠠᠨ ᠲᠣᠭᠤᠷᠢᠭ ᠤᠨ ᠠᠵᠤ ᠠᠬᠤᠶᠢᠯᠠᠯ ᠤᠨ | ᠮᠡᠳᠡᠭᠡ ᠵᠠᠩᠭᠢ ᠶᠢᠨ ᠪᠠᠬᠢᠯᠡᠯᠲᠡ ᠶᠢ ᠴᠢᠷᠮᠠᠶᠢᠨ ᠡᠪᠳᠡᠵᠦ᠂ ᠠᠵᠤ ᠠᠬᠤᠶᠢᠯᠠᠯ ᠤᠨ ᠦᠢᠯᠡᠳᠬᠦ ᠦᠢᠯᠡᠰ ᠤᠨ ᠳᠠᠩ | ᠵᠦᠢᠯ ᠤᠨ ᠮᠠᠩᠯᠠᠶ ᠳᠤ ᠭᠤᠶᠤᠴᠢᠯᠠᠨ ᠮᠡᠳᠡᠭᠦᠯᠬᠦ ᠳᠤ ᠡᠮᠦᠨ᠎ᠡ ᠵᠠᠮ ᠢ ᠨᠢ ᠨᠡᠪᠲᠡᠷᠡᠭᠦᠯᠦᠨ᠎ᠡ᠃ | | | | | | |