ᠮᠢᠬᠠᠨ ᠪᠦᠲᠦᠭᠡᠭᠳᠡᠭᠦᠨ ᠤ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠪᠥᠬᠦ ᠲᠤᠭᠤᠷᠢᠭ ᠤᠨ ᠢᠳᠡᠭᠡᠨ ᠤ ᠦᠢᠯᠡᠳᠪᠦᠷᠢᠯᠡᠯ ᠤᠨ ᠭᠤᠭᠴᠣᠭᠠᠨ ᠳᠠᠬᠢ ᠮᠢᠬᠠᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠳᠡᠭᠡᠭᠰᠢᠯᠡᠭᠦᠯᠬᠦ ᠶᠢᠨ ᠲᠦᠯᠦᠭᠡ᠂ ᠵᠢᠦ ᠶᠤᠸᠠᠨ | ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠦᠢᠯᠡᠳᠪᠦᠷᠢᠯᠡᠯ ᠤᠨ | ᠭᠤᠭᠴᠣᠭᠠᠨ ᠳᠠᠬᠢ ᠨᠡᠶᠢᠯᠡᠮᠡᠯ ᠮᠢᠬ᠎ᠠ ᠶᠢ ᠲᠦᠭᠦᠬᠡᠢ ᠬᠡᠷᠴᠢᠭᠰᠡᠨ ᠮᠢᠬ᠎ᠠ ᠪᠠᠷ ᠬᠠᠭᠤᠷᠮᠠᠭᠯᠠᠨ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠪᠡ᠃ | ᠨᠢᠭᠡ ᠳᠤ᠂ ᠲᠣᠬᠢᠷᠠᠭᠤᠯᠤᠯᠲᠠ ᠪᠠᠶᠢᠷᠢᠯᠠᠭᠤᠯᠤᠯᠲᠠ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ | ᠥᠨᠳᠥᠷ ᠲᠦᠪᠰᠢᠨ ᠢᠶᠠᠷ ᠠᠬᠢᠭᠤᠯᠪᠠ᠃ ᠲᠤᠰᠬᠠᠶ ᠰᠡᠳᠦᠪᠲᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ | ᠮᠢᠬᠠᠨ ᠲᠥᠷᠥᠯ ᠤᠨ ᠪᠦᠲᠦᠭᠡᠭᠳᠡᠬᠦᠨ ᠤ ᠬᠢᠨᠠᠯᠲᠠ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠠᠶᠢᠭᠤᠯᠤᠨ᠂《 ᠵᠢᠦ ᠶᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠨᠡᠶᠢᠯᠡᠮᠡᠯ ᠮᠢᠬ᠎ᠠ ᠶᠢ ᠲᠦᠭᠦᠬᠡᠢ ᠬᠡᠷᠴᠢᠭᠰᠡᠨ ᠮᠢᠬ᠎ᠠ ᠪᠠᠷ ᠬᠠᠭᠤᠷᠮᠠᠭᠯᠠᠨ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠮᠡᠳᠡᠭᠳᠡᠯ 》 ᠢ | ᠳᠠᠷᠤᠮᠠᠯᠯᠠᠨ ᠲᠠᠷᠬᠠᠭᠠᠵᠤ᠂ ᠴᠡᠭᠴᠡᠯᠡᠨ ᠵᠠᠰᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠢᠯᠡ ᠲᠣᠳᠣ | ᠬᠠᠷᠢᠭᠤᠴᠠᠯᠭ᠎ᠠ ᠶᠢᠨ ᠬᠡᠯᠬᠢᠶ᠎ᠡ ᠪᠠ ᠨᠠᠷᠢᠨ ᠨᠢᠭᠲᠠ ᠠᠵᠢᠯ ᠤᠨ ᠴᠤᠪᠤᠷᠠᠯ ᠢ ᠪᠠᠶᠢᠭᠤᠯᠤᠨ᠂ ᠡᠯ᠎ᠡ ᠵᠦᠢᠯ ᠤᠨ ᠠᠵᠢᠯ ᠢ | ᠥᠨᠳᠥᠷ ᠦᠷ᠎ᠡ ᠪᠦᠲᠦᠮᠵᠢᠲᠡᠶ ᠪᠠᠷ ᠠᠬᠢᠭᠤᠯᠵᠤ᠂ ᠴᠢᠨᠠᠷ ᠰᠠᠶᠢᠲᠠᠶ ᠪᠠᠷ ᠨᠠᠶᠢᠳᠠᠪᠤᠷᠢᠵᠢᠭᠤᠯᠬᠤ ᠶᠢ ᠦᠨᠡᠨ ᠬᠦ | ᠪᠠᠲᠤᠯᠠᠪᠠ᠃ | ᠬᠤᠶᠠᠷ ᠲᠤ᠂ ᠬᠢᠨᠠᠨ ᠬᠠᠮᠢᠶᠠᠷᠬᠤ ᠭᠤᠣᠯᠳᠠᠯᠭ᠎ᠠ ᠪᠠᠨ ᠲᠣᠳᠣᠷᠬᠠᠶᠢᠯᠠᠵᠤ᠂ ᠬᠢᠨᠠᠨ ᠬᠠᠮᠢᠶᠠᠷᠬᠤ ᠠᠭᠤᠯᠭ᠎ᠠ ᠪᠠᠨ | ᠴᠢᠩᠭᠠᠷᠠᠭᠤᠯᠬᠤ ᠬᠡᠷᠡᠭᠲᠡᠶ᠃ ᠲᠤᠰ ᠤᠳᠠᠭᠠᠨ ᠤ ᠪᠠᠶᠢᠴᠠᠭᠠᠯᠲᠠ ᠪᠦᠬᠦ ᠲᠤᠭᠤᠷᠢᠭ ᠤᠨ ᠢᠳᠡᠭᠡᠨ ᠦᠢᠯᠡᠳᠪᠦᠷᠢᠯᠡᠬᠦ | ᠵᠥᠪᠰᠢᠶᠡᠷᠡᠯ ᠤᠨ ᠦᠨᠡᠮᠯᠡᠯ ᠢ ᠣᠯᠤᠭᠰᠠᠨ ᠮᠢᠬᠠᠨ ᠪᠦᠲᠦᠭᠡᠭᠳᠡᠬᠦᠨ ᠦᠢᠯᠡᠳᠪᠦᠷᠢᠯᠡᠬᠦ ᠠᠵᠤ ᠠᠬᠤᠶᠢᠯᠠᠯ ᠪᠣᠯᠤᠨ | ᠮᠢᠬᠠᠨ ᠢᠳᠡᠭᠡᠨ ᠪᠣᠯᠪᠠᠰᠤᠷᠠᠭᠤᠯᠬᠤ ᠵᠢᠵᠢᠭ ᠦᠢᠯᠡᠳᠬᠡᠯ ᠢᠶᠠᠷ ᠭᠤᠣᠯᠳᠠᠯᠭ᠎ᠠ ᠲᠠᠢ ᠪᠠᠶᠢᠴᠠᠭᠠᠬᠤ ᠡᠲᠡᠭᠡᠳ ᠪᠣᠯᠭᠠᠵᠤ᠂ | ᠮᠢᠬᠠᠨ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ᠂ ᠵᠢᠵᠢᠭ ᠦᠢᠯᠡᠳᠬᠡᠯ ᠤᠨ ᠲᠦᠭᠦᠬᠡᠶ ᠮᠠᠲ᠋ᠧᠷᠢᠶᠠᠯ | ᠬᠤᠳᠠᠯᠳᠤᠨ ᠠᠪᠤᠭᠰᠠᠨ ᠲᠡᠮᠳᠡᠭᠯᠡᠯ ᠢ ᠭᠤᠣᠯᠳᠠᠯᠭ᠎ᠠ ᠲᠠᠢ ᠪᠠᠶᠢᠴᠠᠭᠠᠵᠤ᠂ ᠢᠳᠡᠭᠡᠨ ᠤ ᠪᠤᠰᠤ ᠲᠦᠭᠦᠬᠡᠶ ᠮᠠᠲ᠋ᠧᠷᠢᠶᠠᠯ᠂ | ᠴᠢᠨᠠᠷ ᠮᠠᠭᠤ ᠲᠦᠭᠦᠬᠡᠶ ᠮᠠᠲ᠋ᠧᠷᠢᠶᠠᠯ ᠢ ᠨᠡᠶᠢᠯᠡᠮᠡᠯ ᠮᠢᠬᠠᠨ ᠤ ᠦᠢᠯᠡᠳᠪᠦᠷᠢᠯᠡᠯ ᠳᠤ ᠬᠡᠷᠡᠭᠯᠡᠭᠰᠡᠨ ᠪᠠᠶᠢᠳᠠᠯ ᠪᠠᠶᠢᠬᠤ | ᠡᠰᠡᠬᠦ ᠶᠢ ᠪᠠᠶᠢᠴᠠᠭᠠᠨ ᠦᠵᠡᠨ᠎ᠡ︔ ᠦᠢᠯᠡᠳᠪᠦᠷᠢᠯᠡᠯ ᠤᠨ ᠤᠷ᠎ᠠ ᠮᠡᠷᠭᠡᠰᠢᠯ ᠵᠢᠴᠢ ᠨᠠᠶᠢᠷᠠᠯᠭ᠎ᠠ ᠶᠢ ᠬᠢᠨᠠᠨ | ᠬᠠᠷᠭᠤᠭᠤᠯᠵᠤ᠂ ᠲᠣᠭᠲᠠᠭᠠᠯ ᠠᠴᠠ ᠵᠥᠷᠢᠴᠡᠨ ᠢᠳᠡᠭᠡᠨ ᠤ ᠨᠡᠮᠡᠯᠲᠡ ᠡᠳ᠋᠂ ᠨᠠᠭᠠᠯᠳᠤᠭᠤᠯᠬᠤ ᠡᠳ᠋ ᠵᠡᠷᠭᠡ ᠪᠣᠳᠠᠰ ᠢ | ᠬᠡᠷᠡᠭᠯᠡᠭᠰᠡᠨ ᠡᠰᠡᠬᠦ ᠶᠢ ᠵᠢᠭᠰᠠᠭᠠᠨ ᠪᠠᠶᠢᠴᠠᠭᠠᠵᠤ᠂ ᠬᠡᠮᠬᠡᠷᠬᠡᠶ ᠮᠢᠬ᠎ᠠ ᠶᠢ ᠨᠡᠶᠢᠯᠡᠭᠦᠯᠵᠦ᠂ ᠨᠡᠶᠢᠯᠡᠭᠦᠯᠦᠨ ᠤᠤᠯ ᠤᠨ | ᠬᠡᠷᠴᠢᠭᠰᠡᠨ ᠮᠢᠬ᠎ᠠ ᠶᠢ ᠣᠷᠣᠯᠠᠭᠤᠯᠤᠭᠰᠠᠨ ᠪᠠᠶᠢᠬᠤ ᠡᠰᠡᠬᠦ︔ ᠦᠢᠯᠡᠳᠭᠦᠨ ᠤ ᠱᠣᠰᠢᠭ᠎ᠠ ᠲᠡᠮᠳᠡᠭ ᠢ ᠬᠢᠨᠠᠨ | ᠪᠠᠶᠢᠴᠠᠭᠠᠵᠤ᠂ ᠬᠤᠳᠠᠯ ᠬᠠᠭᠤᠷᠮᠠᠭ ᠢᠶᠠᠷ《 ᠤᠤᠯ ᠬᠡᠷᠴᠢᠭᠰᠡᠨ ᠮᠢᠬ᠎ᠠ 》ᠭᠡᠵᠦ ᠬᠠᠳᠠᠬᠤ ᠵᠡᠷᠭᠡ ᠬᠡᠷᠡᠭᠯᠡᠭᠴᠢᠳ ᠢ | ᠠᠳᠡᠭᠦᠷᠡᠭᠦᠯᠬᠦ ᠮᠡᠳᠡᠭᠡ ᠵᠠᠩᠭᠢ ᠶᠢ ᠬᠤᠷᠢᠭᠯᠠᠨ᠎ᠠ᠃ | ᠭᠤᠷᠪᠠ ᠳᠤ᠂ ᠦᠨᠡᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠪᠥᠬᠦ ᠲᠠᠯ᠎ᠠ ᠪᠠᠷ | ᠴᠡᠭᠴᠡᠯᠡᠨ ᠵᠠᠰᠠᠵᠤ ᠠᠶᠤᠯ ᠲᠦᠭᠰᠢᠭᠦᠷᠢ ᠶᠢ ᠠᠷᠢᠯᠭᠠᠪᠠ᠃ ᠤᠳᠤ ᠪᠣᠯᠲᠠᠯ᠎ᠠ᠂ ᠮᠢᠬᠠᠨ ᠪᠦᠲᠦᠭᠡᠭᠳᠡᠭᠦᠨ ᠤ | ᠦᠢᠯᠡᠳᠪᠦᠷᠢᠯᠡᠬᠦ 4 ᠠᠵᠤ ᠠᠬᠤᠶᠢᠯᠠᠯ᠂ ᠮᠢᠬᠠᠨ ᠪᠦᠲᠦᠭᠡᠭᠳᠡᠭᠦᠨ ᠤ ᠦᠢᠯᠡᠳᠪᠦᠷᠢᠯᠡᠵᠦ ᠡᠳ᠋ᠰᠢᠭᠦᠯᠬᠦ 15 ᠵᠢᠵᠢᠭ | ᠦᠢᠯᠡᠳᠬᠡᠯ ᠢ ᠵᠢᠭᠰᠠᠭᠠᠨ ᠪᠠᠶᠢᠴᠠᠭᠠᠵᠤ᠂ ᠬᠡᠮᠬᠡᠷᠬᠡᠢ ᠮᠢᠬ᠎ᠠ ᠶᠢ ᠵᠠᠯᠭᠠᠬᠤ᠂ ᠨᠡᠶᠢᠯᠡᠭᠦᠯᠦᠨ ᠬᠡᠷᠴᠢᠭᠰᠡᠨ ᠮᠢᠬ᠎ᠠ ᠶᠢ | ᠣᠷᠣᠯᠠᠭᠤᠯᠤᠭᠰᠠᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠢᠯᠡᠷᠡᠭᠦᠯᠦᠭᠰᠡᠨ ᠥᠬᠡᠶ᠃ | | | | ᠲᠠᠷᠠᠭᠠᠴᠢ ᠪᠠᠷ᠂ ᠮᠠᠨ ᠤ ᠲᠣᠪᠴᠢᠶ᠎ᠠ ᠮᠢᠬᠠᠨ ᠪᠦᠲᠦᠭᠡᠭᠳᠡᠬᠦᠨ ᠤ ᠬᠠᠮᠢᠶ᠎ᠠ ᠪᠥᠬᠦᠶ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠡ ᠶᠢᠨ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠵᠦ᠂ ᠥᠷᠭᠡᠨ ᠣᠯᠠᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠵᠢᠴᠢ ᠪᠡᠶ᠎ᠡ ᠰᠡᠳᠬᠢᠯ ᠤᠨ | ᠡᠷᠡᠭᠦᠯ ᠮᠡᠨᠳᠦ ᠶᠢ ᠦᠨᠡᠨ ᠬᠦ ᠪᠠᠲᠤᠯᠠᠵᠤ᠂ ᠠᠷᠠᠳ ᠣᠯᠠᠨ ᠤ《ᠢᠳᠡᠭᠡᠨ ᠤᠮᠳᠠᠭᠠᠨ ᠤ ᠠᠮᠤᠷ ᠲᠦᠪᠰᠢᠨ》 ᠢ | ᠪᠥᠬᠦ ᠬᠦᠴᠦᠨ ᠢᠶᠠᠷ ᠬᠠᠮᠠᠭᠠᠯᠠᠨ᠎ᠠ᠃ | | | | | | |