ᠰᠢᠨᠵᠢᠯᠡᠬᠦ ᠤᠬᠠᠭᠠᠨ ᠮᠡᠷᠭᠡᠵᠢᠯ ᠢᠶᠠᠷ ᠰᠦᠩ ᠬᠠᠯᠢᠶ᠎ᠠ ᠶᠢ ᠰᠡᠷᠭᠡᠶᠢᠯᠡᠵᠦ᠂ ᠬᠠᠳᠤᠨ ᠭᠤᠤᠯ ᠤᠨ ᠠᠮᠤᠷ ᠲᠦᠪᠰᠢᠨ ᠢ ᠬᠠᠮᠠᠭᠠᠯᠠᠨ᠎ᠠ︕
ᠨᠡᠶᠢᠲᠡᠯᠡᠭᠰᠡᠨ ᠴᠠᠭ᠄
2025/3/12
11.jpg
        ᠬᠠᠲᠤᠨ ᠭᠤᠣᠯ ᠤᠨ ᠬᠥᠪᠡᠭᠡᠨ ᠳᠤ᠂ ᠵᠢᠦ ᠶᠤᠸᠠᠨ ᠲᠣᠭᠤᠷᠢᠭ ᠤᠨ ᠤᠰᠤᠨ ᠤ ᠶᠠᠪᠤᠳᠠᠯ ᠤᠨ ᠲᠣᠪᠴᠢᠶᠠᠨ ᠤ ᠮᠡᠷᠭᠡᠵᠢᠯᠲᠡᠨ ᠶᠠᠭ ᠵᠢᠯᠣᠭᠤᠴᠢ ᠦᠭᠡᠶ ᠨᠢᠰᠬᠡᠯ ᠢ ᠠᠵᠢᠯᠯᠠᠭᠤᠯᠵᠤ ᠪᠠᠶᠢᠨ᠎ᠠ᠃ ᠮᠡᠷᠭᠡᠵᠢᠯᠲᠡᠳ ᠠᠯᠤᠰ ᠡᠵᠡᠮᠰᠢᠯ ᠤᠨ ᠲᠥᠬᠦᠭᠡᠷᠦᠮᠵᠢ ᠪᠠᠨ ᠠᠳᠬᠤᠨ ᠳᠡᠯᠭᠡᠴᠡ ᠶᠢ ᠰᠢᠷᠲᠡᠵᠦ᠂ ᠵᠢᠯᠣᠭᠤᠴᠢ ᠥᠬᠡᠶ ᠨᠢᠰᠬᠡᠯ ᠬᠠᠲᠤᠨ ᠭᠤᠤᠯ ᠤᠨ ᠵᠢᠤ ᠶᠤᠸᠠᠨ ᠬᠡᠰᠡᠭ ᠤᠨ ᠳᠡᠭᠡᠭᠦᠷ ᠲᠣᠭᠲᠠᠭᠤᠨ ᠨᠢᠰᠴᠦ᠂ ᠲᠣᠳᠣ ᠵᠢᠷᠤᠭ ᠳᠦᠷᠰᠦ ᠶᠢ ᠴᠠᠭ ᠲᠤᠬᠠᠶ ᠳᠤᠨᠢ ᠳᠠᠮᠵᠢᠭᠤᠯᠤᠨ᠎ᠠ᠃ ᠮᠡᠷᠭᠡᠵᠢᠯᠲᠡᠨ ᠵᠢᠯᠣᠭᠤᠴᠢ ᠦᠭᠡᠢ ᠨᠢᠰᠬᠡᠯ ᠢ ᠡᠵᠡᠮᠳᠡᠬᠦ ᠶᠢᠨ ᠳᠠᠭᠠᠤ ᠲᠤᠭ᠎ᠠ ᠪᠠᠷᠢᠮᠲᠠ ᠶᠢ ᠲᠡᠮᠳᠡᠭᠯᠡᠨ᠂ ᠬᠠᠳᠤᠨ ᠭᠤᠣᠯ ᠤᠨ ᠡᠮᠦᠨ᠎ᠡ ᠹᠷᠣᠨᠲ ᠲᠤ ᠰᠠᠭᠤᠭ᠎ᠠ ᠰᠦᠩ ᠬᠠᠯᠢᠶ᠎ᠠ ᠶᠢ ᠰᠡᠷᠭᠡᠶᠢᠯᠡᠬᠦ ᠠᠵᠢᠯᠲᠠᠳ ᠲᠤᠭ᠎ᠠ ᠪᠠᠷᠢᠮᠲᠠ ᠳᠤ ᠨᠠᠷᠢᠨ ᠵᠠᠳᠠᠯᠤᠯᠲᠠ ᠬᠢᠵᠦ᠂ ᠬᠡᠰᠦᠭᠰᠡᠨ ᠪᠠᠶᠢᠳᠠᠯ ᠢ ᠮᠠᠭᠠᠳᠯᠠᠵᠤ᠂ ᠲᠣᠭᠤᠷᠢᠨ ᠪᠠᠶᠢᠴᠠᠭᠠᠬᠤ ᠠᠵᠢᠯ ᠤᠨ ᠥᠨᠳᠥᠷ ᠪᠦᠲᠦᠮᠵᠢᠲᠡᠢ᠂ ᠣᠨᠣᠪᠴᠢᠲᠠᠢ ᠪᠠᠶᠢᠬᠤ ᠶᠢ ᠪᠠᠲᠤᠯᠠᠪᠠ᠃    ᠠᠭᠠᠷ ᠤᠨ ᠳᠤᠯᠠᠭᠠᠨ ᠠᠭᠠᠵᠢᠮ ᠢᠶᠠᠷ ᠳᠡᠭᠡᠭᠰᠢᠯᠡᠬᠦ ᠶᠢ ᠳᠠᠭᠠᠯᠳᠤᠨ᠂ ᠬᠠᠲᠤᠨ ᠭᠤᠤᠯ ᠤᠨ ᠵᠢᠦ ᠶᠤᠸᠠᠨ ᠤ ᠬᠡᠰᠡᠭ ᠭᠤᠤᠯ ᠭᠡᠰᠬᠦ ᠬᠤᠭᠤᠴᠠᠭᠠᠨ ᠳᠤ ᠣᠷᠣᠵᠤ᠂ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠵᠠᠩᠭᠢᠯᠠᠭ᠎ᠠ ᠶᠢᠨ ᠱᠠᠲᠤᠨ ᠳᠤ ᠣᠷᠣᠪᠠ᠃ ᠰᠦᠩ ᠬᠠᠯᠢᠶ᠎ᠠ ᠶᠢ ᠰᠡᠷᠭᠡᠶᠢᠯᠡᠬᠦ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠵᠢᠦ ᠶᠤᠸᠠᠨ ᠲᠣᠭᠤᠷᠢᠭ ᠤᠨ ᠤᠰᠤᠨ ᠤ ᠶᠠᠪᠤᠳᠠᠯ ᠤᠨ ᠲᠤᠪᠴᠢᠶ᠎ᠠ ᠵᠢᠯᠣᠭᠤᠴᠢ ᠦᠭᠡᠢ ᠨᠢᠰᠬᠡᠯ ᠤᠨ ᠮᠡᠷᠭᠡᠵᠢᠯ ᠢ ᠢᠳᠡᠪᠬᠢᠲᠡᠢ ᠠᠰᠢᠭᠯᠠᠨ᠂ ᠬᠠᠳᠤᠨ ᠭᠤᠣᠯ ᠤᠨ ᠬᠥᠯᠳᠡᠭᠰᠡᠨ ᠪᠠᠶᠢᠳᠠᠯ᠂ ᠭᠤᠤ ᠰᠤᠪᠠᠭ ᠤᠨ ᠲᠠᠷᠬᠠᠯᠲᠠ ᠶᠢ ᠪᠦᠬᠦ ᠲᠠᠯ᠎ᠠ ᠪᠠᠷ ᠲᠣᠭᠤᠷᠢᠨ ᠪᠠᠶᠢᠴᠠᠭᠠᠵᠤ ᠬᠢᠨᠠᠨ ᠬᠡᠮᠵᠢᠵᠦ᠂ ᠰᠦᠩ ᠬᠠᠯᠢᠶ᠎ᠠ ᠶᠢ ᠰᠡᠷᠭᠡᠶᠢᠯᠡᠬᠦ ᠠᠵᠢᠯ ᠳᠤ ᠴᠢᠩᠭ᠎ᠠ ᠬᠦᠴᠦᠲᠡᠢ ᠮᠡᠷᠭᠡᠵᠢᠯ ᠤᠨ ᠳᠡᠮᠵᠢᠯᠭᠡ ᠬᠠᠩᠭᠠᠪᠠ᠃    ᠭᠤᠣᠯ ᠭᠡᠰᠬᠦ ᠬᠤᠭᠤᠴᠠᠭ᠎ᠠ ᠪᠣᠯ ᠬᠠᠳᠤᠨ ᠭᠤᠣᠯ ᠤᠨ ᠬᠠᠯᠢᠶ᠎ᠠ ᠦᠶᠡᠷ ᠤᠨ ᠲᠦᠭᠰᠢᠭᠦᠷᠢ ᠶᠡᠬᠡᠲᠡᠢ ᠬᠤᠭᠤᠴᠠᠭ᠎ᠠ ᠪᠣᠯᠤᠨ᠎ᠠ᠂ ᠮᠥᠰᠥᠨ ᠳᠠᠪᠬᠤᠷᠭ᠎ᠠ ᠬᠠᠶᠢᠯᠤᠭᠠᠳ ᠰᠥᠩ ᠣᠪᠣᠭᠠᠷᠠᠬᠤ᠂ ᠤᠰᠤᠨ ᠲᠦᠪᠰᠢᠨ ᠥᠰᠬᠦ ᠵᠡᠷᠭᠡ ᠠᠶᠤᠯᠲᠤ ᠪᠠᠶᠢᠳᠠᠯ  ᠬᠢᠯᠪᠠᠷᠬᠠᠨ ᠡᠭᠦᠰᠭᠡᠳᠡᠭ᠃ ᠵᠢᠦ ᠶᠤᠸᠠᠨ ᠲᠣᠭᠤᠷᠢᠭ ᠤᠨ ᠤᠰᠤᠨ ᠤ ᠶᠠᠪᠤᠳᠠᠯ ᠤᠨ ᠲᠣᠪᠴᠢᠶ᠎ᠠ ᠶᠢᠨ ᠲᠤᠰᠬᠠᠶ ᠮᠡᠷᠭᠡᠵᠢᠯ ᠤᠨ ᠠᠵᠢᠯᠲᠠᠨ ᠵᠢᠯᠣᠭᠤᠴᠢ ᠥᠬᠡᠶ ᠨᠢᠰᠬᠡᠯ ᠢ ᠠᠵᠢᠯᠯᠠᠭᠤᠯᠵᠤ᠂ ᠬᠠᠲᠤᠨ ᠭᠤᠤᠯ ᠤᠨ ᠵᠢᠤ ᠶᠤᠸᠠᠨ ᠤ ᠬᠡᠰᠡᠭ ᠲᠤ ᠪᠥᠬᠦ ᠲᠠᠯ᠎ᠠ ᠶᠢᠨ ᠲᠣᠭᠤᠷᠢᠨ ᠪᠠᠶᠢᠴᠠᠭᠠᠯᠲᠠ ᠬᠢᠪᠠ᠃ ᠠᠵᠢᠯᠲᠠᠳ ᠠᠯᠤᠰ ᠡᠵᠡᠮᠰᠢᠯ ᠤᠨ ᠲᠥᠬᠦᠭᠡᠷᠦᠮᠵᠢ ᠪᠠᠷ ᠵᠢᠯᠣᠭᠤᠴᠢ ᠥᠬᠡᠶ ᠨᠢᠰᠬᠡᠯ ᠢ ᠡᠵᠡᠮᠳᠡᠵᠦ᠂ ᠤᠷᠢᠳᠴᠢᠯᠠᠨ ᠲᠣᠭᠲᠠᠭᠠᠭᠰᠠᠨ ᠠᠶᠠᠯᠠᠯ ᠤᠨ ᠱᠤᠭᠤᠮ ᠢᠶᠠᠷ ᠬᠠᠲᠤᠨ ᠭᠤᠤᠯ ᠤᠨ ᠭᠤᠤᠯᠳᠠᠯᠭ᠎ᠠ ᠲᠠᠢ ᠬᠡᠰᠡᠭ ᠲᠤ ᠲᠣᠭᠤᠷᠢᠨ ᠪᠠᠶᠢᠴᠠᠭᠠᠯᠲᠠ ᠬᠢᠵᠦ᠂ ᠲᠣᠳᠣ ᠵᠢᠷᠤᠭ ᠪᠠ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠳᠠᠮᠵᠢᠭᠤᠯᠵᠤ᠂ ᠵᠢᠯᠣᠭᠤᠴᠢ ᠥᠬᠡᠶ ᠨᠢᠰᠬᠡᠯ ᠨᠢ ᠲᠣᠳᠣ ᠳᠦᠷᠰᠦ ᠰᠢᠩᠭᠡᠭᠡᠬᠦ ᠮᠠᠰᠢᠨ ᠪᠠ ᠤᠯᠠᠭᠠᠨ ᠰᠡᠷᠡᠯ ᠤᠨ ᠳᠠᠮᠵᠢᠭᠤᠯᠤᠭᠴᠢ ᠶᠢ ᠠᠴᠢᠶᠠᠯᠠᠵᠤ᠂ ᠭᠤᠤ ᠴᠡᠪᠡᠷᠯᠡᠬᠦ ᠲᠠᠷᠬᠠᠯᠲᠠ ᠵᠢᠴᠢ ᠭᠤᠤᠯ ᠭᠡᠰᠬᠦ ᠠᠬᠢᠴᠠ ᠶᠢᠨ ᠪᠠᠶᠢᠳᠠᠯ ᠢ ᠴᠠᠭ ᠲᠤᠬᠠᠶ ᠳᠤᠨᠢ ᠬᠢᠨᠠᠨ ᠬᠡᠮᠵᠢᠵᠦ᠂ ᠳᠠᠯᠳᠠ ᠲᠦᠭᠰᠢᠭᠦᠷᠢ ᠶᠢᠨ ᠴᠡᠭ ᠢ ᠣᠨᠣᠪᠴᠢᠲᠠᠶ ᠢᠯᠭᠠᠨ ᠲᠠᠨᠢᠨ᠎ᠠ᠃ ᠡᠭᠦᠨ ᠤ ᠬᠠᠮᠲᠤ ᠰᠦᠩ ᠬᠠᠯᠢᠶ᠎ᠠ ᠶᠢ ᠰᠡᠷᠭᠡᠶᠢᠯᠡᠬᠦ ᠡᠮᠦᠨ᠎ᠡ ᠹᠷᠣᠨᠲ ᠲᠤ ᠰᠠᠭᠤᠭ᠎ᠠ ᠤᠰᠤᠨ ᠤ ᠶᠠᠪᠤᠳᠠᠯ ᠤᠨ ᠲᠣᠪᠴᠢᠶᠠᠨ ᠤ ᠮᠡᠷᠭᠡᠵᠢᠯᠲᠡᠨ ᠵᠢᠯᠣᠭᠤᠴᠢ ᠦᠭᠡᠢ ᠨᠢᠰᠬᠡᠯ ᠤᠨ ᠴᠤᠭᠯᠠᠭᠤᠯᠤᠭᠰᠠᠨ ᠲᠤᠭ᠎ᠠ ᠪᠠᠷᠢᠮᠲᠠ ᠶᠢ ᠵᠠᠳᠠᠯᠵᠤ᠂ ᠰᠦᠩ ᠬᠠᠯᠢᠶ᠎ᠠ ᠶᠢ ᠰᠡᠷᠭᠡᠶᠢᠯᠡᠬᠦ ᠠᠵᠢᠯ ᠳᠤ ᠣᠨᠣᠪᠴᠢᠲᠠᠢ ᠵᠢᠯᠤᠭᠤᠳᠤᠯᠭ᠎ᠠ ᠬᠠᠩᠭᠠᠪᠠ᠃      ᠵᠢᠤ ᠶᠤᠸᠠᠨ ᠲᠣᠭᠤᠷᠢᠭ ᠤᠨ ᠤᠰᠤᠨ ᠤ ᠶᠠᠪᠤᠳᠠᠯ ᠤᠨ ᠲᠣᠪᠴᠢᠶ᠎ᠠ ᠵᠢᠯᠣᠭᠤᠴᠢ ᠥᠬᠡᠶ ᠨᠢᠰᠬᠡᠯ ᠤᠨ ᠮᠡᠷᠭᠡᠵᠢᠯ ᠤᠨ ᠬᠡᠷᠡᠭᠯᠡᠯᠲᠡ ᠪᠠᠷ ᠳᠡᠮᠵᠢᠨ᠂ ᠬᠠᠲᠤᠨ ᠭᠤᠤᠯ ᠤᠨ ᠭᠤᠤᠯ ᠭᠡᠰᠬᠦ ᠬᠤᠭᠤᠴᠠᠭᠠᠨ ᠤ ᠰᠥᠩ ᠬᠠᠯᠢᠶ᠎ᠠ ᠶᠢ ᠰᠡᠷᠭᠡᠶᠢᠯᠡᠬᠦ ᠴᠠᠭᠳᠠᠨ ᠪᠠᠶᠢᠴᠠᠭᠠᠬᠤ ᠠᠵᠢᠯ ᠤᠨ ᠤᠶᠤᠨᠴᠢᠯᠠᠯᠲᠠ᠂ ᠥᠨᠳᠥᠷ ᠪᠦᠲᠦᠮᠵᠢᠲᠡᠶ ᠪᠣᠯᠬᠤ ᠶᠢ ᠪᠡᠶᠡᠯᠡᠭᠦᠯᠪᠡ᠂ ᠡᠨᠡ ᠬᠦ ᠰᠢᠨ᠎ᠡ ᠶᠢ ᠡᠭᠦᠳᠦᠭᠰᠡᠨ ᠠᠷᠭ᠎ᠠ ᠬᠡᠮᠵᠢᠶ᠎ᠡ ᠨᠢ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠬᠠᠲᠤᠨ ᠭᠤᠤᠯ ᠤᠨ ᠠᠮᠤᠷ ᠲᠣᠭᠲᠠᠭᠤᠨ ᠳᠤ ᠪᠠᠲᠤ ᠪᠠᠬᠢ ᠪᠠᠲᠤᠯᠠᠭ᠎ᠠ ᠬᠠᠩᠭᠠᠭᠰᠠᠨ ᠪᠠᠶᠢᠨ᠎ᠠ᠃ ᠢᠷᠡᠭᠡᠳᠦᠶ ᠳᠤ᠂ ᠵᠢᠦ ᠶᠤᠸᠠᠨ ᠲᠣᠭᠤᠷᠢᠭ ᠤᠨ ᠤᠰᠤᠨ ᠤ ᠶᠠᠪᠤᠳᠠᠯ ᠤᠨ ᠲᠣᠪᠴᠢᠶ᠎ᠠ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠦᠷᠭᠦᠯᠵᠢᠯᠡᠨ ᠬᠠᠶᠢᠨ ᠰᠦᠪᠡᠭᠴᠢᠯᠡᠵᠦ᠂ ᠤᠰᠤᠨ ᠤ ᠶᠠᠪᠤᠳᠠᠯ ᠤᠨ ᠬᠠᠮᠢᠶᠠᠷᠤᠯᠲᠠ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠪᠥᠬᠦ  ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠲᠤᠯᠠᠭ᠎ᠠ ᠬᠠᠩᠭᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号