ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ | ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠳᠤ᠄ | ᠮᠠᠶᠢᠳᠠᠷ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠪᠣᠯ ᠤᠯᠤᠰ ᠤᠨ ᠡᠨᠧᠷᠭᠢ ᠶᠢᠨ | ᠲᠣᠪᠴᠢᠶ᠎ᠠ ᠴᠣᠬᠤᠯᠠᠪᠤᠷᠢᠯᠠᠭᠠᠳ ᠲᠣᠭᠲᠠᠭᠠᠭᠰᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠭᠤᠣᠯᠳᠠᠯᠭ᠎ᠠ ᠲᠠᠢ ᠬᠡᠷᠡᠭᠵᠢᠭᠦᠯᠬᠦ ᠲᠥᠷᠥᠯ ᠵᠦᠢᠯ ᠪᠣᠯᠣᠨ᠎ᠠ᠃ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠭᠠᠵᠠᠷ ᠰᠢᠷᠣᠢ ᠲᠠᠲᠠᠪᠤᠷᠢᠯᠠᠬᠤ ᠪᠠ ᠠᠷᠠᠳ ᠢ ᠨᠡᠭᠦᠯᠭᠡᠨ ᠲᠥᠪᠬᠢᠨᠡᠭᠦᠯᠬᠦ ᠠᠵᠢᠯ ᠤᠨ | ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ︽ᠲᠣᠮᠣ ᠳᠤᠮᠳᠠ ᠬᠡᠯᠪᠡᠷᠢ ᠶᠢᠨ ᠤᠰᠤᠨ | ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ | ᠲᠠᠲᠠᠪᠤᠷᠢᠯᠠᠨ ᠨᠥᠬᠦᠪᠦᠷᠢᠯᠡᠬᠦ ᠪᠠ ᠠᠷᠠᠳ ᠢ ᠨᠡᠭᠦᠯᠭᠡᠨ ᠲᠥᠪᠬᠢᠨᠡᠭᠦᠯᠬᠦ ᠳᠦᠷᠢᠮ︾ ︵ᠲᠦᠷᠦ ᠶᠢᠨ ᠶᠠᠪᠤᠳᠠᠯ ᠤᠨ | ᠬᠤᠷᠢᠶᠠᠨ ᠤ ᠵᠠᠷᠯᠢᠭ 679 ᠳ᠋ᠦ᠋ᠭᠡᠷ ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠡᠳᠦᠭᠡ | ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠪᠠ᠄ | ᠨᠢᠭᠡ᠂ ᠮᠠᠶᠢᠳᠠᠷ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢᠨ ᠪᠦᠲᠦᠭᠡᠨ | ᠪᠠᠶᠢᠭᠤᠯᠤᠯᠲᠠ ᠳᠤ ᠭᠠᠵᠠᠷ ᠰᠢᠷᠣᠢ ᠲᠠᠲᠠᠪᠤᠷᠢᠯᠠᠬᠤ ᠬᠡᠪᠴᠢᠶ᠎ᠡ᠄ ᠳᠡᠭᠡᠳᠦ ᠤᠰᠤᠨ ᠴᠥᠭᠦᠷᠥᠮ ᠪᠣᠯ | ᠡᠷᠭᠦᠭᠳᠡᠴᠡ ᠶᠢᠨ ᠬᠡᠮᠵᠢᠶ᠎ᠡ ᠨᠢ 1606 ᠮᠧᠲᠷ ᠠᠴᠠ ᠳᠣᠷᠣᠭᠰᠢᠬᠢ ᠣᠷᠣᠨ ᠪᠦᠰᠡ ᠪᠣᠯᠣᠨ᠎ᠠ︔ ᠳᠣᠣᠷᠠᠳᠤ | ᠤᠰᠤᠨ ᠴᠥᠭᠦᠷᠥᠮ ᠪᠣᠯ ᠡᠷᠭᠦᠭᠳᠡᠴᠡ ᠶᠢᠨ ᠬᠡᠮᠵᠢᠶ᠎ᠡ ᠨᠢ 1302 ᠮᠧᠲᠷ ᠠᠴᠠ ᠳᠣᠷᠣᠭᠰᠢᠬᠢ ᠣᠷᠣᠨ ᠪᠦᠰᠡ | ᠪᠣᠯᠣᠨ᠎ᠠ︔ ᠬᠦᠢᠰᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠳᠤ ᠬᠤᠯᠪᠣᠭᠳᠠᠬᠤ ᠬᠠᠷᠭᠤᠭᠤᠯᠤᠨ | ᠲᠣᠭᠲᠠᠭᠠᠵᠤ ᠲᠣᠳᠣᠷᠬᠠᠶᠢᠯᠠᠬᠤ ᠪᠠᠷᠢᠯᠭ᠎ᠠ ᠶᠢᠨ ᠤᠯᠠᠭᠠᠨ ᠱᠤᠭᠤᠮ ᠤᠨ ᠬᠡᠪᠴᠢᠶ᠎ᠡ ᠶᠢ ᠨᠢ ᠲᠤᠬᠠᠢ ᠶᠢᠨ ᠲᠠᠯᠠᠪᠠᠶ ᠳᠤ | ᠲᠣᠭᠲᠠᠭᠠᠬᠤ ᠱᠣᠩ ᠢᠶᠠᠷ ᠪᠠᠷᠢᠮᠵᠢᠶ᠎ᠠ ᠪᠣᠯᠭᠠᠨ᠎ᠠ᠃ | ᠬᠤᠶᠠᠷ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢ | ᠮᠠᠶᠢᠳᠠᠷ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ | ᠰᠢᠷᠣᠢ ᠲᠠᠲᠠᠪᠤᠷᠢᠯᠠᠬᠤ ᠬᠡᠪᠴᠢᠶᠡᠨ ᠳᠣᠲᠣᠷ᠎ᠠ ᠡᠯ᠎ᠡ ᠵᠦᠢᠯ ᠤᠨ ᠰᠠᠭᠤᠷᠢ ᠪᠡᠯᠡᠳᠬᠡᠮᠵᠢ ︵ᠰᠤᠮᠤ ᠰᠢᠶᠠᠩ | ᠪᠠᠯᠭᠠᠰᠤᠨ ᠤ ᠠᠵᠤ ᠠᠬᠤᠶᠢᠯᠠᠯ ᠪᠠ ᠠᠷᠠᠳ ᠤᠨ ᠬᠡᠷᠡᠭᠴᠡᠭᠡᠨ ᠤ ᠣᠷᠣᠨ ᠰᠠᠭᠤᠴᠠ ᠪᠠᠭᠲᠠᠨ᠎ᠠ︶ ᠪᠠᠶᠢᠭᠤᠯᠬᠤ ᠶᠢ | ᠵᠥᠪᠰᠢᠶᠡᠷᠡᠵᠦ ᠪᠣᠯᠬᠤ ᠦᠭᠡᠢ᠃ | ᠭᠤᠷᠪᠠ᠂ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠮᠠᠶᠢᠳᠠᠷ ᠤᠰᠤ ᠲᠠᠲᠠᠵᠤ ᠡᠨᠧᠷᠭᠢ ᠬᠠᠳᠠᠭᠠᠯᠠᠬᠤ | ᠴᠠᠬᠢᠯᠭᠠᠨ ᠦᠷᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ ᠲᠠᠲᠠᠪᠤᠷᠢᠯᠠᠬᠤ ᠬᠡᠪᠴᠢᠶᠡᠨ ᠳᠣᠲᠣᠷ᠎ᠠ | ᠲᠦᠷᠦᠯ ᠵᠦᠢᠯ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ ᠪᠠ ᠥᠭᠡᠷᠡᠴᠢᠯᠡᠨ ᠪᠠᠶᠢᠭᠤᠯᠵᠤ ᠪᠣᠯᠬᠤ ᠦᠭᠡᠢ᠂ | ᠭᠡᠷ ᠪᠠᠶᠢᠰᠢᠩ ᠵᠢᠴᠢ ᠪᠤᠰᠤᠳ ᠲᠥᠬᠦᠭᠡᠷᠦᠮᠵᠢ ᠪᠠᠶᠢᠭᠤᠯᠵᠤ ᠪᠣᠯᠬᠤ ᠦᠭᠡᠢ᠂ ᠤᠤᠯ ᠭᠠᠵᠠᠷ ᠤᠨ ᠲᠦᠷᠦᠯ᠂ | ᠭᠠᠵᠠᠷ ᠤᠨ ᠲᠥᠷᠬᠦ ᠶᠢ ᠨᠢ ᠬᠤᠪᠢᠷᠠᠭᠤᠯᠵᠤ ᠪᠣᠯᠬᠤ ᠦᠭᠡᠢ᠂ ᠲᠠᠷᠢᠶᠠᠯᠠᠬᠤ ᠭᠠᠵᠠᠷ᠂ ᠴᠡᠴᠡᠷᠯᠢᠭ ᠤᠨ ᠭᠠᠵᠠᠷ ᠢ | ᠵᠠᠪᠰᠢᠵᠤ ᠬᠠᠭᠠᠯᠪᠤᠷᠢᠯᠠᠬᠤ ᠵᠢᠴᠢ ᠡᠯ᠎ᠡ ᠵᠦᠢᠯ ᠤᠨ ᠤᠯᠠᠨ ᠨᠠᠰᠤᠲᠤ ᠠᠵᠤ ᠠᠬᠤᠢ ᠶᠢᠨ ᠲᠠᠷᠢᠮᠠᠯ ᠪᠠ ᠮᠣᠳᠣ ᠶᠢ | ᠵᠠᠪᠰᠢᠵᠤ ᠵᠠᠶᠢᠯᠠᠬᠤ ᠵᠡᠷᠭᠡ ᠭᠠᠵᠠᠷ ᠰᠢᠷᠣᠢ ᠶᠢᠨ ᠬᠡᠷᠡᠭᠴᠡᠭᠡ ᠶᠢ ᠬᠤᠪᠢᠷᠠᠭᠤᠯᠬᠤ ᠪᠠ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢ ᠨᠥᠯᠥᠭᠡᠯᠡᠬᠦ ᠠᠵᠢᠯᠯᠠᠭ᠎ᠠ ᠬᠢᠵᠦ ᠪᠣᠯᠬᠤ ᠦᠭᠡᠢ᠃ | ᠳᠥᠷᠪᠡ᠂ ᠮᠠᠶᠢᠳᠠᠷ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡᠨ ᠤ ᠪᠦᠲᠦᠭᠡᠨ | ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭ᠎ᠠ ᠨᠡᠯᠢᠶᠡᠳ ᠤᠷᠲᠤ ᠪᠠᠶᠢᠬᠤ ᠶᠢ ᠪᠣᠳᠣᠯᠬᠢᠯᠠᠵᠤ᠂ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠠᠴᠠ ᠪᠣᠯᠵᠤ ᠲᠤᠬᠠᠢ ᠶᠢᠨ ᠭᠠᠵᠠᠷ ᠤᠨ ᠤᠯᠠᠨ ᠲᠦᠮᠡᠨ ᠤ ᠬᠡᠪ ᠤᠨ ᠦᠢᠯᠡᠳᠪᠦᠷᠢᠯᠡᠯ | ᠠᠮᠢᠳᠤᠷᠠᠯ ᠳᠤ ᠨᠢ ᠳᠡᠩᠳᠡᠭᠦᠦ ᠶᠡᠭᠡ ᠨᠥᠯᠥᠭᠡ ᠭᠠᠷᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ | ᠲᠤᠬᠠᠢ ᠶᠢᠨ ᠭᠠᠵᠠᠷ ᠤᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠯᠤᠭ᠎ᠠ ᠰᠢᠭᠤᠳ ᠬᠤᠯᠪᠣᠭ᠎ᠠ ᠲᠠᠢ᠂ | ᠦᠨᠡᠨ ᠬᠦ ᠪᠦᠲᠦᠭᠡᠨ ᠪᠠᠶᠢᠭᠤᠯᠬᠤ ᠴᠢᠬᠤᠯᠠᠲᠠᠢ ᠲᠥᠷᠥᠯ ᠵᠦᠢᠯ ᠢ ︽ᠲᠣᠮᠣ ᠳᠤᠮᠳᠠ ᠬᠡᠯᠪᠡᠷᠢ ᠶᠢᠨ ᠤᠰᠤᠨ | ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ | ᠲᠠᠲᠠᠪᠤᠷᠢᠯᠠᠨ ᠨᠥᠬᠦᠪᠦᠷᠢᠯᠡᠬᠦ ᠪᠠ ᠠᠷᠠᠳ ᠢ ᠨᠡᠭᠦᠯᠭᠡᠨ ᠲᠥᠪᠬᠢᠨᠡᠭᠦᠯᠬᠦ ᠳᠦᠷᠢᠮ︾ ᠤᠨ ᠬᠤᠯᠪᠣᠭᠳᠠᠯ ᠪᠦᠬᠦᠢ | ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠨ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠲᠠᠷᠠᠭ᠎ᠠ ᠪᠦᠲᠦᠭᠡᠨ ᠪᠠᠶᠢᠭᠤᠯᠵᠤ | ᠪᠣᠯᠣᠨ᠎ᠠ᠃ | ᠲᠠᠪᠤ᠂ ᠮᠠᠶᠢᠳᠠᠷ ᠤᠰᠤ ᠲᠠᠲᠠᠵᠤ ᠡᠨᠧᠷᠬᠢ ᠬᠠᠳᠠᠭᠠᠯᠠᠬᠤ ᠴᠠᠬᠢᠯᠭᠠᠨ ᠥᠷᠲᠡᠭᠡᠨ ᠤ ᠪᠦᠲᠦᠭᠡᠨ | ᠪᠠᠶᠢᠭᠤᠯᠤᠯᠲᠠ ᠶᠢᠨ ᠭᠠᠵᠠᠷ ᠰᠢᠷᠣᠢ ᠲᠠᠲᠠᠪᠤᠷᠢᠯᠠᠭᠰᠠᠨ ᠬᠡᠪᠴᠢᠶᠡᠨ ᠳᠠᠬᠢ ᠡᠷᠦᠬᠡ ᠠᠮᠠ ᠶᠢᠨ ᠬᠠᠮᠢᠶᠠᠷᠤᠯᠲᠠ ᠶᠢ | ᠴᠢᠩᠭᠠᠳᠬᠠᠨ᠂ ᠪᠦᠲᠦᠭᠡᠨ ᠪᠠᠶᠢᠭᠤᠯᠤᠯᠲᠠ ᠶᠢᠨ ᠬᠡᠪᠴᠢᠶᠡᠨ ᠳᠤ ᠬᠥᠮᠥᠨ ᠠᠮᠠ ᠨᠡᠭᠦᠯᠭᠡᠨ ᠣᠷᠤᠭᠤᠯᠬᠤ ᠶᠢ ᠴᠢᠩᠭ᠎ᠠ | ᠬᠢᠵᠠᠭᠠᠷᠯᠠᠬᠤ ᠬᠡᠷᠡᠭᠲᠡᠢ᠃ ᠲᠥᠷᠥᠭᠰᠡᠨ᠂ ᠤᠷᠤᠭᠯᠠᠵᠤ ᠮᠣᠷᠳᠠᠭᠰᠠᠨ᠂ ᠴᠡᠷᠢᠭ ᠠᠴᠠ ᠰᠢᠯᠵᠢᠭᠰᠡᠨ ᠴᠡᠷᠢᠭ ᠤᠨ | ᠠᠯᠪᠠᠨ ᠠᠴᠠ ᠬᠠᠯᠠᠭᠳᠠᠭᠰᠠᠨ᠂ ᠴᠡᠷᠢᠭ ᠠᠴᠠ ᠪᠠᠭᠤᠭᠰᠠᠨ᠂ ᠶᠡᠭᠡ ᠰᠤᠷᠭᠠᠭᠤᠯᠢ ᠪᠠ ᠳᠤᠮᠳᠠ ᠵᠡᠷᠭᠡ ᠶᠢᠨ ᠲᠤᠰᠬᠠᠢ | ᠮᠡᠷᠭᠡᠵᠢᠯ ᠤᠨ ᠰᠤᠷᠭᠠᠭᠤᠯᠢ ᠲᠡᠭᠦᠰᠦᠭᠰᠡᠨ᠂ ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠵᠡᠷᠭᠡ | ᠨᠤᠲᠤᠭ ᠲᠤ ᠪᠠᠨ ᠪᠤᠴᠠᠭᠰᠠᠳ ᠠᠴᠠ ᠭᠠᠳᠠᠨ᠎ᠠ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ | ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠡᠯ᠎ᠡ ᠲᠦᠷᠦᠯ ᠤᠨ ᠬᠥᠮᠥᠨ ᠠᠮᠠ ᠨᠡᠭᠦᠯᠭᠡᠨ ᠣᠷᠤᠭᠤᠯᠬᠤ ᠭᠠᠷᠳᠠᠮ ᠢ | ᠭᠦᠢᠴᠡᠳᠬᠡᠵᠦ ᠪᠣᠯᠬᠤ ᠦᠭᠡᠢ᠃ | ᠵᠢᠷᠭᠤᠭ᠎ᠠ᠂ ᠪᠠᠷᠢᠯᠭ᠎ᠠ ᠶᠢᠨ ᠭᠠᠵᠠᠷ ᠰᠢᠷᠣᠢ ᠲᠠᠲᠠᠪᠤᠷᠢᠯᠠᠨ ᠨᠡᠭᠦᠯᠭᠡᠬᠦ ᠲᠠᠰᠢᠷᠠᠮ ᠢᠶᠠᠷ ᠤᠯᠠᠨ ᠲᠦᠮᠡᠨ ᠢ | ᠥᠳᠥᠭᠡᠨ ᠬᠡᠷᠡᠭ ᠲᠠᠲᠠᠭᠰᠠᠨ᠂ ᠭᠠᠵᠠᠷ ᠰᠢᠷᠣᠢ ᠲᠠᠲᠠᠪᠤᠷᠢᠯᠠᠨ ᠨᠡᠭᠦᠯᠭᠡᠬᠦ ᠠᠵᠢᠯ ᠳᠤ ᠬᠠᠷᠰᠢ ᠰᠠᠭᠠᠳ | ᠤᠴᠠᠷᠠᠭᠤᠯᠤᠭᠰᠠᠨ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠬᠠᠷᠰᠢᠯᠠᠭᠰᠠᠨ ᠵᠡᠷᠭᠡ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠲᠣᠷᠭᠠᠭᠤᠯᠢ ᠶᠢᠨ ᠬᠠᠤᠯᠢ︾ | ᠶᠢᠨ ᠲᠣᠭᠲᠠᠭᠠᠯ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠲᠣᠷᠭᠠᠭᠤᠯᠢ ᠥᠭᠭᠦᠨ᠎ᠡ᠃ | ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | | | | | |