ᠠᠯᠪᠠᠨ ᠵᠢᠷᠤᠮ ᠤᠨ ᠡᠮᠴᠢᠯᠡᠭᠡ ᠭᠡᠷ ᠬᠤᠷᠢᠶᠠᠯᠠᠯ ᠳᠤ ᠣᠷᠣᠵᠣ᠂  ᠬᠠᠶᠢᠷ᠎ᠠ ᠶᠢ ᠰᠠᠭᠤᠭᠠᠯᠢ ᠠᠷᠠᠳ ᠤᠨ ᠭᠡᠷ ᠤᠨ ᠡᠭᠦᠳᠡᠨ ᠳᠤ ᠬᠦᠷᠭᠡᠬᠦ
ᠨᠡᠶᠢᠲᠡᠯᠡᠭᠰᠡᠨ ᠴᠠᠭ᠄
2025/3/13
    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠪᠠᠬᠢ ᠪᠤᠢ ᠪᠣᠯᠭᠠᠵᠤ᠂ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠤᠨ ᠬᠤᠭᠤᠷᠣᠨᠳᠣᠬᠢ ᠪᠦᠯᠬᠦᠮᠳᠡᠯ ᠪᠠ ᠡᠶ᠎ᠡ ᠵᠣᠬᠢᠴᠠᠯ ᠢ ᠠᠬᠢᠭᠤᠯᠵᠤ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠲᠤᠬᠠᠶ ᠲᠠᠨᠢᠯᠲᠠ ᠵᠢᠴᠢ ᠠᠮᠢᠳᠤᠷᠠᠯ ᠤᠨ ᠴᠢᠨᠠᠷ ᠴᠢᠨᠰᠠᠭ᠎ᠠ ᠶᠢᠨ ᠲᠤᠬᠠᠶ ᠬᠥᠭᠡᠭᠡᠴᠡᠯᠳᠦᠯ ᠢ ᠳᠡᠭᠡᠭᠰᠢᠯᠡᠭᠦᠯᠥᠨ᠎ᠡ᠃ 2025 ᠣᠨ ᠤ 3 ᠰᠠᠷ᠎ᠠ ᠶᠢᠨ 11 ᠤ ᠡᠳᠦᠷ᠂ ᠯᠦᠩ ᠢᠦᠶ ᠭᠡᠷ ᠬᠤᠷᠢᠶᠠᠯᠠᠯ ᠤᠨ ᠬᠢᠨ ᠪᠤᠭᠤᠲᠤ ᠬᠤᠲᠠ ᠶᠢᠨ ᠴᠤᠤ ᠵᠢᠤᠢ ᠨᠢᠳᠦᠨ ᠤ ᠡᠮᠨᠡᠯᠭᠡ ᠶᠢᠨ ᠬᠤᠷᠢᠶ᠎ᠠ ᠪᠣᠯᠤᠨ ᠲᠢᠶᠠᠨ ᠾᠧᠩ ᠡᠮᠨᠡᠯᠭᠡ ᠶᠢᠨ ᠬᠤᠷᠢᠶᠠᠨ ᠤ ᠡᠮᠴᠢ ᠶᠢ ᠲᠤᠰᠬᠠᠶᠢᠯᠠᠨ ᠤᠷᠢᠵᠤ ᠬᠠᠷᠢᠶᠠᠲᠤ ᠣᠷᠣᠨ ᠤ ᠨᠠᠰᠤᠲᠠᠶᠢᠴᠤᠳ ᠲᠤ ᠢᠯᠴᠢ ᠬᠠᠩᠭᠠᠬᠤ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡ ᠬᠠᠩᠭᠠᠪᠠ᠃
111.jpg
    ᠡᠨᠡ ᠤᠳᠠᠭᠠᠨ ᠤ ᠠᠯᠪᠠᠨ ᠵᠢᠷᠤᠮ ᠤᠨ ᠡᠮᠴᠢᠯᠡᠭᠡ ᠶᠢᠨ ᠦᠢᠯᠡᠴᠢᠯᠡᠭᠡ ᠭᠤᠷᠪᠠᠨ ᠭᠤᠭᠴᠤᠭ᠎ᠠ ᠬᠤᠪᠢᠶᠠᠵᠤ᠂ ᠡᠩ ᠲᠡᠷᠢᠭᠦᠨ ᠳᠤ ᠡᠮᠴᠢ ᠨᠠᠷ ᠤᠷᠢᠳ ᠢᠶᠠᠷ ᠠᠯᠪᠠᠨ ᠵᠢᠷᠤᠮ ᠤᠨ ᠡᠮᠴᠢᠯᠡᠭᠡ ᠳᠤ ᠣᠷᠣᠯᠴᠠᠬᠤ ᠪᠠᠷ ᠢᠷᠡᠭᠰᠡᠨ ᠨᠠᠰᠤᠲᠠᠶᠢᠴᠤᠳ ᠤᠨ ᠨᠢᠳᠦᠨ ᠤ ᠡᠮᠨᠡᠯᠭᠡ ᠪᠠ ︽ᠭᠤᠷᠪᠠᠨ ᠥᠨᠳᠥᠷ︾ ᠤᠷᠢᠳᠴᠢᠯᠠᠨ ᠰᠡᠷᠭᠡᠶᠢᠯᠡᠬᠦ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠨᠢᠳᠦᠨ ᠤ ᠪᠦᠲᠦᠴᠡ᠂ ᠦᠷᠭᠦᠯᠵᠢ ᠲᠣᠬᠢᠶᠠᠯᠳᠤᠳᠠᠭ ᠨᠢᠳᠦᠨ ᠤ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠪᠠ ᠡᠮᠨᠡᠨ ᠵᠠᠰᠠᠬᠤ ᠠᠷᠭ᠎ᠠ ᠶᠢ ᠨᠠᠷᠢᠨ ᠨᠢᠭᠲᠠ ᠲᠠᠶᠢᠯᠪᠤᠷᠢᠯᠠᠵᠤ᠂ ᠡᠳᠦᠷ ᠲᠤᠲᠤᠮ ᠤᠨ ᠠᠮᠢᠳᠤᠷᠠᠯ ᠳᠠᠬᠢ ᠨᠢᠳᠦᠨ ᠤ ᠬᠠᠮᠠᠭᠠᠯᠠᠯᠲᠠ ᠶᠢᠨ ᠵᠢᠵᠢᠭ ᠤᠷ᠎ᠠ ᠮᠡᠷᠭᠡᠵᠢᠯ ᠢ ᠨᠠᠷᠢᠨ ᠲᠠᠶᠢᠯᠪᠤᠷᠢᠯᠠᠭᠰᠠᠨ ᠪᠥᠭᠡᠳ ᠨᠢᠳᠦᠨ ᠤ ᠡᠪᠡᠳᠴᠢᠲᠡᠨ ᠤ ᠮᠠᠳᠠᠭ ᠲᠠᠢ ᠠᠰᠠᠭᠤᠳᠠᠯ ᠢ ᠰᠢᠢᠳᠪᠦᠷᠢᠯᠡᠵᠦ ᠥᠭᠪᠡ᠃ ᠲᠢᠶᠠᠨ ᠾᠧᠩ ᠤᠨ ᠡᠮᠴᠢ ︽ᠭᠤᠷᠪᠠᠨ ᠥᠨᠳᠥᠷ︾ ᠨᠢ ᠲᠤᠰ ᠲᠤᠰ ᠶᠠᠭᠤ ᠪᠣᠢ︖ ᠶᠠᠮᠠᠷ ᠶᠠᠮᠠᠷ ᠢᠯᠡᠷᠡᠯ ᠢᠯᠡᠷᠡᠯ ᠲᠠᠢ ᠵᠢᠴᠢ ᠡᠳᠦᠷ ᠳᠣᠳᠣᠮ ᠤᠨ ᠠᠮᠢᠳᠤᠷᠠᠯ ᠳᠤ ᠣᠯᠠᠨ ᠢᠶᠠᠷ ᠢᠶᠠᠨ ᠬᠡᠷᠬᠢᠨ ᠰᠡᠷᠭᠡᠢᠯᠡᠨ ᠵᠠᠰᠠᠬᠤ ᠪᠣᠢ︖ ᠠᠪᠠᠭ᠎ᠠ ᠠᠨᠢᠶ᠎ᠠ ᠮᠠᠰᠢ ᠨᠠᠷᠢᠨ ᠬᠢᠨᠠᠮᠠᠭᠠᠢ ᠰᠣᠨᠤᠰᠴᠤ᠂ ᠪᠠᠶᠢᠨ ᠪᠠᠶᠢᠨ ᠲᠣᠯᠣᠭᠠᠢ ᠳᠣᠬᠢᠨ ᠵᠥᠪᠰᠢᠶᠡᠷᠡᠵᠦ ᠪᠠᠶᠢᠬᠤ ᠪᠠᠨ ᠢᠯᠡᠳᠭᠡᠵᠡᠢ᠃ ᠳᠠᠷᠠᠭ᠎ᠠ ᠨᠢ᠂ ᠨᠠᠰᠤᠲᠠᠶᠢᠴᠤᠳ ᠲᠤ ᠬᠠᠷᠠᠭᠠᠨ ᠤ ᠪᠠᠶᠢᠴᠠᠭᠠᠯᠲᠠ᠂ ᠠᠩ ᠵᠠᠪᠰᠠᠷ ᠤᠨ ᠳ᠋ᠧᠩ ᠤᠨ ᠪᠠᠶᠢᠴᠠᠭᠠᠯᠲᠠ᠂ ᠴᠠᠭᠠᠨ ᠬᠠᠷᠠᠩ᠂ ᠬᠠᠭᠤᠷᠠᠢ ᠨᠢᠳᠦ ᠵᠡᠷᠭᠡ ᠡᠯ᠎ᠡ ᠵᠦᠢᠯ ᠤᠨ ᠨᠢᠳᠦᠨ ᠤ ᠰᠠᠯᠠᠭᠠᠨ ᠤ ᠡᠪᠡᠳᠴᠢᠨ ᠵᠢᠴᠢ ᠴᠢᠰᠤᠨ ᠳᠠᠷᠤᠯᠲᠠ᠂ ᠹᠠᠩ ᠴᠡᠴᠡᠷᠡᠯ᠂ ︽ᠭᠤᠷᠪᠠᠨ ᠥᠨᠳᠥᠷ︾ ᠵᠡᠷᠭᠡ ᠡᠪᠡᠳᠴᠢᠨ ᠡᠮᠭᠡᠭ ᠢ ᠰᠢᠭᠰᠢᠨ ᠪᠠᠶᠢᠴᠠᠭᠠᠬᠤ ᠠᠵᠢᠯ ᠥᠷᠨᠢᠭᠦᠯᠵᠦ᠂ ᠨᠠᠰᠤᠲᠠᠶᠢᠴᠤᠳ ᠢ ᠬᠠᠪᠰᠤᠷᠤᠨ ᠥᠪᠡᠷ ᠤᠨ ᠡᠷᠡᠭᠦᠯ ᠮᠡᠨᠳᠦ ᠶᠢᠨ ᠠᠰᠠᠭᠤᠳᠠᠯ ᠢ ᠨᠢ ᠰᠠᠶᠢᠲᠤᠷ ᠣᠶᠢᠯᠠᠭᠠᠭᠤᠯᠬᠤ ᠶᠢᠨ ᠬᠠᠮᠲᠤ ᠬᠠᠨᠳᠤᠯᠭᠠᠲᠤ ᠴᠢᠨᠠᠷᠲᠠᠶ ᠰᠠᠨᠠᠭᠤᠯᠭ᠎ᠠ ᠪᠠ ᠡᠮᠴᠢᠯᠡᠭᠡᠨ ᠤ ᠲᠥᠰᠦᠯ ᠬᠠᠩᠭᠠᠭᠰᠠᠨ ᠪᠠᠶᠢᠨ᠎ᠠ᠃ ᠡᠴᠦᠰ ᠲᠤ᠂ ᠱᠠᠭᠠᠷᠳᠠᠯᠭ᠎ᠠ ᠪᠦᠬᠦᠢ ᠰᠠᠭᠤᠭᠠᠯᠢ ᠠᠷᠠᠳ ᠨᠠᠶᠢᠵᠠ ᠨᠠᠷ ᠲᠤ ᠣᠶᠢᠷ᠎ᠠ ᠬᠠᠷᠠᠭ᠎ᠠ ᠮᠡᠰᠡ ᠵᠠᠰᠠᠯ ᠬᠢᠬᠦ᠂ ᠬᠢᠯᠠᠷ ᠬᠠᠷᠠᠭ᠎ᠠ ᠪᠠᠷ ᠪᠠᠭᠤᠷᠠᠶ ᠮᠡᠰᠡ ᠵᠠᠰᠠᠯ ᠬᠢᠬᠦ ᠪᠠ ︽ᠭᠤᠷᠪᠠᠨ ᠳᠡᠭᠡᠳᠦ︾ ᠶᠢᠨ ᠨᠠᠷᠢᠨ ᠪᠠᠶᠢᠴᠠᠭᠠᠯᠲᠠ ᠶᠢᠨ ᠯᠠᠪᠯᠠᠭ᠎ᠠ ᠶᠢᠨ ᠤᠷᠢᠳᠴᠢᠯᠠᠨ ᠪᠣᠯᠵᠣᠬᠤ ᠦᠢᠯᠡᠴᠢᠯᠡᠭᠡ ᠬᠠᠩᠭᠠᠪᠠ᠃    ᠡᠶᠢᠮᠦᠷᠬᠦᠦ ᠠᠵᠢᠯᠯᠠᠭ᠎ᠠ ᠪᠠᠷ ᠳᠠᠮᠵᠢᠨ ᠬᠠᠷᠢᠶᠠᠲᠤ ᠣᠷᠣᠨ ᠤ ᠨᠠᠰᠤᠲᠠᠶᠢᠴᠤᠳ ᠲᠤ ᠳᠥᠭᠦᠮ ᠳᠥᠲᠡ᠂ ᠲᠤᠰᠬᠠᠶ ᠮᠡᠷᠭᠡᠵᠢᠯ ᠤᠨ ᠡᠮᠴᠢᠯᠡᠭᠡᠨ ᠤ ᠦᠢᠯᠡᠴᠢᠯᠡᠭᠡ ᠬᠠᠩᠭᠠᠭᠰᠠᠨ ᠢᠶᠠᠷ ᠪᠠᠷᠠᠬᠤ ᠥᠬᠡᠶ᠂ ᠡᠮᠨᠡᠯᠭᠡ ᠶᠢᠨ ᠬᠤᠷᠢᠶ᠎ᠠ ᠪᠣᠯᠤᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠤᠭᠤᠷᠣᠨᠳᠣᠬᠢ ᠵᠠᠶ ᠶᠢ ᠨᠠᠩ ᠣᠶᠢᠷᠠᠲᠤᠭᠤᠯᠵᠠᠶ᠃ ᠳᠠᠷᠠᠭᠠᠴᠢ ᠶᠢᠨ ᠠᠯᠬᠤᠮ ᠳᠤ᠂ ᠯᠦᠩ ᠢᠦᠢ ᠭᠡᠷ ᠬᠤᠷᠢᠶᠠᠯᠠᠯ ᠦᠷᠭᠦᠯᠵᠢᠯᠡᠨ ᠡᠮᠴᠢᠯᠡᠭᠡᠨ ᠤ ᠪᠠᠶᠢᠭᠤᠯᠤᠮᠵᠢ ᠯᠤᠭ᠎ᠠ ᠢᠳᠡᠪᠬᠢᠲᠡᠢ ᠬᠠᠮᠲᠤᠷᠠᠯᠴᠠᠵᠤ᠂ ᠨᠡᠩ ᠤᠯᠠᠨ ᠠᠳᠠᠯᠢᠪᠲᠤᠷ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠵᠦ᠂ ᠭᠡᠷ ᠬᠤᠷᠢᠶᠠᠯᠠᠯ ᠤᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢ ᠬᠠᠮᠠᠭᠠᠯᠠᠨ᠎ᠠ᠃ 
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号