ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠤᠨ ᠬᠢᠷᠢ ᠲᠦᠪᠰᠢᠨ ᠢ ᠦᠨᠡᠨᠬᠦ | ᠳᠡᠭᠡᠭᠰᠢᠯᠡᠭᠦᠯᠵᠦ᠂ ᠤᠯᠤᠰ ᠤᠨ ᠥᠮᠴᠢᠯᠡᠯᠲᠦ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ | ᠪᠦᠲᠦᠮᠵᠢᠲᠡᠢ ᠠᠬᠢᠭᠤᠯᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠤᠭ ᠶᠡᠭᠡ ᠦᠷ᠎ᠡ ᠪᠦᠲᠦᠮᠵᠢ ᠶᠢ | ᠪᠠᠳᠠᠷᠠᠭᠤᠯᠬᠤ ᠶᠢᠨ ᠲᠥᠯᠥᠭᠡ᠂ ᠵᠢᠦ ᠶᠤᠸᠠᠨ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠲᠥᠪ ᠨᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠠᠵᠢᠯᠲᠠᠳ ᠲᠠᠢ ᠬᠠᠮᠲᠤᠷᠠᠨ | ᠬᠤᠶᠠᠷᠬᠤᠳᠳᠤᠭ ᠤᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠭᠡᠷ ᠪᠦᠯᠢ ᠶᠢᠨ ᠭᠡᠷ᠂ ᠬᠤᠷᠢᠨᠭᠡᠷ ᠪᠠᠯᠭᠠᠰᠤᠨ ᠤ | ᠴᠢᠤᠸᠠᠨ ᠪᠠᠲᠤ ᠡᠷᠡᠭᠦᠯ ᠬᠠᠮᠠᠭᠠᠯᠠᠯ ᠤᠨ ᠭᠠᠵᠠᠷ᠂ ᠪᠠᠶᠠᠨᠰᠢᠯᠢ ᠵᠡᠷᠭᠡ 8 ᠰᠢᠶᠠᠩ ᠪᠠᠯᠭᠠᠰᠤᠨ ᠤ ᠡᠷᠡᠭᠦᠯ | ᠬᠠᠮᠠᠭᠠᠯᠠᠯ ᠤᠨ ᠬᠤᠷᠢᠶ᠎ᠠ ᠳᠤ ᠭᠦᠨᠵᠡᠭᠡᠶᠢᠷᠡᠵᠦ᠂ ᠰᠤᠯᠠ ᠪᠠᠶᠢᠭ᠎ᠠ ᠭᠡᠷ ᠬᠥᠷᠥᠩᠭᠡ ᠳᠤ ᠪᠦᠬᠦ ᠲᠠᠯ᠎ᠠ ᠶᠢᠨ | ᠲᠤᠬᠠᠢ ᠶᠢᠨ ᠭᠠᠵᠠᠷ ᠤᠨ ᠲᠤᠭᠠᠯᠠᠨ ᠪᠦᠷᠢᠳᠭᠡᠬᠦ ᠠᠵᠢᠯ ᠥᠷᠨᠢᠭᠦᠯᠪᠡ᠃ | | | | ᠲᠣᠰ ᠤᠳᠠᠭᠠᠨ ᠤ ᠲᠤᠬᠠᠶ ᠶᠢᠨ ᠭᠠᠵᠠᠷ ᠤᠨ ᠲᠣᠭᠠᠯᠠᠨ ᠪᠦᠷᠢᠳᠬᠡᠬᠦ ᠠᠵᠢᠯ ᠤᠨ ᠳᠤᠮᠳᠠ᠂ ᠤᠯᠤᠰ ᠤᠨ | ᠥᠮᠴᠢᠯᠡᠯ ᠤᠨ ᠡᠳ᠋ ᠬᠥᠷᠥᠩᠭᠡ ᠶᠢᠨ ᠲᠥᠪ ᠤᠨ ᠠᠵᠢᠯᠲᠠᠨ ᠬᠡᠷ ᠬᠥᠷᠥᠩᠭᠡ ᠨᠢᠭᠡᠪᠦᠷᠢ ᠳᠤ ᠴᠥᠮ ᠲᠦᠢᠯ ᠤᠨ | ᠨᠠᠷᠢᠨ ᠪᠠᠶᠢᠴᠠᠭᠠᠯᠲᠠ ᠬᠢᠵᠦ᠂ ᠬᠡᠷ ᠬᠥᠷᠥᠩᠭᠡ ᠶᠢᠨ ᠪᠠᠶᠢᠭ᠎ᠠ ᠭᠠᠵᠠᠷ ᠵᠦᠶ ᠶᠢᠨ ᠪᠠᠶᠢᠷᠢᠰᠢᠯ᠂ ᠬᠡᠷ ᠬᠥᠷᠥᠩᠭᠡ ᠶᠢᠨ | ᠪᠦᠲᠦᠴᠡ᠂ ᠵᠢᠯ ᠬᠤᠭᠤᠴᠠᠭ᠎ᠠ ᠶᠢᠨ ᠪᠠᠶᠢᠳᠠᠯ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠡᠳ᠋ | ᠬᠥᠷᠥᠩᠭᠡ ᠶᠢᠨ ᠣᠳᠣᠬᠢ ᠪᠠᠶᠢᠳᠠᠯ ᠤᠨ ᠬᠡᠷᠡᠯ ᠵᠢᠷᠤᠭ ᠢ ᠦᠯᠡᠳᠡᠭᠡᠨ ᠬᠠᠳᠠᠭᠠᠯᠠᠵᠠᠶ᠃ ᠲᠤᠬᠠᠶ ᠶᠢᠨ ᠭᠠᠵᠠᠷ ᠲᠤᠨᠢ | ᠪᠠᠶᠢᠴᠠᠭᠠᠯᠲᠠ ᠬᠢᠬᠦ ᠶᠠᠪᠤᠴᠠ ᠳᠤ᠂ ᠠᠵᠢᠯᠲᠠᠳ ᠮᠠᠰᠢ ᠣᠯᠠᠨ ᠠᠰᠠᠭᠤᠳᠠᠯ ᠢ ᠣᠯᠵᠤ ᠮᠡᠳᠡᠵᠡᠶ᠂ ᠵᠢᠱᠢᠶᠡᠯᠡᠪᠡᠯ | ᠬᠡᠰᠡᠭ ᠬᠡᠷ ᠪᠠᠶᠢᠰᠢᠩ ᠨᠢ ᠨᠢᠭᠡᠨᠲᠡ ᠬᠠᠭᠤᠴᠢᠷᠠᠵᠤ ᠡᠪᠳᠡᠷᠡᠭᠰᠡᠨ ᠪᠤᠶᠤ ᠨᠤᠷᠠᠭᠰᠠᠨ ᠠᠴᠠ ᠪᠣᠯᠵᠣ ᠬᠡᠷᠡᠭᠯᠡᠬᠦ ᠶᠢᠨ | ᠠᠷᠭ᠎ᠠ ᠥᠬᠡᠶ ᠪᠣᠯᠤᠭᠰᠠᠨ᠂ ᠬᠡᠷ ᠪᠠᠶᠢᠰᠢᠩ ᠤᠨ ᠡᠵᠡᠯᠡᠵᠦ ᠪᠠᠶᠢᠭ᠎ᠠ ᠭᠠᠵᠠᠷ ᠰᠢᠷᠣᠶ ᠶᠢᠨ ᠰᠢᠨᠵᠢ ᠴᠢᠨᠠᠷ ᠨᠢ | ᠲᠣᠰᠬᠤᠨ ᠤ ᠬᠠᠮᠲᠤ ᠶᠢᠨ ᠭᠠᠵᠠᠷ ᠰᠢᠷᠣᠶ ᠪᠣᠯᠤᠨ᠎ᠠ᠂ ᠣᠷᠣᠨ ᠬᠤᠪᠢᠶᠠᠷᠢᠯᠠᠯ ᠤᠨ ᠠᠰᠠᠭᠤᠳᠠᠯ ᠠᠴᠠ ᠪᠣᠯᠵᠣ ᠬᠡᠰᠡᠭ | ᠡᠳ᠋ ᠬᠥᠷᠥᠩᠭᠡ ᠨᠢ ᠣᠲᠣ ᠮᠠᠨ ᠤ ᠬᠠᠷᠢᠶ᠎ᠠ ᠣᠷᠣᠨ ᠤ ᠬᠡᠪᠴᠢᠶᠡᠨ ᠳᠤ ᠪᠠᠶᠢᠬᠤ ᠥᠬᠡᠶ ᠪᠣᠯᠤᠭᠰᠠᠨ ᠵᠡᠷᠭᠡ ᠪᠣᠯᠤᠨ᠎ᠠ᠃ | ᠳᠡᠭᠡᠷ᠎ᠡ ᠳᠤᠷᠠᠳᠤᠭᠰᠠᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠳᠤ ᠴᠢᠭᠯᠡᠭᠦᠯᠦᠨ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠬᠢᠨ ᠤᠯᠤᠰ ᠤᠨ ᠭᠠᠵᠠᠷ ᠰᠢᠷᠤᠢ ᠶᠢᠨ ᠰᠠᠯᠠᠭ᠎ᠠ ᠮᠦᠴᠢᠷ ᠢ | ᠢᠳᠡᠪᠬᠢᠲᠡᠶ ᠵᠣᠬᠢᠴᠠᠭᠤᠯᠵᠤ᠂ ᠰᠤᠯᠠ ᠪᠠᠶᠢᠭ᠎ᠠ ᠬᠡᠷ ᠬᠥᠷᠥᠩᠭᠡ ᠶᠢᠨ ᠡᠵᠡᠯᠡᠵᠦ ᠪᠠᠶᠢᠭ᠎ᠠ ᠭᠠᠵᠠᠷ ᠰᠢᠷᠣᠶ ᠶᠢᠨ | ᠲᠥᠷᠥᠯ ᠤᠨ ᠪᠠᠶᠢᠳᠠᠯ ᠵᠢᠴᠢ ᠲᠠᠯᠠᠪᠠᠶ ᠶᠢ ᠲᠦᠷᠭᠡᠬᠡᠨ ᠲᠣᠳᠣᠷᠬᠠᠶᠢᠯᠠᠬᠤ ᠬᠡᠷᠡᠭᠲᠡᠶ︔ ᠰᠢᠶᠠᠩ ᠪᠠᠯᠭᠠᠰᠤᠨ ᠤ | ᠵᠠᠰᠠᠭ ᠤᠨ ᠣᠷᠳᠣᠨ ᠲᠠᠢ ᠵᠣᠯᠭᠠᠭᠤᠯᠬᠤ ᠶᠢ ᠲᠦᠷᠭᠡᠳᠬᠡᠵᠦ᠂ ᠡᠳ᠋ ᠬᠥᠷᠥᠩᠭᠡ ᠶᠢᠨ ᠬᠡᠷᠡᠭᠯᠡᠯᠲᠡ ᠶᠢᠨ ᠴᠢᠭᠯᠡᠯ ᠢ | ᠵᠥᠪᠳᠡᠯᠴᠡᠨ᠂ ᠡᠳ᠋ ᠬᠥᠷᠥᠩᠭᠡ ᠶᠢᠨ ᠬᠡᠷᠡᠭᠯᠡᠯᠲᠡ ᠶᠢᠨ ᠦᠷ᠎ᠡ ᠠᠰᠢᠭ ᠢ ᠦᠷᠭᠦᠯᠵᠢᠯᠡᠨ ᠨᠠᠩ ᠰᠠᠶᠢᠨ | ᠪᠠᠳᠠᠷᠠᠭᠤᠯᠬᠤ ᠳᠤ ᠲᠥᠬᠦᠮ ᠦᠵᠡᠭᠦᠯᠦᠨ᠎ᠡ︔ ᠳᠠᠯᠠᠨ ᠪᠤᠯᠠᠭ ᠪᠠᠯᠭᠠᠰᠤᠨ ᠤ ᠭᠤᠤᠯ ᠡᠷᠡᠭᠦᠯ ᠬᠠᠮᠠᠭᠠᠯᠠᠯ ᠤᠨ | ᠬᠤᠷᠢᠶ᠎ᠠ ᠶᠢᠨ ᠨᠢᠭᠡᠨ ᠬᠡᠷ ᠬᠥᠷᠥᠩᠭᠡ ᠨᠢ ᠣᠷᠣᠨ ᠬᠤᠪᠢᠶᠠᠷᠢᠯᠠᠯ ᠠᠴᠠ ᠪᠣᠯᠵᠣ ᠳᠡᠭᠡᠳᠦ ᠰᠢᠨ᠎ᠡ ᠮᠡᠷᠭᠡᠵᠢᠯ ᠤᠨ | ᠲᠣᠭᠤᠷᠢᠭ ᠤᠨ ᠵᠠᠭᠠᠭ ᠲᠠᠬᠢ ᠶᠢᠩᠽᠢ ᠳᠤ ᠪᠠᠶᠢᠷᠢᠯᠠᠵᠤ᠂ ᠮᠠᠨ ᠤ ᠬᠠᠷᠢᠶ᠎ᠠ ᠣᠷᠣᠨ ᠤ ᠬᠢᠨᠠᠨ ᠬᠠᠮᠢᠶᠠᠷᠬᠤ | ᠬᠡᠪᠴᠢᠶᠡᠨ ᠳᠤ ᠪᠠᠶᠢᠬᠤ ᠥᠬᠡᠶ᠂ ᠲᠣᠰ ᠬᠡᠷ ᠬᠥᠷᠥᠩᠭᠡ ᠨᠢ ᠮᠥᠨ ᠬᠡᠷᠡᠭᠯᠡᠭᠡᠨ ᠤ ᠦᠨ᠎ᠡ ᠥᠷᠲᠡᠭ ᠲᠠᠢ ᠪᠠᠶᠢᠬᠤ ᠶᠢ | ᠪᠣᠳᠣᠯᠬᠢᠯᠠᠪᠠᠯ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ | ᠮᠥᠴᠢᠷ ᠪᠣᠯᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠨᠡᠪᠲᠡᠷᠡᠯᠴᠡᠨ ᠵᠣᠯᠭᠠᠭᠤᠯᠬᠤ ᠶᠢ | ᠰᠠᠶᠢᠲᠤᠷ ᠬᠢᠵᠦ᠂ ᠡᠳ᠋ ᠬᠥᠷᠥᠩᠭᠡ ᠶᠢᠨ ᠡᠷᠬᠡ ᠶᠢᠨ ᠬᠠᠷᠢᠶᠠᠯᠠᠯ ᠢ ᠨᠤᠲᠠᠯᠠᠨ ᠲᠣᠭᠲᠠᠭᠠᠵᠤ᠂ ᠮᠠᠨ ᠤ ᠬᠤᠲᠠ ᠶᠢᠨ | ᠬᠤᠶᠢᠰᠢᠳᠠ ᠶᠢᠨ《ᠲᠣᠮᠣ ᠤᠯᠤᠰ ᠤᠨ ᠡᠳ᠋ ᠬᠥᠷᠥᠩᠭᠡ᠂ ᠨᠢᠭᠡ ᠬᠥᠯᠭᠡ ᠰᠢᠲᠠᠷ᠎ᠠ》 ᠶᠢᠨ ᠠᠵᠢᠯ ᠳᠤ ᠬᠦᠴᠦᠨ | ᠴᠢᠳᠠᠯ ᠢᠶᠠᠨ ᠡᠷᠭᠦᠨ᠎ᠡ᠃ | ᠲᠠᠷᠠᠭᠠᠴᠢ ᠪᠠᠷ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠲᠥᠪ ᠨᠢ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠰᠠᠯᠠᠭ᠎ᠠ ᠮᠥᠴᠢᠷ ᠤᠨ ᠬᠢᠨᠠᠨ ᠬᠠᠷᠭᠤᠭᠤᠯᠤᠭᠰᠠᠨ ᠪᠠᠶᠢᠳᠠᠯ ᠢ ᠦᠨᠳᠦᠰᠦᠯᠡᠨ᠂ ᠬᠠᠷᠢᠶ᠎ᠠ ᠣᠷᠣᠨ ᠤ ᠡᠳ᠋ | ᠬᠥᠷᠥᠩᠭᠡ ᠳᠤ ᠲᠥᠯᠥᠪᠵᠢᠭᠦᠯᠭᠡ ᠲᠣᠬᠢᠷᠠᠭᠤᠯᠤᠯᠲᠠ ᠬᠢᠵᠦ᠂ ᠡᠳ᠋ ᠪᠣᠳᠠᠰ ᠢ ᠭᠦᠢᠴᠡᠳ ᠬᠡᠷᠡᠭᠯᠡᠬᠦ ᠶᠢ ᠦᠨᠡᠨ ᠬᠦ | ᠪᠠᠲᠤᠯᠠᠬᠤ ᠶᠢᠨ ᠬᠠᠮᠲᠤ ᠪᠠᠰᠠ ᠣᠷᠳᠣ ᠬᠤᠭᠤᠴᠠᠭ᠎ᠠ ᠪᠠᠷ ᠰᠤᠯᠠ ᠪᠠᠶᠢᠬᠤ ᠠᠴᠠ ᠪᠣᠯᠵᠣ ᠡᠳ᠋ ᠬᠥᠷᠥᠩᠭᠡ ᠶᠢᠨ | ᠠᠯᠳᠠᠭᠳᠠᠵᠤ ᠭᠡᠭᠡᠭᠳᠡᠬᠦ ᠠᠰᠠᠭᠤᠳᠠᠯ ᠢ ᠡᠬᠢ ᠡᠭᠦᠰᠦᠯ ᠠᠴᠠ ᠨᠢ ᠬᠤᠷᠢᠭᠯᠠᠵᠤ᠂ ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠪᠡᠶᠡᠯᠡᠭᠦᠯᠵᠦ᠂ ᠤᠯᠤᠰ ᠤᠨ ᠥᠮᠴᠢᠯᠡᠯ ᠤᠨ | ᠡᠳ᠋ ᠬᠥᠷᠥᠩᠭᠡ ᠶᠢ ᠬᠠᠮᠲᠤ ᠶᠢᠨ ᠠᠵᠤ ᠠᠬᠤᠶ ᠶᠢᠨ ᠬᠥᠭᠵᠢᠯᠲᠡ ᠳᠤ ᠨᠠᠩ ᠶᠡᠭᠡ ᠦᠷ᠎ᠡ ᠠᠰᠢᠭ ᠭᠠᠷᠭᠠᠭᠤᠯᠬᠤ | ᠪᠣᠯᠤᠨ᠎ᠠ᠃ | | |