ᠵᠢᠤ ᠶᠤᠸᠠᠨ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠤᠨ ᠪᠠᠶᠢᠭᠤᠯᠭ᠎ᠠ ᠶᠢᠨ ᠠᠵᠢᠯᠴᠢᠨ ᠤ ᠡᠪᠯᠡᠯ《ᠤᠷᠠᠨ ᠭᠠᠷ ᠣᠶᠤᠨ ᠤᠬᠠᠭᠠᠨ ᠢᠶᠠᠷ ᠰᠠᠶᠢᠨ ᠰᠠᠶᠢᠬᠠᠨ ᠢ ᠡᠭᠦᠳᠴᠦ᠂ ᠴᠡᠭᠡᠨ ᠬᠥᠰᠢᠭᠡ ᠶᠢᠨ ᠭᠡᠷᠡᠯ ᠵᠢᠷᠤᠭ ᠢᠶᠠᠷ ᠥᠩᠭᠡ ᠭᠢᠯᠪᠠᠭ᠎ᠠ ᠪᠠᠨ ᠰᠠᠴᠤᠷᠠᠭᠤᠯᠬᠤ》ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/13
    ᠡᠮᠡᠭᠲᠡᠶ ᠠᠵᠢᠯᠲᠠᠨ ᠠᠵᠢᠯᠴᠢᠨ ᠤ ᠣᠯᠠᠨ ᠡᠰᠢᠲᠦ ᠬᠡᠷᠡᠭᠴᠡᠭᠡ ᠶᠢ ᠭᠦᠨᠵᠡᠭᠡᠶ ᠠᠩᠬᠠᠷᠴᠤ᠂ ᠵᠢᠤ ᠶᠤᠸᠠᠨ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠤᠨ ᠪᠠᠶᠢᠭᠤᠯᠭ᠎ᠠ ᠶᠢᠨ ᠠᠵᠢᠯᠴᠢᠨ ᠤ ᠡᠪᠯᠡᠯ ᠤᠨ ᠠᠵᠢᠯᠲᠠᠨ ᠠᠵᠢᠯᠴᠢᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠬᠠᠶᠢᠷ᠎ᠠ ᠬᠠᠯᠠᠮᠵᠢ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠵᠤ᠂ ᠡᠮᠡᠭᠲᠡᠶ ᠠᠵᠢᠯᠲᠠᠨ ᠠᠵᠢᠯᠴᠢᠨ ᠳᠤ ᠠᠵᠢᠯᠴᠢᠨ ᠤ ᠡᠪᠯᠡᠯ ᠤᠨ ᠶᠡᠭᠡ ᠬᠡᠷ ᠪᠦᠯᠢ ᠶᠢᠨ ᠬᠠᠯᠠᠭᠤᠨ ᠳᠤᠯᠠᠭᠠᠨ ᠢ ᠮᠡᠳᠡᠷᠡᠭᠦᠯᠪᠡ᠃ 3 ᠰᠠᠷ᠎ᠠ ᠶᠢᠨ 7  ᠤ ᠡᠳᠦᠷ᠂ ᠵᠢᠤ ᠶᠤᠸᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠨ ᠪᠠᠶᠢᠭᠤᠯᠤᠯᠭ᠎ᠠ ᠶᠢᠨ ᠠᠵᠢᠯᠴᠢᠨ ᠤ ᠡᠪᠯᠡᠯ《ᠤᠷᠠᠨ ᠭᠠᠷ ᠤᠶᠤᠨ ᠤᠬᠠᠭᠠᠨ ᠢᠶᠠᠷ ᠰᠠᠶᠢᠨ ᠰᠠᠶᠢᠬᠠᠨ ᠢ ᠡᠭᠦᠳᠴᠦ᠂ ᠴᠡᠭᠡᠨ ᠬᠥᠰᠢᠭᠡ ᠶᠢᠨ ᠭᠡᠷᠡᠯ ᠵᠢᠷᠤᠭ ᠢᠶᠠᠷ ᠭᠡᠷᠡᠯ ᠭᠢᠯᠪᠠᠭ᠎ᠠ ᠪᠠᠨ ᠰᠠᠴᠤᠷᠠᠭᠤᠯᠬᠤ》ᠭᠤᠣᠯ ᠰᠡᠳᠦᠪᠲᠦ ᠠᠵᠢᠯᠯᠠᠭ᠎ᠠ ᠶᠢ ᠠᠮᠵᠢᠯᠲᠠᠲᠠᠢ ᠡᠷᠬᠢᠯᠡᠵᠦ᠂ ᠪᠠᠶᠢᠭᠤᠯᠤᠯᠭ᠎ᠠ ᠶᠢᠨ ᠠᠵᠢᠯᠴᠢᠨ ᠤ ᠡᠪᠯᠡᠯ ᠤᠨ ᠪᠦᠬᠦ ᠭᠡᠰᠢᠭᠦᠨ ᠵᠢᠴᠢ ᠬᠤᠷᠠᠯ ᠤᠨ ᠬᠠᠷᠢᠶ᠎ᠠ ᠪᠠᠨ ᠦᠯᠡᠳᠡᠭᠡᠭᠰᠡᠨ ᠬᠥᠮᠦᠰ ᠢᠳᠡᠪᠬᠢᠲᠡᠢ ᠣᠷᠣᠯᠴᠠᠪᠠ᠃
111.jpg
    ᠬᠥᠳᠡᠯᠭᠡᠭᠡᠨ ᠤ ᠠᠭᠤᠯᠭ᠎ᠠ ᠶᠢ ᠬᠤᠶᠠᠷ ᠬᠡᠰᠡᠭ ᠬᠤᠪᠢᠶᠠᠵᠤ᠂ ᠲᠤᠰ ᠪᠦᠷᠢ ᠭᠠᠷ ᠤᠷᠠᠯᠠᠯ DIY ᠪᠡᠶᠡᠴᠢᠯᠡᠨ ᠣᠶᠢᠯᠠᠭᠠᠬᠤ ᠠᠵᠢᠯᠯᠠᠭ᠎ᠠ ᠪᠠ ᠭᠤᠣᠯ ᠰᠡᠳᠦᠪᠲᠦ ᠺᠢᠨᠣ᠋ ᠦᠵᠡᠬᠦ ᠠᠵᠢᠯᠯᠠᠭ᠎ᠠ ᠪᠣᠯᠤᠨ᠎ᠠ᠃ ᠭᠠᠷ ᠤᠷᠠᠯᠠᠯ ᠤᠨ ᠠᠵᠢᠯᠯᠠᠭ᠎ᠠ ᠡᠬᠢᠯᠡᠮᠡᠭᠴᠡ᠂ ᠠᠵᠢᠯᠯᠠᠭ᠎ᠠ ᠳᠤ ᠣᠷᠣᠯᠴᠠᠭᠰᠠᠨ ᠠᠵᠢᠯᠲᠠᠨ ᠠᠵᠢᠯᠴᠢᠨ ᠵᠢᠤ ᠶᠤᠸᠠᠨ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠤᠨ ᠬᠤᠶᠠᠳᠤᠭᠠᠷ ᠳᠠᠪᠬᠤᠷᠯᠢᠭ ᠤᠨ ᠬᠤᠷᠠᠯ ᠤᠨ ᠬᠡᠷ ᠲᠤ ᠭᠠᠷ ᠤᠨ ᠥᠰᠥᠭ ᠵᠢᠷᠤᠬᠤ ᠶᠢᠨ ᠬᠠᠮᠲᠤ ᠮᠠᠲ᠋ᠧᠷᠢᠶᠠᠯ ᠤᠨ ᠪᠣᠭᠴᠣ ᠪᠠᠨ ᠠᠪᠴᠤ᠂ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠤᠨ ᠤᠳᠤᠷᠢᠳᠤᠯᠭ᠎ᠠ ᠶᠠᠷᠢᠶ᠎ᠠ ᠲᠠᠯᠪᠢᠵᠤ᠂ ᠡᠮᠡᠭᠲᠡᠶ ᠠᠵᠢᠯᠲᠠᠨ ᠠᠵᠢᠯᠴᠢᠨ ᠢ ᠬᠠᠯᠠᠮᠵᠢᠯᠠᠵᠤ ᠪᠠᠶᠢᠬᠤ ᠪᠠ ᠪᠠᠶᠠᠷ ᠤᠨ ᠡᠳᠦᠷ ᠤᠨ ᠵᠥᠩᠨᠡᠯ ᠢᠶᠠᠨ ᠢᠯᠡᠳᠬᠡᠬᠦ ᠶᠢᠨ ᠬᠠᠮᠲᠤ ᠲᠣᠰ ᠤᠳᠠᠭᠠᠨ ᠤ ᠠᠵᠢᠯᠯᠠᠭ᠎ᠠ ᠶᠢᠨ ᠣᠶᠤᠨ ᠰᠠᠨᠠᠭᠠᠨ ᠤ ᠠᠮᠢᠳᠤᠷᠠᠯ ᠢ ᠪᠠᠶᠠᠯᠢᠭᠵᠢᠭᠤᠯᠵᠤ᠂ ᠪᠦᠯᠬᠦᠮ ᠨᠡᠶᠢᠲᠡ ᠶᠢᠨ ᠨᠢᠭᠲᠠᠷᠠᠯ ᠤᠨ ᠬᠦᠴᠦᠨ ᠢ ᠴᠢᠩᠭᠠᠳᠬᠠᠬᠤ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠲᠣᠳᠣᠷᠬᠠᠶᠢᠯᠠᠨ ᠥᠭᠦᠯᠡᠪᠡ᠃ ᠦᠭᠡ ᠳᠠᠭᠤᠰᠤᠭᠰᠠᠨ ᠤ ᠳᠠᠷᠠᠭ᠎ᠠ᠂ ᠲᠤᠰᠬᠠᠶ ᠭᠠᠷ ᠦᠢᠯᠡᠳᠬᠡᠯ ᠤᠨ ᠪᠠᠭᠰᠢ ᠣᠯᠠᠨ ᠳᠤ ᠦᠢᠯᠡᠳᠬᠦ ᠤᠷ᠎ᠠ ᠮᠡᠷᠭᠡᠵᠢᠯ ᠵᠢᠴᠢ ᠠᠩᠬᠠᠷᠬᠤ ᠵᠦᠢᠯᠡᠰ ᠢ ᠨᠠᠷᠢᠨ ᠲᠠᠶᠢᠯᠪᠤᠷᠢᠯᠠᠨ ᠥᠭᠴᠦ᠂ ᠪᠤᠳᠤᠭ ᠨᠠᠶᠢᠷᠠᠭᠤᠯᠬᠤ ᠠᠴᠠ ᠵᠥᠭᠡᠬᠡᠶ ᠶᠢᠨ ᠴᠠᠪᠠᠤ ᠶᠢᠨ ᠪᠦᠲᠦᠭᠡᠭᠳᠡᠬᠦᠨ ᠤ ᠬᠡᠪ ᠬᠡᠯᠪᠡᠷᠢ ᠬᠦᠷᠲᠡᠯ᠎ᠡ ᠠᠯᠬᠤᠮ ᠪᠦᠷᠢ ᠶᠢ ᠨᠢ ᠨᠠᠷᠢᠯᠢᠭ ᠰᠠᠶᠢᠬᠠᠨ ᠲᠠᠶᠢᠯᠪᠤᠷᠢᠯᠠᠵᠠᠶ᠃ ᠳᠠᠷᠠᠭᠠᠴᠢ ᠶᠢᠨ ᠪᠦᠲᠦᠭᠡᠯᠴᠢ ᠪᠠᠷ ᠦᠢᠯᠡᠳᠬᠦ ᠭᠤᠭᠴᠣᠭᠠᠨ ᠳᠤ᠂ ᠠᠵᠢᠯᠳᠠᠨ ᠨᠠᠷ ᠲᠥᠰᠦᠭᠡᠯᠡᠨ ᠪᠤᠳᠤᠬᠤ ᠴᠢᠳᠠᠪᠤᠷᠢ ᠪᠠ ᠪᠦᠲᠦᠭᠡᠯᠴᠢ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨᠲᠡᠢ ᠪᠠᠶᠢᠯ᠎ᠠ᠃ ᠤᠯᠠᠨ ᠢᠶᠠᠷ ᠢᠶᠠᠨ ᠬᠠᠷᠢᠯᠴᠠᠨ ᠰᠣᠯᠢᠯᠴᠠᠵᠤ᠂ ᠬᠠᠷᠢᠯᠴᠠᠨ ᠯᠠᠪᠯᠠᠯᠲᠠ ᠪᠤᠯᠭᠠᠨ᠂ ᠭᠠᠷ ᠤᠷᠠᠯᠠᠯ ᠤᠨ ᠪᠠᠭᠰᠢ ᠶᠢᠨ ᠵᠢᠯᠤᠭᠤᠳᠤᠯᠭ᠎ᠠ ᠳᠣᠣᠷ᠎ᠠ᠂ ᠨᠠᠷᠢᠯᠢᠭ ᠰᠠᠶᠢᠬᠠᠨ ᠭᠠᠷ ᠤᠷᠠᠯᠠᠯ ᠤᠨ ᠪᠦᠲᠦᠭᠡᠭᠳᠡᠬᠦᠨ ᠨᠦᠭᠦᠳ ᠠᠭᠠᠵᠢᠮ ᠢᠶᠠᠷ ᠪᠦᠷᠢᠯᠳᠦᠵᠡᠢ᠃ ᠭᠠᠷ ᠤᠷᠠᠯᠠᠯ ᠤᠨ ᠠᠵᠢᠯᠯᠠᠭ᠎ᠠ ᠶᠢᠨ ᠲᠡᠭᠦᠰᠬᠡᠯ ᠳᠤ᠂ ᠣᠯᠠᠨ ᠢᠶᠠᠷ ᠢᠶᠠᠨ ᠥᠪᠡᠷ ᠤᠨ ᠪᠦᠲᠦᠭᠡᠯ ᠢᠶᠠᠨ ᠳᠡᠯᠭᠡᠨ ᠦᠵᠡᠭᠦᠯᠵᠦ᠂ ᠵᠣᠬᠢᠶᠠᠨ ᠪᠦᠲᠦᠭᠡᠬᠦ ᠶᠠᠪᠤᠴᠠ ᠳᠠᠬᠢ ᠣᠯᠤᠯᠲᠠ ᠪᠠ ᠪᠠᠶᠠᠷ ᠪᠠᠭ᠋ᠠᠳᠤᠯ ᠢᠶᠠᠨ ᠬᠤᠪᠢᠶᠠᠯᠴᠠᠨ᠂ ᠲᠤᠬᠠᠶ ᠶᠢᠨ ᠲᠠᠯᠠᠪᠠᠶ ᠳᠤ ᠮᠠᠭᠲᠠᠭᠠᠯ ᠤᠨ ᠳᠠᠭᠤᠨ ᠪᠠᠶᠢᠨ ᠪᠠᠶᠢᠨ ᠰᠤᠨᠤᠰᠳᠠᠨ᠎ᠠ᠃    ᠭᠠᠷ ᠤᠷᠠᠯᠠᠯ ᠤᠨ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠠᠵᠢᠯᠲᠠᠳ ᠪᠤᠭᠤᠲᠤ ᠶᠢᠨ ᠶᠠᠩ ᠭᠤᠸᠠᠩ ᠬᠥ᠋ ᠺᠢᠨᠣ᠋ ᠶᠢᠨ ᠬᠤᠲᠠ ᠳᠤ ᠬᠦᠷᠴᠦ᠂ ᠺᠢᠨᠣ᠋ ᠰᠣᠨᠢᠷᠬᠠᠬᠤ ᠠᠶᠠᠯᠠᠯ ᠢᠶᠠᠨ ᠡᠬᠢᠯᠡᠭᠦᠯᠪᠡ᠃ ᠨᠡᠪᠲᠡᠷᠡᠭᠦᠯᠦᠭᠰᠡᠨ ᠺᠢᠨᠣ᠋《 ᠰᠢᠮᠨᠤᠰ ᠤᠨ ᠬᠡᠦᠬᠡᠳ ᠨᠧ ᠽᠠ ᠶᠢᠨ ᠶᠢᠷᠲᠢᠨᠴᠤ ᠳᠤ ᠮᠠᠨᠳᠤᠯᠠᠪᠠ 2》 ᠨᠢ ᠭᠤᠶᠢᠳᠠ ᠰᠠᠶᠢᠬᠠᠨ ᠵᠦᠴᠦᠭᠡ ᠶᠢᠨ ᠦᠢᠯᠡ ᠶᠠᠪᠤᠳᠠᠯ᠂ ᠭᠤᠶᠢᠳᠠ ᠰᠠᠶᠢᠬᠠᠨ ᠵᠢᠷᠤᠭ ᠳᠦᠷᠰᠦ ᠪᠠᠷ ᠢᠶᠠᠨ ᠤᠯᠠᠨ ᠳᠤ ᠨᠢᠭᠡ ᠤᠳᠠᠭᠠᠨ ᠤ ᠦᠵᠡᠵᠦ ᠰᠣᠨᠣᠰᠬᠤ ᠦᠪᠡᠳᠡᠭᠰᠢ ᠳᠠᠶᠢᠯᠠᠯᠭ᠎ᠠ ᠶᠢ ᠠᠪᠴᠢᠷᠠᠭᠰᠠᠨ ᠪᠠᠶᠢᠨ᠎ᠠ᠃ ᠺᠢᠨᠣ᠋ ᠦᠵᠡᠬᠦ ᠶᠠᠪᠤᠴᠠ ᠳᠤ ᠣᠯᠠᠨ ᠢᠶᠠᠷ ᠢᠶᠠᠨ ᠺᠢᠨᠣ᠋ ᠶᠢᠨ ᠦᠢᠯᠡ ᠶᠠᠪᠤᠳᠠᠯ ᠳᠤ ᠰᠣᠭᠲᠣᠭᠤᠷᠠᠵᠤ᠂ ᠪᠡᠶ᠎ᠡ ᠰᠡᠳᠬᠢᠯ ᠢᠶᠠᠨ ᠲᠠᠶᠢᠪᠤᠰᠢᠷᠠᠭᠤᠯᠵᠤ᠂ ᠡᠨᠡ ᠬᠦ ᠣᠯᠳᠠᠰᠢ ᠥᠬᠡᠶ ᠰᠤᠯᠠ ᠰᠡᠯᠡᠭᠦᠦ ᠴᠠᠭ ᠮᠥᠴᠡ ᠶᠢ ᠡᠳ᠋ᠯᠡᠵᠦ ᠪᠠᠶᠢᠨ᠎ᠠ᠃
222.jpg
    ᠲᠣᠰ ᠤᠳᠠᠭᠠᠨ ᠤ ᠠᠵᠢᠯᠯᠠᠭ᠎ᠠ ᠨᠢ ᠠᠵᠢᠯᠲᠠᠨ ᠠᠵᠢᠯᠴᠢᠨ ᠳᠤ ᠣᠶᠤᠨ ᠤᠬᠠᠭᠠᠨ ᠭᠠᠷ ᠤᠷᠠᠨ ᠪᠠ ᠪᠦᠲᠦᠭᠡᠯᠴᠢ ᠴᠤᠭ ᠵᠢᠪᠬᠤᠭ᠎ᠠ ᠶᠢ ᠢᠯᠡᠷᠡᠭᠦᠯᠬᠦ ᠲᠠᠪᠴᠠᠩ ᠬᠠᠩᠭᠠᠭᠰᠠᠨ ᠢᠶᠠᠷ ᠪᠠᠷᠠᠬᠤ ᠥᠬᠡᠶ᠂ ᠪᠠᠰᠠ ᠪᠡᠶᠡᠴᠢᠯᠡᠨ ᠣᠶᠢᠯᠠᠭᠠᠬᠤ ᠪᠠ ᠺᠢᠨᠣ᠋ ᠰᠣᠨᠢᠷᠬᠠᠬᠤ ᠠᠵᠢᠯᠯᠠᠭ᠎ᠠ ᠬᠢᠬᠦ ᠪᠠᠷ ᠳᠡᠮᠵᠢᠨ᠂ ᠣᠯᠠᠨ ᠤ ᠠᠵᠢᠯ ᠤᠨ ᠳᠠᠷᠤᠯᠲᠠ ᠶᠢ ᠪᠦᠲᠦᠮᠵᠢᠲᠡᠶ ᠨᠠᠮᠳᠠᠭᠤᠯᠵᠤ᠂ ᠬᠤᠭᠤᠷᠣᠨᠳᠣᠬᠢ ᠨᠡᠪᠲᠡᠷᠡᠯᠴᠡᠭᠡ ᠪᠠ ᠰᠣᠯᠢᠯᠴᠠᠭ᠎ᠠ ᠪᠠᠨ ᠨᠡᠮᠡᠭᠳᠡᠭᠦᠯᠵᠦ᠂ ᠪᠦᠯᠬᠦᠮ ᠨᠡᠶᠢᠲᠡ ᠶᠢᠨ ᠨᠢᠭᠲᠠᠷᠠᠯ ᠤᠨ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠡᠶ᠃    ᠳᠠᠷᠠᠭᠠᠴᠢ ᠪᠠᠷ᠂ ᠵᠢᠤ ᠶᠤᠸᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠨ ᠪᠠᠶᠢᠭᠤᠯᠤᠯᠭ᠎ᠠ ᠶᠢᠨ ᠠᠵᠢᠯᠴᠢᠨ ᠤ ᠡᠪᠯᠡᠯ ᠦᠷᠭᠦᠯᠵᠢᠯᠡᠨ ᠠᠵᠢᠯᠳᠠᠨ ᠠᠵᠢᠯᠴᠢᠨ ᠢ ᠬᠠᠯᠠᠮᠵᠢᠯᠠᠨ ᠬᠠᠶᠢᠷᠠᠯᠠᠬᠤ ᠣᠶᠢᠯᠠᠭᠠᠭᠳᠠᠬᠤᠨ ᠢ ᠪᠠᠷᠢᠮᠲᠠᠯᠠᠵᠤ᠂ ᠨᠡᠩ ᠤᠯᠠᠨ ᠪᠠᠶᠠᠯᠢᠭ ᠠᠭᠤᠯᠭ᠎ᠠ ᠲᠠᠢ ᠠᠵᠢᠯᠯᠠᠭ᠎ᠠ ᠥᠷᠨᠢᠭᠦᠯᠵᠦ᠂ ᠠᠵᠢᠯᠳᠠᠨ ᠠᠵᠢᠯᠴᠢᠨ ᠤ ᠤᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠵᠤ᠂ ᠠᠵᠢᠯᠳᠠᠨ ᠠᠵᠢᠯᠴᠢᠨ ᠤ ᠵᠣᠯ ᠵᠢᠷᠭᠠᠯᠲᠤ ᠲᠦᠷᠦᠭᠳᠡᠯ ᠪᠣᠯᠤᠨ ᠬᠠᠷᠢᠶᠠᠯᠠᠭᠳᠠᠬᠤ ᠲᠦᠷᠦᠭᠳᠡᠯ ᠢ ᠳᠡᠭᠡᠭᠰᠢᠯᠡᠭᠦᠯᠵᠦ᠂ ᠠᠵᠢᠯᠳᠠᠨ ᠠᠵᠢᠯᠴᠢᠳ ᠲᠤ ᠨᠡᠩ ᠬᠠᠯᠠᠭᠤᠨ ᠳᠤᠯᠠᠭᠠᠨ᠂ ᠡᠶ᠎ᠡ ᠵᠣᠬᠢᠴᠠᠩᠭᠤᠢ ᠠᠵᠢᠯ ᠤᠨ ᠠᠭᠤᠷ ᠠᠮᠢᠰᠬᠤᠯ ᠢ ᠪᠤᠢ ᠪᠣᠯᠭᠠᠵᠤ ᠥᠭᠭᠦᠨ᠎ᠡ᠃ ᠵᠢᠤ ᠶᠤᠸᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠨ ᠬᠠᠯᠠᠮᠵᠢᠯᠠᠯ ᠳᠡᠮᠵᠢᠯᠭᠡ ᠳᠣᠣᠷ᠎ᠠ᠂ ᠪᠦᠬᠦ ᠠᠵᠢᠯᠳᠠᠨ ᠠᠵᠢᠯᠴᠢᠨ ᠤᠯᠠᠮ ᠣᠷᠭᠢᠯᠤᠮ᠎ᠠ ᠬᠠᠯᠠᠭᠤᠨ ᠰᠡᠳᠬᠢᠯᠭᠡ ᠪᠣᠯᠤᠨ ᠢᠳᠡᠪᠬᠢᠲᠡᠢ ᠣᠪᠣᠷ ᠢᠶᠠᠷ ᠠᠵᠢᠯ ᠳᠠᠭᠠᠨ ᠣᠷᠣᠯᠴᠠᠵᠤ᠂ ᠵᠢᠤ ᠶᠤᠸᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠶᠢ ᠢᠲᠡᠭᠡᠵᠦ ᠪᠠᠶᠢᠨ᠎ᠠ ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号