ᠵᠢᠦ ᠶᠤᠸᠠᠨ ᠲᠣᠭᠤᠷᠢᠭ ᠤᠨ ᠵᠠᠮ ᠬᠠᠷᠢᠯᠴᠠᠭᠠᠨ ᠤ ᠦᠢᠯᠡᠰ ᠤᠨ ᠬᠥᠭᠵᠢᠯᠲᠡ ᠶᠢᠨ ᠲᠥᠪ ᠪᠤᠭᠤᠲᠤ ᠬᠤᠲᠠ ᠶᠢᠨ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠠᠷᠠᠴᠢᠯᠠᠨ ᠬᠠᠮᠠᠭᠠᠯᠠᠬᠤ ᠲᠣᠬᠢᠷᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠢᠳᠡᠪᠬᠢᠲᠡᠢ ᠴᠤᠤᠷᠢᠶᠠᠲᠤᠨ᠎ᠠ
ᠨᠡᠶᠢᠲᠡᠯᠡᠭᠰᠡᠨ ᠴᠠᠭ᠄
2025/3/13
    ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠠᠮᠤᠷ ᠲᠦᠪᠰᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠵᠤ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠬᠥᠭᠵᠢᠯᠲᠡ ᠳᠤ ᠬᠦᠴᠦ ᠨᠡᠮᠡᠷᠢᠯᠡᠬᠦ ᠶᠢᠨ ᠲᠥᠯᠥᠭᠡ᠂ 3 ᠰᠠᠷ᠎ᠠ ᠶᠢᠨ 10  ᠤ ᠡᠳᠦᠷ᠂ ᠵᠢᠤ ᠶᠤᠸᠠᠨ ᠲᠣᠭᠤᠷᠢᠭ ᠤᠨ ᠵᠠᠮ ᠬᠠᠷᠢᠯᠴᠠᠭᠠᠨ ᠤ ᠦᠢᠯᠡᠰ ᠤᠨ ᠬᠥᠭᠵᠢᠯᠲᠡ ᠶᠢᠨ ᠲᠥᠪ ᠨᠢ ᠪᠤᠭᠤᠲᠤ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠡᠷᠭᠢᠯᠡᠨ ᠬᠤᠷᠠᠯᠳᠤᠭᠤᠯᠤᠭᠰᠠᠨ ᠪᠤᠭᠤᠲᠤ ᠬᠤᠲᠠ ᠶᠢᠨ 2025 ᠣᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠪᠠ᠃ ᠬᠤᠷᠠᠯ ᠤᠨ ᠳᠠᠷᠠᠭ᠎ᠠ᠂ ᠳᠣᠲᠣᠭᠠᠳᠤ ᠶᠢᠨ ᠬᠠᠮᠢᠶ᠎ᠠ ᠪᠦᠬᠦᠢ ᠬᠤᠷᠠᠯ ᠢ ᠳᠠᠷᠤᠶ ᠲᠦᠷᠭᠡᠨ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠭᠦᠨᠵᠡᠭᠡᠶ ᠰᠤᠳᠤᠯᠤᠨ ᠶᠠᠷᠢᠯᠴᠠᠵᠤ ᠪᠠᠶᠢᠷᠢᠯᠠᠭᠤᠯᠵᠠᠶ᠃
111.jpg
    ᠬᠤᠷᠠᠯ ᠳᠡᠭᠡᠷ᠎ᠡ᠂ 2024 ᠣᠨ ᠤ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠠᠵᠢᠯ ᠤᠨ ᠶᠡᠷᠦᠩᠬᠡᠶ ᠪᠠᠶᠢᠳᠠᠯ ᠢ ᠪᠥᠬᠦ ᠲᠠᠯ᠎ᠠ ᠪᠠᠷ ᠳ᠋ᠦᠩᠨᠡᠵᠦ᠂ ᠦᠷ᠎ᠡ ᠪᠦᠲᠦᠭᠡᠯ ᠪᠣᠯᠤᠨ ᠬᠦᠷᠦᠯᠴᠡᠬᠦ ᠥᠬᠡᠶ ᠲᠠᠯ᠎ᠠ ᠶᠢ ᠡᠮᠬᠢᠯᠡᠨ ᠳᠢᠭᠯᠡᠪᠡ᠃ 2025 ᠣᠨ ᠤ ᠪᠤᠭᠤᠲᠤ ᠬᠤᠲᠠ ᠶᠢᠨ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠠᠷᠠᠴᠢᠯᠠᠨ ᠬᠠᠮᠠᠭᠠᠯᠠᠬᠤ ᠠᠵᠢᠯ ᠤᠨ ᠡᠭᠦᠷᠭᠡ ᠶᠢᠨ ᠲᠣᠭᠤᠷᠢᠨ ᠳᠤ᠂ ᠭᠦᠨᠵᠡᠭᠡᠶ ᠶᠠᠷᠢᠯᠴᠠᠭ᠎ᠠ ᠥᠷᠨᠢᠭᠦᠯᠵᠦ᠂ ᠲᠥᠷᠥᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠵᠤ ᠮᠡᠳᠡᠬᠦ ᠡᠯ᠎ᠡ ᠲᠥᠷᠥᠯ ᠤᠨ ᠠᠰᠠᠭᠤᠳᠠᠯ ᠳᠤ ᠨᠠᠷᠢᠨ ᠵᠠᠳᠠᠯᠤᠯᠲᠠ ᠪᠠ ᠰᠤᠳᠤᠯᠤᠯᠲᠠ ᠬᠢᠪᠠ᠃    ᠬᠤᠷᠠᠯ ᠠᠴᠠ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠰᠠᠯᠠᠭ᠎ᠠ ᠮᠥᠴᠢᠷ ᠤᠨ  ᠬᠢᠨ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ ᠠᠵᠢᠯ ᠤᠨ ᠬᠤᠭᠤᠴᠠᠭ᠎ᠠ ᠶᠢ  ᠲᠤᠩᠭᠤᠷᠠᠭᠤᠯᠤᠨ ᠪᠠᠶᠢᠷᠢᠯᠠᠭᠤᠯᠬᠤ ᠬᠡᠷᠡᠭᠲᠡᠢ᠃ ᠨᠢᠭᠡ ᠲᠠᠯ᠎ᠠ ᠪᠠᠷ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠭᠡᠬᠦ ᠶᠢ ᠲᠦᠷᠭᠡᠳᠬᠡᠵᠦ᠂ ᠴᠤᠪᠤᠷᠠᠯ ᠢ ᠰᠢᠯᠢᠳᠡᠭᠵᠢᠭᠦᠯᠦᠨ᠂ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ︔ ᠨᠥᠭᠦᠭᠡ ᠲᠠᠯ᠎ᠠ ᠪᠠᠷ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ ᠢ ᠢᠳᠡᠪᠬᠢᠲᠡᠶ ᠲᠦᠯᠬᠢᠨ ᠠᠬᠢᠭᠤᠯᠵᠤ᠂ ᠡᠯ᠎ᠡ ᠵᠦᠢᠯ ᠤᠨ ᠶᠠᠪᠤᠴᠠ ᠶᠢᠨ ᠲᠣᠭᠲᠠᠭᠠᠯ ᠳᠤ ᠨᠡᠶᠢᠴᠡᠨ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯ ᠢᠶᠠᠨ ᠡᠬᠢᠯᠡᠭᠦᠯᠦᠨ ᠰᠡᠷᠭᠦᠭᠡᠬᠦ ᠶᠢ ᠲᠦᠷᠭᠡᠬᠡᠨ ᠪᠡᠶᠡᠯᠡᠭᠦᠯᠬᠦ ᠶᠢ ᠠᠬᠢᠭᠤᠯᠵᠤ᠂ ᠲᠥᠷᠥᠯ ᠵᠦᠢᠯ ᠤᠨ ᠬᠤᠭᠤᠴᠠᠭ᠎ᠠ ᠶᠣᠰᠣᠭᠠᠷ ᠠᠵᠢᠯ ᠢᠶᠠᠨ ᠳᠠᠭᠤᠰᠬᠠᠬᠤ ᠶᠢ ᠪᠠᠲᠤᠯᠠᠵᠤ᠂ ᠬᠥᠳᠡᠭᠡ ᠲᠣᠰᠬᠤᠨ ᠤ ᠭᠠᠵᠠᠷ ᠤᠷᠤᠨ ᠤ ᠵᠠᠮ ᠬᠠᠷᠢᠯᠴᠠᠭᠠᠨ ᠤ ᠬᠥᠭᠵᠢᠯᠲᠡ ᠬᠢᠭᠡᠳ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠳᠤ ᠪᠠᠲᠤ ᠪᠠᠬᠢ ᠪᠠᠲᠤᠯᠠᠭ᠎ᠠ ᠬᠠᠩᠭᠠᠬᠤ ᠬᠡᠷᠡᠭᠲᠡᠶ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号