ᠮᠡᠳᠡᠯᠭᠡ ᠳᠤ ᠴᠢᠳᠠᠪᠤᠷᠢ ᠣᠯᠭᠤᠵᠤ᠂ ᠣᠶᠤᠨ ᠳᠤ ᠵᠠᠮᠴᠢᠯᠠᠨ᠎ᠠ —ᠵᠢᠦ ᠶᠤᠸᠠᠨ ᠲᠣᠭᠤᠷᠢᠭ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ《 ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ 》 ᠤᠨ ᠬᠠᠮᠢᠶᠠᠷᠤᠯᠲᠠ ᠶᠢᠨ ᠠᠵᠢᠯᠲᠠᠨ ᠤ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/13
    ᠵᠢᠤ ᠶᠤᠸᠠᠨ ᠲᠤᠭᠤᠷᠢᠭ ᠤᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ《 ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ 》 ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂《 ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ 》 ᠤᠨ ᠬᠠᠮᠢᠶᠠᠷᠤᠯᠲᠠ ᠶᠢᠨ ᠠᠵᠢᠯᠲᠠᠨ ᠪᠠ ᠡᠳ᠋ ᠤᠨ ᠶᠠᠪᠤᠳᠠᠯ ᠤᠨ ᠠᠵᠢᠯᠲᠠᠨ ᠤ ᠲᠤᠰᠬᠠᠶ ᠮᠡᠷᠭᠡᠵᠢᠯ ᠤᠨ ᠬᠡᠪ ᠴᠢᠨᠠᠷ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠶ ᠶᠢᠨ ᠦᠷᠭᠦᠯᠵᠢᠯᠡᠨ ᠬᠥᠭᠵᠢᠬᠦ ᠳᠤ ᠬᠦᠴᠦᠲᠡᠶ ᠪᠠᠲᠤᠯᠠᠭ᠎ᠠ ᠬᠠᠩᠭᠠᠬᠤ ᠶᠢᠨ ᠲᠤᠰᠠᠳᠠ᠂ 3 ᠰᠠᠷ᠎ᠠ ᠶᠢᠨ 11  ᠤ ᠡᠳᠦᠷ᠂ ᠵᠢᠤ ᠶᠤᠸᠠᠨ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠴᠠ ᠪᠤᠭᠤᠲᠤ ᠬᠤᠲᠠ ᠶᠢᠨ ᠲᠢᠶᠠᠨ ᠾᠧ ᠳᠠᠷᠢᠵᠤ ᠲᠡᠵᠢᠭᠡᠨ ᠦᠷᠡᠵᠢᠭᠦᠯᠬᠦ ᠲᠠᠷᠢᠶᠠᠴᠢᠳ ᠤᠨ ᠲᠤᠰᠬᠠᠶ ᠬᠤᠷᠰᠢᠶ᠎ᠠ ᠳᠤ᠂ ᠵᠢᠤ ᠶᠤᠸᠠᠨ ᠲᠤᠭᠤᠷᠢᠭ ᠤᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯᠲᠠᠨ ᠤ ᠪᠣᠯᠪᠠᠰᠤᠷᠠᠭᠤᠯᠤᠯ ᠤᠨ ᠬᠤᠷᠠᠯ ᠢ ᠬᠤᠷᠠᠯᠳᠤᠭᠤᠯᠪᠠ᠃ ᠬᠤᠷᠠᠯ ᠠᠴᠠ ᠪᠤᠭᠤᠲᠤ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠡᠵᠡᠩᠨᠡᠯᠲᠡ ᠬᠠᠮᠢᠶᠠᠷᠤᠯᠲᠠ ᠪᠠ ᠮᠡᠳᠡᠭᠡ ᠵᠠᠩᠭᠢ ᠶᠢᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠵᠠᠩ ᠭᠦᠸᠧ ᠳ᠋ᠦᠩ᠂ ᠳᠡᠭᠡᠳᠦ ᠵᠡᠷᠭᠡ ᠶᠢᠨ ᠨᠢᠭᠲᠠᠯᠠᠨ ᠪᠤᠳᠤᠭᠴᠢ ᠲᠢᠶᠠᠨ ᠬᠤᠶ᠂ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠶᠢᠨ ᠠᠵᠤ ᠠᠬᠤᠶ ᠬᠢᠭᠡᠳ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠳᠡᠳ᠋ ᠫᠷᠤᠹᠧᠰᠰᠤᠷ ᠶᠤᠸᠠᠨ ᠵᠢᠶᠠ ᡁᠢ ᠵᠡᠷᠭᠡ ᠲᠤᠰᠬᠠᠶ ᠮᠡᠷᠭᠡᠵᠢᠯᠲᠡᠨ ᠢ ᠣᠨᠴᠠ ᠤᠷᠢᠵᠤ ᠣᠯᠠᠨ ᠳᠤ ᠬᠢᠴᠢᠶᠡᠯ ᠣᠷᠣᠭᠤᠯᠵᠠᠶ᠃ ᠪᠤᠭᠤᠲᠤ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠡᠵᠡᠩᠨᠡᠯᠲᠡ ᠬᠠᠮᠢᠶᠠᠷᠤᠯᠲᠠ ᠪᠠ ᠮᠡᠳᠡᠭᠡ ᠵᠠᠩᠭᠢ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠬᠤᠶ ᠯᠢᠨ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠯᠢᠦᠶ ᠴᠦᠨ ᠷᠦᠩ ᠵᠡᠷᠭᠡ ᠬᠠᠮᠢᠶ᠎ᠠ ᠪᠥᠬᠦᠶ ᠤᠳᠤᠷᠢᠳᠤᠯᠭ᠎ᠠ ᠬᠤᠷᠠᠯ ᠳᠤ ᠣᠷᠣᠯᠴᠠᠪᠠ᠃ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ《 ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ 》 ᠤᠨ ᠠᠵᠢᠯ ᠢ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ᠂ ᠬᠠᠮᠢᠶᠠᠷᠤᠯᠲᠠ ᠶᠢᠨ ᠠᠵᠢᠯᠲᠠᠨ ᠵᠢᠴᠢ ᠡᠯ᠎ᠡ ᠱᠠᠲᠤᠨ ᠤ ᠡᠳ᠋ ᠤᠨ ᠶᠠᠪᠤᠳᠠᠯ ᠤᠨ ᠠᠵᠢᠯᠲᠠᠨ ᠨᠡᠶᠢᠲᠡ 100 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠪᠠ᠃
111.jpg
    ᠲᠣᠰ ᠤᠳᠠᠭᠠᠨ ᠤ ᠪᠣᠯᠪᠠᠰᠤᠷᠠᠭᠤᠯᠤᠯ ᠢ ᠭᠤᠤᠯᠳᠠᠭᠤ ᠰᠦᠯᠵᠢᠶᠡᠨ ᠭᠠᠳᠠᠨ᠎ᠠ ᠲᠥᠪᠯᠡᠷᠡᠭᠦᠯᠦᠨ ᠬᠢᠴᠢᠶᠡᠯᠯᠡᠬᠦ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠪᠣᠯᠪᠠᠰᠤᠷᠠᠭᠤᠯᠤᠯ ᠳᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠬᠤ ᠪᠠᠷ ᠳᠠᠮᠵᠢᠭᠤᠯᠤᠨ᠂《 ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠲᠦᠷᠢᠮ 》ᠵᠡᠷᠭᠡ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠨᠠᠷᠢᠨ ᠨᠢᠮᠪᠠᠶ ᠡᠮᠬᠢᠯᠡᠵᠦ᠂《 ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ 》 ᠤᠨ ᠲᠥᠷᠥ ᠶᠢᠨ ᠪᠣᠳᠣᠯᠭ᠎ᠠ ᠶᠢᠨ ᠲᠤᠬᠠᠶ ᠣᠯᠠᠨ ᠤ ᠣᠶᠢᠯᠠᠭᠠᠯᠲᠠ ᠪᠠ ᠡᠵᠡᠮᠳᠡᠯ ᠢ  ᠭᠦᠨᠵᠡᠭᠡᠶᠢᠷᠡᠭᠦᠯᠦᠭᠰᠡᠨ ᠪᠥᠭᠡᠳ ᠬᠥᠳᠡᠭᠡ ᠲᠣᠰᠬᠤᠨ ᠤ ᠬᠠᠮᠲᠤ ᠶᠢᠨ ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠤᠨ ᠴᠢᠬᠤᠯᠠ ᠴᠢᠨᠠᠷ ᠢ ᠭᠤᠤᠯᠳᠠᠯᠭ᠎ᠠ ᠲᠠᠢ ᠴᠢᠬᠤᠯᠠᠴᠢᠯᠠᠭᠰᠠᠨ ᠪᠠᠶᠢᠨ᠎ᠠ᠃ ᠪᠣᠯᠪᠠᠰᠤᠷᠠᠭᠤᠯᠤᠯ ᠤᠨ ᠬᠤᠭᠤᠴᠠᠭᠠᠨ ᠳᠤ᠂ ᠲᠤᠰᠬᠠᠶ ᠮᠡᠷᠭᠡᠵᠢᠯᠲᠡᠨ ᠠᠴᠠ ᠬᠥᠳᠡᠭᠡ ᠲᠣᠰᠬᠤᠨ ᠤ ᠬᠠᠮᠲᠤ ᠶᠢᠨ《 ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ 》 ᠤᠨ ᠬᠠᠮᠢᠶᠠᠷᠤᠯᠲᠠ ᠶᠢᠨ ᠶᠠᠪᠤᠴᠠ ᠳᠤ ᠢᠯᠡᠷᠡᠭᠰᠡᠨ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠲᠤᠰᠬᠠᠶ ᠮᠡᠷᠭᠡᠵᠢᠯ ᠬᠢᠭᠰᠡᠨ ᠮᠥᠷᠲᠡᠭᠡᠨ ᠪᠥᠬᠦ ᠲᠠᠯ᠎ᠠ ᠪᠠᠷ ᠮᠠᠳᠠᠭ ᠲᠠᠢ ᠠᠰᠠᠭᠤᠳᠠᠯ ᠢ ᠬᠠᠷᠢᠭᠤᠯᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠶᠢ ᠴᠢᠬᠤᠯᠠᠴᠢᠯᠠᠨ ᠴᠢᠬᠤᠯᠠᠴᠢᠯᠠᠪᠠ᠃ ᠡᠭᠦᠨ ᠤ ᠬᠠᠮᠲᠤ᠂ ᠲᠣᠰ ᠤᠳᠠᠭᠠᠨ ᠤ ᠪᠣᠯᠪᠠᠰᠤᠷᠠᠭᠤᠯᠤᠯ ᠳᠤ ᠪᠠᠰᠠ《 ᠵᠢᠤ ᠶᠤᠸᠠᠨ ᠲᠤᠭᠤᠷᠢᠭ ᠤᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ ᠢ ᠨᠠᠷᠢᠯᠢᠭ ᠤᠨᠤᠪᠴᠢᠲᠠᠢ ᠪᠠᠷ ᠢᠯᠭᠠᠷᠠᠭᠤᠯᠤᠨ ᠪᠠᠶᠢᠴᠠᠭᠠᠬᠤ ᠠᠵᠢᠯ ᠤᠨ ᠲᠥᠰᠦᠯ 》 ᠢ ᠨᠠᠷᠢᠨ ᠲᠠᠶᠢᠯᠪᠤᠷᠢᠯᠠᠵᠤ᠂ ᠢᠯᠭᠠᠷᠠᠭᠤᠯᠤᠨ ᠪᠠᠶᠢᠴᠠᠭᠠᠬᠤ ᠠᠵᠢᠯ ᠤᠨ ᠬᠠᠷᠠᠯᠲᠠ᠂ ᠡᠭᠦᠷᠭᠡ ᠠᠯᠬᠤᠮ ᠳᠠᠷᠠᠭ᠎ᠠ ᠪᠠ ᠱᠠᠭᠠᠷᠳᠠᠯᠭ᠎ᠠ ᠶᠢ ᠲᠣᠳᠣᠷᠬᠠᠶᠢᠯᠠᠬᠤ ᠶᠢᠨ ᠬᠠᠮᠲᠤ ᠵᠢᠤ ᠶᠤᠸᠠᠨ ᠲᠤᠭᠤᠷᠢᠭ ᠤᠨ ᠬᠥᠳᠡᠭᠡ ᠲᠣᠰᠬᠤᠨ ᠤ ᠬᠠᠮᠲᠤ ᠶᠢᠨ《 ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ 》 ᠤᠨ ᠬᠠᠮᠢᠶᠠᠷᠤᠯᠲᠠ ᠶᠢᠨ ᠣᠳᠣᠬᠢ ᠪᠠᠶᠢᠳᠠᠯ ᠲᠠᠢ ᠤᠶᠠᠯᠳᠤᠭᠤᠯᠤᠨ᠂ ᠢᠯᠭᠠᠷᠠᠭᠤᠯᠤᠨ ᠪᠠᠶᠢᠴᠠᠭᠠᠬᠤ ᠠᠵᠢᠯ ᠤᠨ ᠳᠤᠮᠳᠠᠬᠢ ᠭᠤᠤᠯᠳᠠᠯᠭ᠎ᠠ ᠲᠠᠢ ᠬᠦᠴᠢᠷᠳᠡᠯ ᠪᠠ ᠠᠩᠬᠠᠷᠬᠤ  ᠵᠦᠢᠯᠡᠰ ᠢ ᠡᠮᠬᠢᠯᠡᠨ ᠭᠠᠷᠭᠠᠵᠤ᠂ ᠲᠣᠰ ᠵᠦᠢᠯ ᠤᠨ ᠠᠵᠢᠯ ᠢ ᠪᠥᠬᠦ ᠲᠠᠯ᠎ᠠ ᠪᠠᠷ ᠨᠠᠷᠢᠯᠢᠭ ᠣᠨᠣᠪᠴᠢᠲᠠᠶ ᠥᠷᠨᠢᠭᠦᠯᠬᠦ ᠳᠤ ᠬᠦᠴᠦᠲᠡᠶ ᠵᠢᠯᠣᠭᠤᠳᠣᠯᠭ᠎ᠠ ᠬᠠᠩᠭᠠᠪᠠ᠃
222.jpg
    ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠣᠷᠣᠯᠴᠠᠭᠰᠠᠳ ᠤᠨ ᠬᠥᠳᠡᠭᠡ ᠲᠣᠰᠬᠤᠨ ᠤ ᠬᠠᠮᠲᠤ ᠶᠢᠨ《 ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ 》 ᠤᠨ ᠬᠠᠮᠢᠶᠠᠷᠤᠯᠲᠠ ᠶᠢᠨ ᠠᠵᠢᠯ ᠤᠨ ᠲᠤᠬᠠᠶ ᠣᠶᠢᠯᠠᠭᠠᠯᠲᠠ ᠪᠠ ᠲᠠᠨᠢᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠤᠶᠢᠰᠢᠳᠠ《ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ》 ᠤᠨ ᠬᠠᠮᠢᠶᠠᠷᠤᠯᠲᠠ ᠶᠢᠨ ᠠᠵᠢᠯ ᠢ ᠨᠠᠩ ᠰᠠᠶᠢᠲᠤᠷ ᠥᠷᠨᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ᠂  ᠣᠷᠣᠯᠴᠠᠭᠰᠠᠳ ᠤᠨ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃
333.jpg
    ᠲᠠᠷᠠᠭᠠᠴᠢ ᠪᠠᠷ᠂  ᠵᠢᠤ ᠶᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠬᠥᠳᠡᠭᠡ ᠲᠣᠰᠬᠤᠨ ᠤ ᠬᠠᠮᠲᠤ ᠶᠢᠨ《 ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ 》 ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠬᠦ ᠶᠢ ᠢᠳᠡᠪᠬᠢᠲᠡᠶ ᠬᠠᠶᠢᠨ ᠰᠦᠪᠡᠭᠴᠢᠯᠡᠵᠦ᠂《 ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ 》 ᠤᠨ ᠬᠠᠮᠢᠶᠠᠷᠤᠯᠲᠠ ᠶᠢᠨ ᠵᠢᠷᠤᠮᠵᠢᠯ᠂ ᠳᠦᠷᠢᠮᠵᠢᠯᠲᠡ᠂ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠬᠦ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号