ᠮᠠᠨ ᠤ ᠣᠷᠣᠨ ᠳᠤ ᠣᠲᠣ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠠᠵᠤ ᠠᠬᠤᠶᠢᠯᠠᠯ 4 ᠪᠠᠶᠢᠵᠤ᠂ | 2025 ᠣᠨ ᠤ 1 - 2 ᠰᠠᠷ᠎ᠠ ᠳᠤ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠵᠠᠰᠠᠮᠠᠯ ᠵᠠᠮ ᠤᠨ ᠪᠠᠷᠠᠭᠠᠨ ᠤ | ᠲᠡᠭᠡᠭᠡᠪᠦᠷᠢ ᠶᠢᠨ ᠬᠡᠮᠵᠢᠶ᠎ᠡ 41.4922 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 230 | % ᠪᠠᠷ ᠨᠡᠮᠡᠭᠳᠡᠨ᠂ ᠠᠷᠠᠯᠵᠢᠶᠠᠨ ᠤ ᠬᠡᠮᠵᠢᠶ᠎ᠡ 850.21 ᠲᠦᠮᠡᠨ ᠲᠥᠭᠦᠷᠢᠭ ᠲᠤ ᠬᠦᠷᠴᠡᠶ᠃ ᠮᠠᠨ ᠤ | ᠲᠤᠭᠤᠷᠢᠭ ᠤᠨ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠠᠵᠢᠯ ᠲᠥᠷᠥᠯ ᠤᠨ ᠬᠥᠭᠵᠢᠨ ᠪᠤᠵᠠᠭᠠᠶᠢᠷᠠᠬᠤ ᠶᠢ | ᠪᠥᠬᠦ ᠲᠠᠯ᠎ᠠ ᠪᠠᠷ ᠠᠬᠢᠭᠤᠯᠬᠤ ᠶᠢᠨ ᠲᠥᠯᠥᠭᠡ᠂ ᠮᠠᠨ ᠤ ᠲᠣᠪᠴᠢᠶ᠎ᠠ ᠡᠷᠬᠢᠨ ᠲᠣᠭᠤᠷᠢᠨ ᠤ ᠦᠢᠯᠡᠳᠪᠦᠷᠢᠯᠡᠯ ᠤᠨ | ᠠᠵᠤ ᠠᠬᠤᠶᠢᠯᠠᠯ ᠳᠤ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠠᠵᠤ ᠠᠬᠤᠶᠢᠯᠠᠯ ᠢ ᠢᠳᠡᠪᠬᠢᠲᠡᠶ ᠪᠠᠷ | ᠲᠠᠨᠢᠯᠴᠠᠭᠤᠯᠵᠤ᠂ ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠶᠢᠨ ᠬᠠᠭᠤᠳᠠᠰᠤ ᠶᠢ ᠡᠷᠢᠯᠬᠢᠯᠡᠵᠦ᠂ ᠬᠡᠪᠴᠢᠶ᠎ᠡ ᠶᠢ | ᠥᠷᠭᠡᠳᠬᠡᠪᠡ᠃ ᠠᠵᠤ ᠠᠬᠤᠶᠢᠯᠠᠯ ᠤᠨ ᠬᠦᠴᠢᠷᠳᠡᠯ ᠢ ᠵᠣᠬᠢᠴᠠᠭᠤᠯᠤᠨ ᠰᠢᠢᠳᠪᠦᠷᠢᠯᠡᠵᠦ᠂ ᠠᠵᠤ ᠠᠬᠤᠶᠢᠯᠠᠯ ᠢ | ᠬᠠᠪᠰᠤᠷᠤᠨ ᠭᠠᠶᠢᠯᠢ ᠶᠢᠨ ᠫᠢᠶᠣᠣ ᠪᠠ ᠬᠥᠮᠥᠷᠭᠡᠯᠡᠨ ᠬᠠᠳᠠᠭᠠᠯᠠᠬᠤ ᠥᠬᠡᠶ ᠠᠶᠤᠯᠲᠠᠶ ᠬᠢᠮᠢ ᠶᠢᠨ ᠪᠣᠳᠠᠰ ᠤᠨ | ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠬᠦᠢᠴᠡᠳᠬᠡᠬᠦ ᠳᠤ ᠬᠦᠴᠢᠷᠲᠡᠶ ᠵᠡᠷᠭᠡ ᠬᠠᠮᠢᠶ᠎ᠠ ᠪᠥᠬᠦᠶ ᠠᠰᠠᠭᠤᠳᠠᠯ ᠢ | ᠰᠢᠢᠳᠪᠦᠷᠢᠯᠡᠵᠦ᠂ ᠠᠵᠤ ᠠᠬᠤᠶᠢᠯᠠᠯ ᠤᠨ ᠲᠣᠭᠲᠠᠭᠤᠨ ᠡᠵᠡᠩᠨᠡᠯᠲᠡ ᠶᠢ ᠦᠨᠡᠨᠬᠦ ᠠᠬᠢᠭᠤᠯᠵᠤ᠂ ᠵᠢᠦ ᠶᠤᠸᠠᠨ | ᠲᠣᠭᠤᠷᠢᠭ ᠤᠨ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠢᠵᠢ ᠪᠥᠷᠢᠳᠦᠭᠦᠯᠬᠦ ᠲᠥᠷᠥ ᠶᠢᠨ ᠪᠣᠳᠣᠯᠭ᠎ᠠ ᠳᠤ | ᠵᠠᠰᠠᠪᠤᠷᠢ ᠣᠷᠣᠭᠤᠯᠬᠤ ᠶᠢ ᠲᠡᠭᠦᠯᠳᠡᠷᠵᠢᠭᠦᠯᠦᠨ᠎ᠡ᠃ | ᠲᠠᠷᠠᠭᠠᠴᠢ ᠶᠢᠨ ᠠᠯᠬᠤᠮ ᠳᠤ ᠮᠠᠨ ᠤ ᠲᠣᠪᠴᠢᠶ᠎ᠠ ᠪᠤᠰᠤᠳ ᠭᠤᠤᠯᠳᠠᠯᠭ᠎ᠠ ᠲᠠᠢ ᠪᠠᠷᠠᠭᠠᠨ ᠤ ᠭᠦᠢᠯᠭᠡᠭᠡᠨ ᠤ | ᠠᠵᠤ ᠠᠬᠤᠶᠢᠯᠠᠯ᠂ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠠᠵᠤ ᠠᠬᠤᠶᠢᠯᠠᠯ ᠲᠠᠢ ᠦᠷᠭᠦᠯᠵᠢᠯᠡᠨ | ᠵᠣᠯᠭᠠᠭᠤᠯᠵᠤ᠂ ᠣᠷᠣᠨ ᠪᠠᠶᠢᠷᠢ ᠶᠢᠨ ᠳᠠᠪᠠᠭᠤᠯᠢᠭ ᠲᠠᠭᠠᠨ ᠰᠠᠭᠤᠷᠢᠯᠠᠨ ᠠᠵᠤ ᠦᠢᠯᠡᠰ ᠤᠨ ᠬᠡᠪᠴᠢᠶ᠎ᠡ ᠪᠠᠨ | ᠥᠷᠭᠡᠳᠬᠡᠬᠦ ᠶᠢᠨ ᠬᠠᠮᠲᠤ᠂ ᠲᠣᠰ ᠭᠠᠵᠠᠷ ᠣᠷᠣᠨ ᠵᠢᠴᠢ ᠦᠢᠯᠡᠳᠪᠦᠷᠢᠯᠡᠯ ᠤᠨ ᠠᠵᠤ ᠠᠬᠤᠶᠢᠯᠠᠯ ᠲᠠᠢ ᠢᠳᠡᠪᠬᠢᠲᠡᠶ | ᠵᠣᠯᠭᠠᠭᠤᠯᠵᠤ᠂ ᠮᠠᠨ ᠤ ᠲᠣᠭᠤᠷᠢᠭ ᠤᠨ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠠᠵᠤ ᠠᠬᠤᠶᠢᠯᠠᠯ ᠢ | ᠲᠠᠨᠢᠯᠴᠠᠭᠤᠯᠵᠤ᠂ ᠦᠢᠯᠡᠳᠪᠦᠷᠢᠯᠡᠯ ᠤᠨ ᠠᠵᠤ ᠠᠬᠤᠶᠢᠯᠠᠯ ᠪᠠ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ | ᠲᠠᠪᠴᠠᠩ ᠤᠨ ᠠᠵᠤ ᠠᠬᠤᠶᠢᠯᠠᠯ ᠳᠤ ᠨᠡᠪᠲᠡᠷᠡᠯᠴᠡᠬᠦ ᠬᠥᠭᠦᠷᠭᠡ ᠲᠠᠯᠪᠢᠵᠤ ᠥᠭᠭᠦᠨ᠎ᠡ᠃ |