ᠤᠯᠠᠯᠵᠢ ᠨᠢᠭᠡᠳᠦᠭᠡᠷ ᠲᠣᠰᠬᠤᠨ《 ᠷᠢᠳᠢ ᠰᠢᠳᠢ ᠲᠠᠢ ᠡᠮᠡᠭᠲᠡᠶᠢᠴᠦᠳ ᠤᠨ ᠭᠤᠶᠢᠳᠠ ᠰᠠᠶᠢᠬᠠᠨ ᠠᠮᠢᠳᠤᠷᠠᠯ 》ᠭᠡᠬᠦ ᠭᠤᠷᠪᠠᠨ ᠰᠠᠷ᠎ᠠ ᠶᠢᠨ ᠨᠠᠢᠮᠠᠨ ᠤ ᠡᠮᠡᠭᠲᠡᠶᠢᠴᠦᠳ ᠤᠨ ᠪᠠᠶᠠᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/14
    ᠬᠠᠪᠤᠷ ᠤᠨ ᠭᠤᠷᠪᠠᠨ ᠰᠠᠷ᠎ᠠ ᠳᠤ ᠲᠦᠮᠡᠨ ᠪᠣᠳᠠᠰ ᠠᠮᠢᠯᠠᠨ ᠰᠡᠷᠭᠦᠪᠡ᠃ ᠡᠮᠡᠭᠲᠡᠶᠢᠴᠦᠳ ᠤᠨ ᠬᠡᠷ ᠪᠦᠯᠢ ᠪᠠ ᠨᠡᠶᠢᠭᠡᠮ ᠳᠠᠬᠢ ᠴᠢᠬᠤᠯᠠ ᠦᠢᠯᠡᠳᠦᠯ ᠢ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠴᠤᠭ ᠵᠢᠪᠬᠤᠭ᠎ᠠ ᠶᠢ ᠢᠯᠡᠷᠡᠭᠦᠯᠬᠦ ᠶᠢᠨ ᠲᠥᠯᠥᠭᠡ᠂ ᠣᠶᠢᠷ᠎ᠠ ᠳᠤ᠂ ᠤᠯᠠᠯᠵᠢ ᠨᠢᠭᠡᠳᠦᠭᠡᠷ ᠲᠣᠰᠬᠤᠨ《 ᠷᠢᠳᠢ ᠰᠢᠳᠢ ᠲᠠᠢ ᠡᠮᠡᠭᠲᠡᠶᠢᠴᠦᠳ ᠤᠨ ᠭᠤᠶᠢᠳᠠ ᠰᠠᠶᠢᠬᠠᠨ ᠠᠮᠢᠳᠤᠷᠠᠯ 》ᠭᠡᠬᠦ ᠭᠤᠷᠪᠠᠨ ᠰᠠᠷ᠎ᠠ ᠶᠢᠨ ᠨᠠᠢᠮᠠᠨ ᠤ ᠡᠮᠡᠭᠲᠡᠶᠢᠴᠦᠳ ᠤᠨ ᠪᠠᠶᠠᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠷᠢᠶ᠎ᠠ ᠤᠷᠤᠨ ᠤ ᠡᠬᠡᠯ ᠵᠢᠷ ᠤᠨ ᠪᠥᠭᠡᠳ ᠭᠢᠯᠠᠯᠵᠠᠭᠰᠠᠨ ᠡᠮᠡᠭᠲᠡᠶ ᠨᠢᠭᠡᠪᠦᠷᠢ ᠳᠤ ᠲᠤᠰᠬᠠᠶ ᠵᠥᠩᠨᠡᠯ ᠳᠡᠪᠰᠢᠭᠦᠯᠪᠡ᠃
11.jpg
    ᠠᠵᠢᠯᠯᠠᠭ᠎ᠠ ᠡᠬᠢᠯᠡᠮᠡᠭᠴᠡ᠂ ᠤᠯᠠᠯᠵᠢ ᠲᠣᠰᠬᠤᠨ ᠤ ᠠᠭᠤᠳᠠᠮ ᠲᠠᠯᠠᠪᠠᠢ ᠶᠢᠨ ᠪᠥᠵᠢᠭ ᠤᠨ ᠠᠩᠬᠢ ᠡᠩ ᠲᠡᠷᠢᠭᠦᠨ ᠳᠤ ᠠᠮᠢᠵᠢᠷᠠᠯ ᠤᠨ ᠬᠦᠴᠦᠨ ᠪᠢᠯᠬᠠᠭᠰᠠᠨ ᠪᠥᠵᠢᠭ ᠤᠨ ᠲᠣᠭᠯᠠᠯᠲᠠ ᠭᠠᠷᠭᠠᠵᠤ᠂ ᠢᠷᠠᠭᠤ ᠰᠠᠶᠢᠬᠠᠨ ᠪᠥᠵᠢᠭ ᠤᠨ ᠳᠦᠷᠢ ᠲᠥᠷᠬᠦ ᠪᠠᠷ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠢᠳᠡᠪᠬᠢᠲᠡᠢ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠡᠮᠡᠭᠲᠡᠶᠢᠴᠦᠳ ᠤᠨ ᠠᠮᠢᠳᠤᠷᠠᠯ ᠳᠤᠮᠳᠠᠬᠢ ᠰᠠᠶᠢᠨ ᠰᠠᠶᠢᠬᠠᠨ ᠪᠠ ᠬᠦᠴᠦᠨ ᠴᠢᠳᠠᠯ ᠢ ᠳᠠᠮᠵᠢᠭᠤᠯᠪᠠ᠃
22.jpg
    ᠳᠠᠷᠠᠭ᠎ᠠ ᠨᠢ᠂ ᠪᠢ ᠬᠡᠨ ᠪᠣᠯᠬᠤ ᠶᠢ ᠲᠠᠭᠠᠮᠠᠭᠯᠠᠵᠤ ᠦᠵᠡ᠂ ᠬᠡᠩᠭᠡᠷᠭᠡ ᠳᠡᠯᠡᠳᠦᠨ ᠴᠡᠴᠡᠭ ᠳᠠᠮᠵᠢᠭᠤᠯᠬᠤ᠂ ᠣᠯᠪᠣᠭ ᠪᠤᠯᠢᠶᠠᠯᠳᠤᠬᠤ᠂ ᠨᠢᠳᠦ ᠪᠦᠯᠲᠡᠷᠡᠨ ᠶᠠᠭᠤᠮ᠎ᠠ ᠡᠷᠢᠬᠦ᠂ ᠵᠢᠮᠢᠰ ᠤᠨ ᠤᠷᠪᠠᠯ ᠤᠨ ᠬᠦᠴᠦᠨ ᠤ ᠥᠷᠢᠰᠥᠯᠳᠦᠭᠡᠨ ᠬᠢᠬᠦ ᠵᠡᠷᠭᠡ ᠠᠯᠢ ᠤᠯᠠᠨ ᠰᠣᠨᠢᠷᠬᠠᠯᠲᠠᠢ ᠲᠣᠭᠯᠠᠭᠠᠮ ᠤᠨ ᠭᠤᠭᠴᠤᠭ᠎ᠠ ᠨᠤᠭᠤᠳ ᠡᠮᠬᠢ ᠳᠠᠷᠠᠭ᠎ᠠ ᠲᠠᠢ ᠶᠠᠪᠤᠭᠳᠠᠵᠤ ᠪᠠᠶᠢᠯ᠎ᠠ᠃ ᠣᠯᠠᠨ ᠢᠶᠠᠷ ᠢᠶᠠᠨ ᠲᠣᠭᠯᠠᠭᠠᠮ ᠤᠨ ᠳᠤᠮᠳᠠ ᠥᠪᠡᠷ ᠤᠨ ᠪᠡᠶ᠎ᠡ ᠪᠠᠨ ᠴᠢᠨᠡᠭᠡ ᠮᠡᠳᠡᠨ᠂ ᠰᠡᠳᠬᠢᠯ ᠰᠠᠨᠠᠭ᠎ᠠ ᠪᠠᠨ ᠠᠭᠤᠵᠢᠷᠠᠭᠤᠯᠵᠤ᠂ ᠡᠯ᠎ᠡ ᠠᠩᠭᠢ ᠶᠢᠨ ᠭᠡᠰᠢᠭᠦᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠦᠴᠦᠯᠡᠨ ᠴᠢᠷᠮᠠᠶᠢᠵᠤ ᠪᠠᠶᠢᠭᠠᠳ ᠤᠷᠤᠯᠳᠤᠭᠠᠨ ᠳᠤ ᠢᠯᠠᠯᠲᠠ ᠣᠯᠵᠤ᠂ ᠬᠥᠷᠰᠢ ᠵᠡᠷᠭᠡᠯᠡᠳᠡᠭᠡ ᠶᠢᠨ ᠬᠠᠶᠢᠷ᠎ᠠ ᠰᠡᠳᠬᠢᠯᠭᠡ ᠨᠢ ᠬᠠᠷᠢᠯᠴᠠᠨ ᠦᠢᠯᠡᠳᠦᠯᠴᠡᠬᠦ ᠳᠤᠮᠳᠠ ᠲᠠᠰᠤᠷᠠᠯᠲᠠ ᠦᠭᠡᠢ ᠳᠡᠭᠡᠭᠰᠢᠯᠡᠵᠦ ᠪᠠᠶᠢᠨ᠎ᠠ᠃    ᠲᠣᠭᠯᠠᠭᠠᠮ ᠳᠠᠭᠤᠰᠴᠤ᠂ ᠡᠮᠡᠭᠲᠡᠶᠢᠴᠦᠳ ᠲᠠᠶᠢᠰᠠᠨ ᠳᠤ ᠭᠠᠷᠴᠤ᠂ ᠤᠷ᠎ᠠ ᠠᠪᠢᠶᠠᠰ ᠢᠶᠠᠨ ᠭᠠᠶᠢᠬᠠᠭᠤᠯᠵᠤ᠂ ᠶᠠᠩᠭᠠᠷ ᠪᠥᠵᠢᠭᠯᠡᠬᠦ᠂ ᠡᠯ ᠷᠧᠨ ᠲᠠᠢ ᠲᠣᠭᠯᠠᠬᠤ᠂ ᠤᠯᠠᠭᠠᠨ ᠳᠠᠭᠤᠤ ᠳᠠᠭᠤᠯᠠᠬᠤ ᠵᠡᠷᠭᠡ ᠲᠣᠭᠯᠠᠯᠲᠠ ᠡᠭᠡᠯᠵᠢᠯᠡᠨ ᠭᠠᠷᠴᠤ᠂ ᠲᠤᠬᠠᠢ ᠶᠢᠨ ᠲᠠᠯᠠᠪᠠᠢ ᠳᠤ ᠬᠠᠯᠠᠭᠤᠨ ᠠᠯᠠᠭ᠎ᠠ ᠲᠠᠰᠢᠵᠤ᠂ ᠰᠠᠶᠢᠨ ᠦᠨᠡᠯᠡᠯᠲᠡ ᠲᠠᠰᠤᠷᠠᠯᠳᠠ ᠦᠭᠡᠢ ᠭᠠᠷᠴᠤ᠂ ᠬᠦᠷ ᠬᠥᠭᠵᠢᠶᠡᠨ ᠢᠶᠠᠷ ᠪᠢᠯᠬᠠᠵᠤ ᠪᠠᠶᠢᠯ᠎ᠠ᠃    ᠠᠵᠢᠯᠯᠠᠭ᠎ᠠ ᠶᠢᠨ ᠡᠴᠦᠰ ᠲᠤ᠂ ᠲᠣᠰᠬᠤᠨ ᠤ《ᠬᠤᠶᠠᠷ ᠵᠥᠪᠯᠡᠯ》ᠠᠵᠢᠯᠯᠠᠭ᠎ᠠ ᠳᠤ ᠣᠷᠣᠯᠴᠠᠭᠰᠠᠨ ᠡᠮᠡᠭᠲᠡᠶ ᠨᠢᠭᠡᠪᠦᠷᠢ ᠳᠤ ᠪᠠᠶᠠᠷ ᠤᠨ ᠡᠳᠦᠷ ᠤᠨ ᠪᠡᠯᠡᠭ ᠬᠦᠷᠭᠡᠵᠦ᠂ ᠣᠯᠠᠨ ᠤ ᠲᠣᠰᠬᠤᠨ ᠤ ᠬᠥᠭᠵᠢᠯ ᠴᠡᠴᠡᠭᠯᠡᠯ ᠪᠠ ᠬᠡᠷ ᠪᠦᠯᠢ ᠶᠢᠨ ᠬᠥᠭᠵᠢᠯ ᠮᠠᠨᠳᠤᠯ ᠤᠨ ᠲᠥᠯᠥᠭᠡ ᠰᠢᠷᠭᠠᠭᠤ ᠬᠥᠳᠡᠯᠮᠦᠷᠢᠯᠡᠭᠰᠡᠨ ᠪᠠ ᠬᠠᠷᠠᠮ ᠥᠬᠡᠶ ᠵᠢᠳᠬᠦᠭᠰᠡᠨ ᠳᠤ ᠲᠠᠯᠠᠷᠬᠠᠵᠤ᠂ ᠥᠷᠭᠡᠨ ᠣᠯᠠᠨ ᠡᠮᠡᠭᠲᠡᠶᠢᠴᠦᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠬᠠᠷᠢᠶᠠᠯᠠᠭᠳᠠᠬᠤ ᠲᠥᠷᠥᠭᠳᠡᠯ ᠢ ᠳᠡᠭᠡᠭᠰᠢᠯᠡᠭᠦᠯᠵᠡᠶ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号