| | ᠦᠨᠡᠨᠴᠢ ᠢᠲᠡᠭᠡᠮᠵᠢ ᠶᠢᠨ ᠣᠶᠢᠯᠠᠭᠠᠭᠳᠠᠬᠤᠨ ᠢ ᠵᠠᠯᠠᠭᠤᠴᠤᠳ ᠤᠨ ᠳᠤᠮᠳᠠ ᠳᠡᠯᠭᠡᠷᠡᠭᠦᠯᠬᠦ ᠶᠢ ᠤᠯᠠᠮ ᠨᠢᠭᠡ | ᠠᠯᠬᠤᠮ ᠠᠬᠢᠭᠤᠯᠬᠤ ᠶᠢᠨ ᠲᠥᠯᠥᠭᠡ᠂ ᠵᠢᠦ ᠶᠤᠸᠠᠨ ᠲᠣᠭᠤᠷᠢᠭ ᠤᠨ ᠣᠶ ᠰᠢᠭᠤᠶ ᠡᠪᠡᠰᠦ ᠪᠡᠯᠴᠢᠭᠡᠷ ᠤᠨ | ᠲᠣᠪᠴᠢᠶ᠎ᠠ 3 ᠳ᠋ᠤᠭᠠᠷ ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠬᠦᠷᠢᠶᠡᠯᠡᠩ ᠲᠣᠭᠤᠷᠢᠭ ᠤᠨ ᠶᠡᠭᠡ ᠰᠤᠷᠭᠠᠭᠤᠯᠢ ᠶᠢᠨ ᠬᠦᠷᠢᠶᠡᠨ ᠳᠤ ᠬᠦᠷᠴᠦ᠂ ᠨᠢᠭᠡ ᠤᠳᠠᠭᠠᠨ ᠤ | ᠥᠪᠡᠷᠮᠢᠴᠡ ᠦᠨᠡᠨᠴᠢ ᠢᠲᠡᠭᠡᠮᠵᠢ ᠶᠢᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ︽ | ᠦᠨᠡᠨᠴᠢ ᠢᠲᠡᠭᠡᠮᠵᠢᠲᠡᠶ︾ ᠦᠷ᠎ᠡ ᠶᠢ ᠵᠠᠯᠠᠭᠤ ᠨᠠᠰᠤᠨ ᠤ ᠦᠩ ᠰᠢᠮᠡᠯᠢᠭ ᠬᠡᠭᠡᠷ᠎ᠡ ᠲᠠᠯ᠎ᠠ ᠳᠤ ᠰᠠᠴᠤᠪᠠ᠃ | | | | ᠵᠢᠦ ᠶᠤᠸᠠᠨ ᠲᠣᠭᠤᠷᠢᠭ ᠤᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠠᠵᠢᠯᠲᠠᠳ | ᠰᠤᠷᠭᠠᠭᠤᠯᠢ ᠶᠢᠨ ᠬᠦᠷᠢᠶᠡᠨ ᠤ ᠠᠭᠤᠳᠠᠮ ᠲᠠᠯᠠᠪᠠᠶ ᠳᠤ ᠤᠬᠠᠭᠤᠯᠭ᠎ᠠ ᠶᠢᠨ ᠴᠡᠭ ᠭᠠᠷᠭᠠᠵᠤ᠂ ᠨᠠᠰᠢ ᠴᠠᠰᠢ | ᠥᠩᠭᠡᠷᠡᠬᠦ ᠰᠤᠷᠤᠭᠴᠢᠳ ᠲᠤ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠭᠠᠷ ᠳᠡᠪᠲᠡᠷ ᠪᠠ ᠤᠬᠠᠭᠤᠯᠭ᠎ᠠ ᠶᠢᠨ | ᠬᠡᠷᠡᠭᠰᠡᠯ ᠢ ᠬᠠᠯᠠᠭᠤᠮᠰᠤᠭ ᠢᠶᠠᠷ ᠲᠠᠷᠬᠠᠭᠠᠵᠤ᠂ ᠬᠠᠮᠲᠤ ᠰᠤᠷᠤᠭᠴᠢᠳ ᠤᠨ ᠦᠨᠡᠨᠴᠢ ᠢᠲᠡᠭᠡᠮᠵᠢᠲᠡᠶ ᠪᠠᠶᠢᠬᠤ ᠶᠢ ᠴᠠᠭ | ᠢᠮᠠᠭᠲᠠ ᠰᠠᠨᠠᠭᠤᠯᠵᠤ ᠪᠠᠶᠢᠨ᠎ᠠ᠃ ᠡᠭᠦᠨ ᠤ ᠬᠠᠮᠲᠤ ᠣᠢ ᠰᠢᠭᠤᠶ ᠶᠢᠨ ᠡᠬᠢ ᠪᠠᠶᠠᠯᠢᠭ ᠤᠨ ᠨᠡᠶᠢᠳᠡᠮ | ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ᠂ ᠠᠮᠢ ᠠᠬᠤᠢ ᠶᠢᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠳᠤᠮᠳᠠᠬᠢ ᠦᠨᠡᠨᠴᠢ ᠢᠲᠡᠭᠡᠮᠵᠢ ᠲᠠᠢ ᠪᠣᠯᠵᠤᠭ᠎ᠠ ᠶᠢ ᠭᠦᠢᠴᠡᠳᠬᠡᠬᠦ ᠶᠢᠨ ᠴᠢᠬᠤᠯᠠ | ᠴᠢᠨᠠᠷ ᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠵᠤ᠂ ᠰᠤᠷᠤᠭᠴᠢᠳ ᠲᠤ ᠦᠨᠡᠨᠴᠢ ᠢᠲᠡᠭᠡᠮᠵᠢ | ᠶᠠᠭᠠᠬᠢᠭᠰᠠᠨ ᠴᠤ ᠬᠤᠭᠤᠰᠣᠨ ᠤᠷᠢᠶ᠎ᠠ ᠪᠢᠰᠢ᠂ ᠬᠠᠷᠢᠨ ᠠᠮᠢ ᠠᠬᠤᠢ ᠶᠢᠨ ᠣᠷᠴᠢᠨ ᠲᠣᠭᠤᠷᠢᠨ ᠤ ᠦᠷᠭᠦᠯᠵᠢᠯᠡᠬᠦ | ᠬᠥᠭᠵᠢᠯᠲᠡ ᠶᠢᠨ ᠰᠠᠭᠤᠷᠢ ᠪᠣᠯᠬᠤ ᠶᠤᠮ᠃ ᠡᠭᠦᠨ ᠠᠴᠠ ᠡᠮᠦᠨ᠎ᠡ ᠦᠨᠡᠨᠴᠢ ᠢᠲᠡᠭᠡᠮᠵᠢᠲᠡᠶ ᠪᠠᠶᠢᠬᠤ ᠨᠢ ᠣᠶ ᠰᠢᠭᠤᠶ | ᠨᠤᠲᠤᠭ ᠪᠡᠯᠴᠢᠭᠡᠷ ᠤᠨ ᠬᠠᠮᠢᠶ᠎ᠠ ᠪᠥᠬᠦᠶ ᠬᠦᠷᠢᠶᠡᠨ ᠳᠤ ᠡᠶᠢᠮᠦ ᠬᠦᠨᠳᠦ ᠶᠡᠭᠡ ᠨᠥᠯᠥᠭᠡ ᠲᠠᠢ ᠪᠠᠶᠢᠬᠤ ᠶᠢ ᠶᠡᠷᠦ ᠠᠴᠠ | ᠲᠠᠨᠢᠵᠤ ᠣᠯᠤᠭᠰᠠᠨ ᠥᠬᠡᠶ᠃ | ᠲᠣᠰ ᠤᠳᠠᠭ᠎ᠠ ᠵᠢᠥ ᠶᠤᠸᠠᠨ ᠲᠣᠭᠤᠷᠢᠭ ᠤᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠡᠭᠡ | ᠰᠤᠷᠭᠠᠭᠤᠯᠢ ᠶᠢᠨ ᠬᠦᠷᠢᠶᠡᠨ ᠤ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠶᠡᠭᠡ | ᠰᠤᠷᠭᠠᠭᠤᠯᠢ ᠶᠢᠨ ᠬᠦᠷᠢᠶᠡᠨ ᠳᠤ ᠦᠨᠡᠨᠴᠢ ᠢᠲᠡᠭᠡᠮᠵᠢ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ | ᠤᠶᠤᠲᠠᠳ ᠤᠨ ᠦᠨᠡᠨᠴᠢ ᠢᠲᠡᠭᠡᠮᠵᠢ ᠶᠢᠨ ᠤᠬᠠᠮᠰᠠᠷ ᠢ ᠴᠢᠩᠭᠠᠷᠠᠭᠤᠯᠤᠨ᠂ ᠦᠨᠡᠨᠴᠢ ᠢᠲᠡᠭᠡᠮᠵᠢ ᠶᠢᠨ | ᠣᠨᠣᠯᠵᠢᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠰᠤᠷᠤᠭᠴᠢᠳ ᠢ ᠬᠥᠲᠥᠯᠦᠨ ᠵᠢᠯᠣᠭᠤᠳᠴᠤ | ᠪᠠᠶᠢᠭᠠᠳ ᠰᠤᠷᠤᠯᠴᠠᠬᠤ᠂ ᠠᠮᠢᠳᠤᠷᠠᠭᠤᠯᠬᠤ ᠪᠠ ᠢᠷᠡᠭᠡᠳᠦᠶ ᠶᠢᠨ ᠠᠵᠢᠯ ᠮᠡᠷᠭᠡᠵᠢᠯ ᠤᠨ ᠠᠮᠢᠳᠤᠷᠠᠯ ᠳᠤᠮᠳᠠ | ᠦᠨᠡᠨᠴᠢ ᠢᠲᠡᠭᠡᠮᠵᠢ ᠶᠢᠨ ᠵᠠᠷᠴᠢᠮ ᠢ ᠤᠬᠠᠮᠰᠠᠷ ᠠᠴᠠ ᠪᠠᠨ ᠦᠢᠯᠡᠳᠦᠯᠭᠡᠵᠢᠭᠦᠯᠪᠡ᠃ ᠬᠠᠮᠲᠤ ᠰᠤᠷᠤᠭᠴᠢᠳ | ᠬᠤᠶᠢᠰᠢᠳᠠ ᠶᠢᠨ ᠡᠳᠦᠷ ᠳᠤᠳᠤᠮ ᠤᠨ ᠰᠤᠷᠤᠯᠴᠠᠯᠭ᠎ᠠ ᠪᠣᠯᠤᠨ ᠠᠮᠢᠳᠤᠷᠠᠯ ᠳᠤᠮᠳᠠ᠂ ᠪᠣᠳᠠᠲᠤ | ᠠᠵᠢᠯᠯᠠᠭ᠎ᠠ ᠪᠠᠷ ᠢᠶᠠᠨ ᠦᠨᠡᠨᠴᠢ ᠢᠲᠡᠭᠡᠮᠵᠢ ᠶᠢᠨ ᠬᠠᠭᠤᠳᠠᠰᠤ ᠶᠢ ᠦᠷᠭᠦᠯᠵᠢᠯᠡᠨ ᠪᠢᠴᠢᠭᠯᠡᠵᠦ᠂ ᠦᠨᠡᠨᠴᠢ | ᠢᠲᠡᠭᠡᠮᠵᠢ ᠶᠢᠨ ᠴᠡᠴᠡᠭ ᠢ ᠶᠡᠭᠡ ᠰᠤᠷᠭᠠᠭᠤᠯᠢ ᠶᠢᠨ ᠬᠦᠷᠢᠶᠡᠨ ᠳᠤ ᠦᠩᠭᠡ ᠢᠯᠭᠠᠷᠠᠨ᠎ᠠ ᠭᠡᠵᠦ ᠢᠯᠡᠳᠬᠡᠵᠡᠭᠡᠪᠡ᠃ | | | | | | |