ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ᠂ ᠲᠠᠷᠢᠶᠠᠯᠠᠩ ᠤᠨ ᠬᠡᠷᠡᠭᠰᠡᠯ ᠢ ᠤᠷᠢᠳᠠᠪᠠᠷ ᠬᠢᠬᠦ᠃ ᠣᠳᠣᠬᠠᠨ ᠳᠤ | ᠶᠠᠭ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠵᠠᠩᠭᠢᠯᠠᠭ᠎ᠠ ᠶᠢᠨ ᠦᠶ᠎ᠡ ᠪᠤᠯᠵᠤ᠂ ᠡᠯ᠎ᠡ ᠵᠦᠢᠯ ᠤᠨ | ᠲᠠᠷᠢᠶᠠᠯᠠᠩ ᠤᠨ ᠪᠦᠲᠦᠭᠡᠭᠳᠡᠬᠦᠨ ᠨᠢᠭᠡᠨᠲᠡ ᠬᠤᠳᠠᠯᠳᠤᠨ ᠠᠪᠬᠤ ᠪᠠ ᠪᠣᠷᠣᠯᠠᠭᠤᠯᠬᠤ ᠬᠥᠭᠵᠢᠯᠲᠡᠢ ᠤᠯᠠᠷᠢᠯ ᠳᠤ | ᠣᠷᠣᠪᠠ᠃ ᠣᠶᠢᠷ᠎ᠠ ᠳᠤ᠂ ᠵᠢᠦ ᠶᠤᠸᠠᠨ ᠲᠣᠭᠤᠷᠢᠭ ᠤᠨ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠲᠥᠪ ᠡᠯ᠎ᠡ | ᠰᠢᠶᠠᠩ ᠪᠠᠯᠭᠠᠰᠤᠨ ᠤ ᠦᠷ᠎ᠡ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ᠂ ᠲᠠᠷᠢᠶᠠᠯᠠᠩ ᠤᠨ | ᠬᠡᠷᠡᠭᠰᠡᠯ ᠤᠨ ᠳᠡᠯᠭᠡᠭᠦᠷ ᠢᠶᠠᠷ ᠭᠦᠨᠵᠡᠭᠡᠶᠢᠷᠡᠨ᠂ ᠲᠠᠷᠢᠶᠠᠯᠠᠩ ᠤᠨ ᠬᠡᠷᠡᠭᠰᠡᠯ ᠤᠨ ᠲᠤᠰᠬᠠᠶ ᠪᠠᠶᠢᠴᠠᠭᠠᠯᠲᠠ | ᠥᠷᠨᠢᠭᠦᠯᠵᠦ᠂ ᠤᠳᠠᠯ ᠥᠬᠡᠶ ᠪᠥᠬᠦ ᠲᠠᠯ᠎ᠠ ᠪᠠᠷ ᠥᠷᠨᠢᠭᠦᠯᠬᠦ ᠭᠡᠵᠦ ᠪᠠᠶᠢᠭ᠎ᠠ ᠬᠠᠪᠤᠷ ᠤᠨ ᠲᠠᠷᠢᠶᠠᠯᠠᠭ᠎ᠠ ᠶᠢᠨ | ᠦᠢᠯᠡᠳᠪᠦᠷᠢᠯᠡᠯ ᠢ ᠬᠠᠮᠠᠭᠠᠯᠠᠪᠠ᠃ | | | | ᠲᠣᠰ ᠤᠳᠠᠭᠠᠨ ᠤ ᠲᠤᠰᠬᠠᠶ ᠪᠠᠶᠢᠴᠠᠭᠠᠯᠲᠠ ᠳᠤ ᠦᠷ᠎ᠡ᠂ ᠬᠢᠮᠢ ᠶᠢᠨ ᠪᠣᠷᠲᠣᠭᠤᠷ᠂ ᠲᠠᠷᠢᠶᠠᠨ ᠡᠮ᠂ | ᠲᠠᠷᠢᠶᠠᠯᠠᠩ ᠤᠨ ᠨᠢᠮᠭᠡᠨ ᠪᠦᠷᠬᠦᠪᠴᠢ ᠵᠡᠷᠭᠡ ᠲᠠᠷᠢᠶᠠᠯᠠᠩ ᠤᠨ ᠡᠳ᠋ ᠬᠥᠷᠥᠩᠭᠡ ᠶᠢᠨ ᠦᠢᠯᠡᠳᠬᠦᠨ ᠤ ᠶᠠᠰᠤ ᠴᠢᠨᠠᠷ᠂ | ᠪᠠᠷᠠᠭ᠎ᠠ ᠣᠷᠣᠭᠤᠯᠬᠤ ᠠᠷᠭ᠎ᠠ ᠵᠠᠮ᠂ ᠪᠣᠷᠣᠯᠠᠭᠤᠯᠭ᠎ᠠ ᠶᠢᠨ ᠡᠬᠡ ᠲᠠᠩᠰᠠ ᠵᠢᠴᠢ ᠲᠠᠷᠢᠶᠠᠯᠠᠩ ᠤᠨ ᠡᠳ᠋ | ᠬᠥᠷᠥᠩᠭᠡ ᠶᠢᠨ ᠦᠢᠯᠡᠳᠬᠦᠨ ᠤ ᠭᠠᠳᠠᠷ ᠪᠣᠭᠤᠳᠠᠯ ᠤᠨ ᠱᠣᠰᠢᠭ᠎ᠠ ᠲᠡᠮᠳᠡᠭ᠂ ᠦᠢᠯᠡᠳᠪᠦᠷᠢᠯᠡᠭᠰᠡᠨ ᠡᠳᠦᠷ | ᠬᠤᠭᠤᠴᠠᠭ᠎ᠠ ᠵᠢᠴᠢ ᠬᠦᠴᠦᠨ ᠲᠠᠢ ᠬᠤᠭᠤᠴᠠᠭ᠎ᠠ ᠵᠡᠷᠭᠡ ᠪᠠᠶᠢᠳᠠᠯ ᠳᠤ ᠭᠤᠤᠯᠳᠠᠯᠭ᠎ᠠ ᠲᠠᠢ ᠬᠢᠨᠠᠯᠲᠠ ᠲᠠᠯᠪᠢᠵᠤ | ᠪᠠᠶᠢᠴᠠᠭᠠᠨ᠎ᠠ᠃ ᠪᠠᠶᠢᠴᠠᠭᠠᠬᠤ ᠶᠠᠪᠤᠴᠠ ᠳᠤ᠂ ᠠᠵᠢᠯᠲᠠᠳ ᠪᠠᠰᠠ ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠤᠨ ᠡᠵᠡᠩᠨᠡᠭᠴᠢᠳ ᠲᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠣᠷᠣᠯᠠᠭᠤᠯᠭ᠎ᠠ ᠶᠢᠨ ᠬᠠᠮᠢᠶ᠎ᠠ | ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ ᠡᠵᠡᠩᠨᠡᠯᠲᠡ ᠶᠢᠨ ᠡᠷᠦᠬᠡ ᠶᠢᠨ ᠬᠠᠤᠯᠢ ᠶᠢ | ᠰᠠᠬᠢᠵᠤ ᠡᠵᠡᠩᠨᠡᠬᠦ ᠦᠵᠡᠯ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠨ᠂ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠬᠤᠳᠠᠯᠳᠤᠨ ᠠᠪᠬᠤ ᠪᠠ ᠪᠣᠷᠣᠯᠠᠭᠤᠯᠬᠤ ᠡᠬᠡ ᠲᠠᠩᠰᠠ ᠶᠢᠨ ᠲᠡᠮᠳᠡᠭᠯᠡᠯ ᠢ | ᠰᠠᠶᠢᠲᠤᠷ ᠬᠢᠵᠦ᠂ ᠪᠦᠲᠦᠭᠡᠭᠳᠡᠬᠦᠨ ᠤ ᠢᠷᠡᠯᠲᠡ ᠶᠢ ᠮᠥᠷᠳᠡᠵᠦ ᠪᠣᠯᠬᠤ᠂ ᠬᠠᠨᠳᠤᠰᠢ ᠶᠢ ᠨᠢ ᠮᠥᠷᠳᠡᠵᠦ ᠪᠣᠯᠬᠤ ᠶᠢ | ᠦᠨᠡᠨ ᠬᠦ ᠪᠠᠲᠤᠯᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠤᠳᠠᠯ ᠬᠠᠭᠤᠷᠮᠠᠭ ᠦᠢᠯᠡᠳᠬᠦᠨ ᠤ | ᠵᠠᠬ᠎ᠠ ᠳᠡᠯᠭᠡᠭᠦᠷ ᠲᠤ ᠣᠷᠣᠬᠤ ᠶᠢ ᠡᠷᠡᠰ ᠬᠤᠷᠢᠭᠯᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠶᠠᠰᠤ | ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ | | | | ᠡᠭᠦᠨ ᠤ ᠬᠠᠮᠲᠤ᠂ ᠮᠡᠷᠭᠡᠵᠢᠯ ᠤᠨ ᠠᠵᠢᠯᠲᠠᠨ ᠥᠷᠭᠡᠨ ᠣᠯᠠᠨ ᠲᠠᠷᠢᠶᠠᠴᠢᠳ ᠲᠤ ᠡᠵᠡᠩᠨᠡᠯᠲᠡ ᠶᠢᠨ ᠦᠨᠡᠮᠯᠡᠯ | ᠨᠢ ᠪᠦᠷᠢᠨ ᠪᠠᠶᠢᠭ᠎ᠠ ᠬᠠᠤᠯᠢ ᠶᠣᠰᠣᠨ ᠤ ᠲᠠᠷᠢᠶᠠᠯᠠᠩ ᠤᠨ ᠬᠡᠷᠡᠭᠰᠡᠯ ᠤᠨ ᠳᠡᠯᠭᠡᠭᠦᠷ ᠲᠤ ᠬᠦᠷᠴᠦ ᠬᠤᠳᠠᠯᠳᠤᠨ | ᠠᠪᠬᠤ ᠬᠡᠷᠡᠭᠲᠡᠶ᠂ ᠬᠥᠳᠡᠭᠡ ᠲᠣᠰᠬᠤᠨ ᠤ ᠨᠡᠭᠦᠳᠡᠯ ᠬᠤᠳᠠᠯᠳᠤᠭᠠᠴᠢᠨ ᠵᠡᠷᠭᠡ ᠦᠨᠡᠮᠯᠡᠯ ᠥᠬᠡᠶ ᠪᠠᠷ ᠡᠵᠡᠩᠨᠡᠭᠰᠡᠨ | ᠲᠠᠷᠢᠶᠠᠯᠠᠩ ᠤᠨ ᠡᠳ᠋ ᠬᠥᠷᠥᠩᠭᠡ ᠶᠢᠨ ᠦᠢᠯᠡᠳᠬᠦᠨ ᠢ ᠬᠤᠳᠠᠯᠳᠤᠨ ᠠᠪᠴᠤ ᠪᠣᠯᠬᠤ ᠥᠬᠡᠶ ᠭᠡᠵᠦ ᠰᠠᠨᠠᠭᠤᠯᠪᠠ︔ | ᠬᠤᠳᠠᠯᠳᠤᠨ ᠠᠪᠬᠤ ᠳᠠᠭᠠᠨ ᠦᠢᠯᠡᠳᠬᠦᠨ ᠤ ᠪᠣᠭᠤᠳᠠᠯ ᠢ ᠨᠠᠷᠢᠨ ᠬᠢᠨᠠᠮᠠᠭᠠᠶ ᠪᠠᠶᠢᠴᠠᠭᠠᠨ ᠦᠵᠡᠬᠦ ᠶᠢᠨ ᠬᠠᠮᠲᠤ | ᠦᠢᠯᠡᠳᠬᠦᠨ ᠤ ᠶᠠᠰᠤ ᠴᠢᠨᠠᠷ ᠨᠢ ᠬᠢᠷᠢ ᠲᠡᠩᠴᠡᠭᠰᠡᠨ ᠡᠰᠡᠬᠦ ᠶᠢ ᠪᠠᠶᠢᠴᠠᠭᠠᠨ ᠰᠢᠯᠭᠠᠵᠤ᠂ ᠬᠠᠤᠯᠢ ᠪᠤᠰᠤ ᠵᠠᠷ | ᠮᠡᠳᠡᠭᠡ ᠶᠢᠨ ᠤᠬᠠᠭᠤᠯᠭ᠎ᠠ ᠪᠠ ᠡᠷᠡᠭᠦᠯ ᠪᠤᠰᠤ ᠬᠤᠳᠠᠯᠳᠤᠭᠠᠴᠢᠨ ᠤ ᠲᠠᠨᠢᠯᠴᠠᠭᠤᠯᠭ᠎ᠠ ᠶᠢ ᠰᠣᠬᠤᠷ ᠪᠠᠯᠠᠶ ᠪᠠᠷ | ᠢᠲᠡᠭᠡᠵᠦ ᠪᠣᠯᠬᠤ ᠦᠭᠡᠶ︔ ᠡᠵᠡᠩᠨᠡᠭᠴᠢ ᠠᠴᠠ ᠪᠣᠷᠣᠯᠠᠭᠤᠯᠬᠤ ᠭᠡᠷᠡᠴᠢ ᠠᠪᠬᠤ ᠶᠢᠨ ᠬᠠᠮᠲᠤ ᠲᠣᠬᠢᠲᠠᠶ | ᠬᠠᠳᠠᠭᠠᠯᠠᠬᠤ ᠬᠡᠷᠡᠭᠲᠡᠶ︔ ᠲᠠᠷᠢᠶᠠᠯᠠᠩ ᠤᠨ ᠬᠡᠷᠡᠭᠰᠡᠯ ᠤᠨ ᠪᠦᠲᠦᠭᠡᠭᠳᠡᠬᠦᠨ ᠤ ᠪᠣᠭᠤᠳᠠᠯ ᠤᠨ ᠬᠠᠶᠠᠭᠳᠠᠮᠠᠯ ᠪᠣᠳᠠᠰ ᠢ | ᠴᠠᠭ ᠲᠤᠬᠠᠶ ᠳᠤᠨᠢ ᠣᠶᠢᠷ᠎ᠠ ᠬᠠᠪᠢ ᠶᠢᠨ ᠡᠭᠡᠭᠦᠯᠦᠨ ᠬᠤᠷᠢᠶᠠᠬᠤ ᠥᠷᠲᠡᠭᠡ ᠴᠢᠭ ᠲᠤ ᠬᠦᠷᠭᠡᠬᠦ ᠬᠡᠷᠡᠭᠲᠡᠶ᠂ | ᠳᠤᠷ᠎ᠠ ᠪᠠᠷ ᠢᠶᠠᠨ ᠬᠠᠶᠠᠵᠤ ᠪᠣᠯᠬᠤ ᠦᠭᠡᠶ︔ ᠪᠦᠲᠦᠭᠡᠭᠳᠡᠬᠦᠨ ᠤ ᠪᠣᠭᠤᠳᠠᠯ ᠳᠡᠭᠡᠷ᠎ᠡ ᠲᠣᠳᠣᠷᠬᠠᠶᠢᠯᠠᠭᠰᠠᠨ ᠬᠡᠷᠡᠭᠯᠡᠬᠦ | ᠬᠡᠪᠴᠢᠶ᠎ᠡ᠂ ᠱᠠᠭᠠᠷᠳᠠᠯᠭ᠎ᠠ ᠪᠣᠯᠤᠨ ᠠᠩᠬᠠᠷᠬᠤ ᠵᠦᠢᠯ ᠤᠨ ᠶᠣᠰᠣᠭᠠᠷ ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠢ ᠬᠡᠷᠡᠭᠯᠡᠵᠦ᠂ ᠠᠶᠤᠯ ᠦᠭᠡᠶ ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃ | ᠲᠠᠷᠠᠭᠠᠴᠢ ᠪᠠᠷ᠂ ᠵᠢᠤ ᠶᠤᠸᠠᠨ ᠲᠣᠭᠤᠷᠢᠭ ᠤᠨ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠲᠥᠪ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠲᠤᠰᠬᠠᠶ ᠪᠠᠶᠢᠴᠠᠭᠠᠯᠲᠠ ᠶᠢ | ᠦᠷᠭᠦᠯᠵᠢᠯᠡᠨ ᠥᠷᠨᠢᠭᠦᠯᠵᠦ᠂ ᠶᠠᠰᠤ ᠴᠢᠨᠠᠷ ᠨᠢ ᠬᠢᠷᠢ ᠲᠡᠩᠴᠡᠭᠦ ᠥᠬᠡᠶ ᠲᠠᠷᠢᠶᠠᠯᠠᠩ ᠤᠨ ᠦᠢᠯᠡᠳᠪᠦᠷᠢᠯᠡᠯ ᠤᠨ | ᠪᠦᠲᠦᠭᠡᠭᠳᠡᠬᠦᠨ ᠵᠢᠴᠢ ᠬᠤᠳᠠᠯ ᠬᠠᠭᠤᠷᠮᠠᠭ ᠴᠢᠨᠠᠷ ᠮᠠᠭᠤ ᠦᠢᠯᠡᠳᠬᠦᠨ ᠵᠡᠷᠭᠡ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠢᠯᠡᠷᠡᠭᠦᠯᠬᠦ ᠶᠢᠨ ᠬᠠᠮᠲᠤ ᠳᠡᠭᠡᠭᠰᠢ ᠮᠡᠳᠡᠭᠦᠯᠵᠦ᠂ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠶᠠᠰᠤ ᠴᠢᠨᠠᠷ ᠤᠨ ᠠᠮᠤᠷ ᠲᠦᠪᠰᠢᠨ ᠪᠠ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠲᠣᠭᠲᠠᠭᠤᠨ ᠪᠠᠶᠢᠬᠤ ᠶᠢ ᠦᠨᠡᠨ ᠬᠦ | ᠪᠠᠲᠤᠯᠠᠵᠤ᠂ ᠲᠠᠷᠢᠶᠠᠴᠢᠨ ᠡᠷᠦᠬᠡ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠤ᠂ ᠮᠠᠨ ᠤ | ᠲᠤᠭᠤᠷᠢᠭ ᠤᠨ ᠬᠠᠪᠤᠷ ᠤᠨ ᠲᠠᠷᠢᠶᠠᠯᠠᠭ᠎ᠠ ᠶᠢᠨ ᠠᠵᠢᠯ ᠳᠤ ᠰᠠᠶᠢᠲᠤᠷ ᠰᠠᠭᠤᠷᠢ ᠲᠠᠯᠪᠢᠨ᠎ᠠ᠃ | | | | | | | | |