ᠦᠨᠳᠦᠰᠦᠨ ᠱᠠᠲᠤᠨ ᠤ ᠳᠠᠷᠤᠭᠠᠰᠤ ᠶᠢ ᠬᠦᠩᠭᠡᠷᠡᠭᠦᠯᠦᠨ《ᠡᠷᠬᠢᠨ ᠬᠠᠷᠠᠬᠤ》᠂ ᠦᠷ᠎ᠡ  ᠪᠦᠲᠦᠭᠡᠯ ᠢᠶᠠᠨ ᠪᠠᠬᠢᠵᠢᠭᠦᠯᠵᠦ ᠳᠡᠭᠡᠭᠰᠢᠯᠡᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2025/3/14
    ᠤᠢᠢᠷ᠎ᠡ ᠳᠤ᠂ ᠵᠢᠤ ᠶᠤᠸᠠᠨ ᠲᠣᠭᠤᠷᠢᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ《 ᠵᠢᠵᠢᠭ ᠮᠤᠷᠢ ᠪᠦᠳᠦᠭᠦᠨ ᠲᠡᠷᠭᠡ ᠶᠢ ᠲᠠᠲᠠᠬᠤ 》 ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ《ᠡᠷᠬᠢᠨ ᠬᠠᠷᠠᠬᠤ》ᠠᠵᠢᠯᠯᠠᠭ᠎ᠠ ᠥᠷᠨᠢᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠭᠰᠡᠨ ᠦᠷ᠎ᠡ  ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠤᠨ ᠰᠢᠨ᠎ᠡ ᠦᠨᠳᠦᠷᠴᠡ  ᠳᠤ ᠬᠦᠷᠬᠦ ᠶᠢ ᠠᠬᠢᠭᠤᠯᠪᠠ᠃    ᠲᠤᠭᠤᠷᠢᠭ ᠤᠨ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ ᠢᠳᠡᠪᠬᠢᠲᠡᠶ ᠬᠥᠳᠡᠯᠦᠯᠴᠡᠵᠦ᠂ ᠰᠢᠷ᠎ᠠ ᠨᠤᠷ᠎ᠠ ᠵᠡᠭᠡᠯᠢ ᠭᠤᠳᠤᠮᠵᠢ᠂ ᠰᠠᠶᠢᠬᠠᠨ ᠵᠡᠭᠡᠯᠢ ᠭᠤᠳᠤᠮᠵᠢ᠂ ᠪᠠᠶᠠᠨᠰᠢᠯᠢ ᠵᠡᠭᠡᠯᠢ ᠭᠤᠳᠤᠮᠵᠢ ᠵᠢᠴᠢ ᠬᠡᠰᠡᠭ ᠭᠠᠴᠠᠭ᠎ᠠ ᠲᠣᠰᠬᠤᠨ ( ᠨᠡᠶᠢᠭᠡᠮ ᠲᠣᠭᠤᠷᠢᠭ )  ᠢᠶᠠᠷ ᠭᠦᠨᠵᠡᠭᠡᠶᠢᠷᠡᠨ᠂ ᠰᠤᠷᠪᠤᠯᠵᠢᠯᠠᠬᠤ ᠪᠠ ᠶᠠᠷᠢᠯᠴᠠᠬᠤ ᠲᠠᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ《 ᠡᠷᠬᠢᠨ ᠬᠠᠷᠠᠬᠤ 》ᠠᠵᠢᠯ ᠢ ᠥᠷᠨᠢᠭᠦᠯᠪᠡ᠃ ᠪᠠᠶᠢᠴᠠᠭᠠᠨ ᠰᠤᠳᠤᠯᠬᠤ ᠶᠠᠪᠤᠴᠠ ᠳᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ ᠣᠳᠣᠬᠢ ᠪᠠᠶᠢᠳᠠᠯ ᠤᠨ ᠠᠰᠠᠭᠤᠳᠠᠯ ᠢ ᠡᠮᠬᠢᠯᠡᠨ ᠳᠢᠭᠯᠡᠬᠦ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠤᠩᠰᠢᠨ ᠲᠠᠶᠢᠯᠪᠤᠷᠢᠯᠠᠬᠤ᠂ ᠠᠵᠢᠯ ᠤᠨ ᠣᠳᠣᠬᠢ ᠪᠠᠶᠢᠳᠠᠯ ᠢ ᠣᠶᠢᠯᠠᠭᠠᠬᠤ᠂ ᠠᠰᠠᠭᠤᠳᠠᠯ ᠴᠤᠭᠯᠠᠭᠤᠯᠬᠤ ᠵᠡᠷᠭᠡ ᠭᠤᠭᠴᠤᠭ᠎ᠠ ᠪᠠᠷ ᠳᠠᠮᠵᠢᠭᠤᠯᠤᠨ ᠲᠤᠬᠠᠶ ᠶᠢᠨ ᠭᠠᠵᠠᠷ ᠲᠤᠨᠢ ᠵᠢᠭᠠᠨ ᠵᠢᠯᠣᠭᠤᠳᠪᠠ᠃    ᠪᠠᠶᠢᠴᠠᠭᠠᠨ ᠰᠤᠳᠤᠯᠤᠯᠲᠠ ᠶᠢᠨ ᠳᠤᠮᠳᠠ ᠴᠤᠭᠯᠠᠭᠤᠯᠤᠭᠰᠠᠨ ᠠᠰᠠᠭᠤᠳᠠᠯ ᠳᠤ ᠴᠢᠭᠯᠡᠭᠦᠯᠦᠨ᠂ ᠲᠤᠭᠤᠷᠢᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠨᠠᠷᠢᠨ ᠬᠢᠨᠠᠮᠠᠭᠠᠶ ᠲᠡᠮᠳᠡᠭᠯᠡᠵᠦ᠂ ᠠᠰᠠᠭᠤᠯᠲᠠ ᠳᠤ ᠬᠠᠷᠢᠭᠤᠯᠲᠠ ᠥᠭᠴᠦ᠂ ᠳᠠᠷᠤᠭᠠᠰᠤ ᠶᠢ ᠬᠥᠩᠭᠡᠷᠡᠭᠦᠯᠬᠦ ᠲᠥᠷᠥ ᠶᠢᠨ ᠪᠣᠳᠣᠯᠭ᠎ᠠ ᠶᠢᠨ ᠪᠣᠳᠠᠲᠠᠶ ᠴᠢᠭᠯᠡᠯ ᠪᠠ ᠠᠵᠢᠯᠯᠠᠬᠤ ᠠᠷᠭ᠎ᠠ ᠵᠠᠮ ᠢ ᠲᠣᠳᠣᠷᠬᠠᠶᠢᠯᠠᠭᠰᠠᠨ ᠪᠥᠭᠡᠳ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠰᠢᠯᠢᠳᠡᠭᠵᠢᠭᠦᠯᠬᠦ ᠶᠢᠨ ᠴᠢᠬᠤᠯᠠ ᠴᠢᠨᠠᠷ ᠢ ᠴᠢᠬᠤᠯᠠᠴᠢᠯᠠᠵᠤ᠂ ᠳᠠᠷᠤᠭᠠᠰᠤ ᠶᠢ ᠬᠥᠩᠭᠡᠷᠡᠭᠦᠯᠬᠦ ᠠᠷᠭ᠎ᠠ ᠬᠡᠮᠵᠢᠶ᠎ᠡ ᠶᠢ ᠣᠨᠣᠪᠴᠢᠲᠠᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠡᠬᠢ ᠪᠠᠶᠠᠯᠢᠭ ᠢ ᠨᠡᠶᠢᠳᠬᠡᠬᠦ ᠶᠢ ᠠᠬᠢᠭᠤᠯᠬᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠬᠤ᠂ ᠠᠵᠢᠯ ᠤᠨ ᠶᠠᠪᠤᠴᠠ ᠶᠢ ᠰᠢᠯᠢᠳᠡᠭᠵᠢᠭᠦᠯᠬᠦ᠂ ᠮᠡᠳᠡᠭᠡ ᠵᠠᠩᠭᠢᠵᠢᠯᠲᠠ ᠶᠢᠨ ᠲᠦᠪᠰᠢᠨ ᠢ ᠳᠡᠭᠡᠭᠰᠢᠯᠡᠭᠦᠯᠬᠦ ᠵᠡᠷᠭᠡ ᠶᠢ ᠪᠠᠭᠲᠠᠭᠠᠭᠰᠠᠨ ᠬᠠᠨᠳᠤᠯᠭᠠᠲᠤ ᠴᠢᠨᠠᠷ ᠢᠶᠠᠷ ᠴᠢᠩᠭ᠎ᠠ᠂ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ ᠬᠠᠯᠠᠨ ᠰᠠᠶᠢᠵᠢᠷᠠᠭᠤᠯᠬᠤ ᠰᠠᠨᠠᠭᠤᠯᠭ᠎ᠠ ᠨᠤᠭᠤᠳ ᠢ ᠳᠤᠷᠠᠳᠤᠨ᠂ ᠵᠤᠷᠢᠯᠭ᠎ᠠ ᠨᠢ ᠦᠨᠳᠦᠰᠦᠨ ᠱᠠᠲᠤᠨ ᠤ ᠳᠠᠷᠤᠭᠠᠰᠤ ᠶᠢ ᠦᠨᠳᠦᠰᠦᠨ ᠠᠴᠠ ᠬᠦᠩᠭᠡᠷᠡᠭᠦᠯᠵᠦ᠂ ᠦᠨᠳᠦᠰᠦᠨ ᠱᠠᠲᠤᠨ ᠤ ᠦᠢᠯᠡᠴᠢᠯᠡᠭᠡᠨ ᠤ ᠴᠢᠳᠠᠪᠦᠷᠢ ᠶᠢ ᠨᠡᠮᠡᠭᠳᠡᠭᠦᠯᠦᠨ᠎ᠡ᠃    ᠡᠭᠦᠨ ᠠᠴᠠ ᠭᠠᠳᠠᠨ᠎ᠠ᠂ ᠲᠤᠭᠤᠷᠢᠭ ᠤᠨ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ ᠪᠠᠰᠠ ᠣᠷᠳᠣ ᠬᠤᠭᠤᠴᠠᠭᠠᠨ ᠤ ᠪᠦᠲᠦᠮᠵᠢᠲᠡᠶ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠵᠤ᠂ ᠡᠯ᠎ᠡ ᠵᠡᠭᠡᠯᠢ ᠪᠠᠯᠭᠠᠰᠤ ᠶᠢ ᠬᠢᠨᠠᠯᠲᠠ ᠲᠠᠯᠪᠢᠬᠤ ᠤᠲᠠᠰᠤ ᠪᠠᠨ ᠢᠯᠡ ᠨᠡᠶᠢᠲᠡᠯᠡᠵᠦ᠂ ᠴᠡᠭᠴᠡᠯᠡᠨ ᠵᠠᠰᠠᠬᠤ ᠰᠢᠪᠲᠤᠯᠤᠯᠲᠠ ᠶᠢᠨ ᠠᠵᠢᠯᠯᠠᠭ᠎ᠠ ᠶᠢ ᠬᠠᠰᠢ ᠶᠠᠰᠢ ᠥᠩᠭᠡᠷᠡᠭᠦᠯᠬᠦ ᠥᠬᠡᠶ ᠪᠠᠶᠢᠵᠤ᠂ ᠦᠨᠡᠨ ᠬᠦ ᠪᠣᠳᠠᠲᠤ ᠦᠷ᠎ᠡ ᠪᠦᠲᠦᠮᠵᠢ ᠤᠯᠬᠤ ᠶᠢ ᠱᠠᠭᠠᠷᠳᠠᠪᠠ᠃ ᠡᠭᠦᠨ ᠤ ᠬᠠᠮᠲᠤ᠂ ᠦᠨᠳᠦᠰᠦᠨ ᠱᠠᠲᠤᠨ ᠤ ᠵᠠᠰᠠᠯᠲᠠ ᠶᠢᠨ ᠵᠠᠭᠪᠤᠷ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠲᠡᠷᠢᠭᠦᠨ ᠤ ᠲᠤᠷᠰᠢᠯᠭ᠎ᠠ ᠶᠢ ᠠᠭᠤᠳᠠᠯᠤᠨ ᠳᠡᠯᠭᠡᠷᠡᠭᠦᠯᠵᠦ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠨᠡᠶᠢᠲᠡᠯᠢᠭ ᠬᠡᠷᠡᠭ ᠤᠨ ᠵᠢᠱᠢᠶ᠎ᠡ ᠶᠢ ᠪᠣᠶ ᠪᠣᠯᠭᠠᠵᠤ᠂ ᠪᠥᠬᠦ ᠲᠤᠭᠤᠷᠢᠭ ᠤᠨ ᠦᠨᠳᠦᠰᠦᠨ ᠱᠠᠲᠤᠨ ᠤ ᠵᠠᠰᠠᠯᠲᠠ ᠳᠤ ᠠᠰᠢᠭᠲᠠᠶ ᠯᠠᠪᠯᠠᠯᠲᠠ ᠬᠠᠩᠭᠠᠨ᠎ᠠ᠃    ᠲᠠᠷᠠᠭᠠᠴᠢ ᠪᠠᠷ᠂ ᠮᠠᠨ ᠤ ᠬᠡᠯᠲᠡᠰ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠡᠷᠡᠰ ᠭᠤᠶᠢᠪᠢᠰᠢ ᠥᠬᠡᠶ ᠠᠬᠢᠭᠤᠯᠵᠤ᠂ ᠦᠷᠭᠦᠯᠵᠢᠯᠡᠨ《ᠡᠷᠬᠢᠨ ᠬᠠᠷᠠᠬᠤ》ᠠᠵᠢᠯᠯᠠᠭ᠎ᠠ ᠪᠠᠷ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠳᠡᠭᠡᠭᠰᠢᠯᠡᠯᠲᠡ ᠶᠢ ᠠᠬᠢᠭᠤᠯᠤᠨ᠎ᠠ᠃ ᠪᠠᠶᠢᠭᠤᠯᠤᠮᠵᠢ ᠲᠣᠭᠲᠠᠴᠠ ᠶᠢ ᠰᠢᠯᠢᠳᠡᠭᠵᠢᠭᠦᠯᠬᠦ ᠲᠠᠯ᠎ᠠ ᠪᠠᠷ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠪᠠ ᠬᠦᠰᠡᠯ ᠡᠷᠡᠮᠡᠯᠵᠡᠯ ᠳᠤ ᠢᠳᠡᠪᠬᠢᠲᠡᠢ ᠬᠠᠷᠢᠭᠤᠯᠲᠠ ᠥᠭᠴᠦ᠂ ᠤᠯᠠᠨ ᠲᠦᠮᠡᠨ ᠤ ᠪᠠᠴᠢᠮᠳᠠᠵᠤ ᠪᠠᠶᠢᠭ᠎ᠠ ᠬᠦᠴᠢᠷᠳᠡᠵᠦ ᠪᠠᠶᠢᠭ᠎ᠠ ᠪᠠ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠦᠨᠳᠦᠰᠦᠨ ᠱᠠᠲᠤᠨ ᠤ ᠳᠠᠷᠤᠭᠠᠰᠤ ᠶᠢ ᠤᠯᠠᠮ ᠬᠥᠩᠭᠡᠷᠡᠭᠦᠯᠵᠦ᠂ ᠥᠷᠭᠡᠨ ᠤᠯᠠᠨ ᠠᠷᠠᠳ ᠲᠦᠮᠡᠨ ᠳᠤ ᠨᠡᠩ ᠰᠠᠶᠢᠨ ᠠᠰᠢᠭ ᠬᠦᠷᠲᠡᠭᠡᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号