| | ᠤᠳᠤ ᠦᠶ᠎ᠡ ᠶᠢᠨ ᠨᠡᠶᠢᠭᠡᠮ ᠤᠨ ᠲᠦᠷᠭᠡᠨ ᠬᠥᠭᠵᠢᠯᠲᠡ ᠶᠢᠨ ᠤᠷᠤᠰᠬᠠᠯ ᠳᠣᠣᠷ᠎ᠠ᠂ ᠵᠠᠯᠠᠭᠤᠴᠤᠳ ᠲᠤ ᠡᠯ᠎ᠡ | ᠵᠦᠢᠯ ᠤᠨ ᠠᠵᠠ ᠲᠣᠬᠢᠶᠠᠯ ᠪᠠ ᠥᠷᠢᠰᠥᠯᠳᠦᠭᠡᠨ ᠲᠤᠯᠭᠠᠷᠠᠵᠤ ᠪᠠᠶᠢᠨ᠎ᠠ᠃ ᠬᠡᠷᠬᠢᠨ ᠶᠠᠭᠠᠷᠠᠯᠲᠠᠢ ᠠᠮᠢᠳᠤᠷᠠᠯ ᠪᠠ | ᠠᠵᠢᠯ ᠤᠨ ᠴᠢᠯᠥᠭᠡᠨ ᠳᠡᠭᠡᠨ ᠥᠪᠡᠷ ᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠥᠪᠡᠷ ᠤᠨ ᠤᠶᠤᠨ | ᠰᠠᠨᠠᠭᠠᠨ ᠤ ᠶᠢᠷᠲᠢᠨᠴᠦ ᠪᠠᠨ ᠲᠡᠭᠦᠯᠳᠡᠷᠵᠢᠭᠦᠯᠬᠦ ᠨᠢ ᠥᠷᠭᠡᠨ ᠤᠯᠠᠨ ᠵᠠᠯᠠᠭᠤᠴᠤᠳ ᠤᠨ ᠲᠦᠷᠭᠡᠨ ᠰᠢᠢᠳᠪᠦᠷᠢᠯᠡᠬᠦ | ᠴᠢᠬᠤᠯᠠᠲᠠᠢ ᠠᠰᠠᠭᠤᠳᠠᠯ ᠪᠣᠯᠵᠠᠢ᠃2025 ᠣᠨ ᠤ ᠡᠬᠢᠯᠡᠯᠲᠡ ᠶᠢᠨ ᠵᠠᠩᠭᠢᠯᠠᠭ᠎ᠠ ᠶᠢᠨ ᠴᠡᠭ ᠲᠤ᠂ ᠵᠢᠤ ᠶᠤᠸᠠᠨ | ᠲᠣᠭᠤᠷᠢᠭ ᠤᠨ ᠡᠪᠯᠡᠯ ᠤᠨ ᠬᠤᠷᠢᠶ᠎ᠠ ᠥᠩᠭᠡᠷᠡᠭᠰᠡᠨ ᠨᠢᠭᠡ ᠵᠢᠯ ᠤᠨ ᠲᠤᠷᠰᠢᠯᠭ᠎ᠠ ᠠᠷᠭ᠎ᠠ ᠬᠢᠳᠡᠯ ᠢᠶᠠᠨ ᠳ᠋ᠦᠩᠨᠡᠵᠦ᠂ | ᠡᠪᠯᠡᠯ ᠤᠨ ᠲᠥᠪ ᠬᠤᠷᠢᠶᠠᠨ ᠤ《“ᠵᠠᠯᠠᠭᠤᠴᠤᠳ ᠤᠨ ᠬᠡᠷ᠂ ᠵᠠᠯᠠᠭᠤᠴᠤᠳ ᠤᠨ ᠣᠷᠣᠶ ᠶᠢᠨ | ᠰᠤᠷᠭᠠᠭᠤᠯᠢ” ᠶᠢᠨ ᠲᠥᠷᠥᠯ ᠵᠦᠢᠯ ᠢ ᠬᠡᠷᠡᠭᠵᠢᠭᠦᠯᠬᠦ ᠵᠢᠯᠣᠭᠤᠳᠤᠮᠵᠢ》 ᠶᠢᠨ ᠱᠠᠭᠠᠷᠳᠠᠯᠭ᠎ᠠ ᠵᠢᠴᠢ ᠥᠪᠡᠷᠲᠡᠭᠡᠨ | ᠵᠠᠰᠠᠬᠤ ᠣᠷᠣᠨ ᠤ ᠡᠪᠯᠡᠯ ᠤᠨ ᠬᠤᠷᠢᠶ᠎ᠠ᠂ ᠬᠤᠲᠠ ᠶᠢᠨ ᠡᠪᠯᠡᠯ ᠤᠨ ᠬᠤᠷᠢᠶ᠎ᠠ ᠠᠴᠠ ᠲᠣᠬᠢᠷᠠᠭᠤᠯᠤᠨ ᠪᠠᠶᠢᠷᠢᠯᠠᠭᠤᠯᠵᠤ᠂ | ᠬᠢᠴᠢᠶᠡᠯ ᠤᠨ ᠰᠢᠰᠲ᠋ᠧᠮ ᠢ ᠨᠠᠷᠢᠨ ᠨᠢᠮᠪᠠᠶ ᠲᠦᠯᠦᠪᠯᠡᠨ᠂ ᠵᠢᠭᠠᠨ ᠰᠤᠷᠭᠠᠯᠲᠠ ᠶᠢᠨ ᠠᠷᠭ᠎ᠠ ᠶᠢᠨ ᠰᠢᠨ᠎ᠡ ᠶᠢ | ᠡᠭᠦᠳᠴᠦ᠂ ᠦᠢᠯᠡᠴᠢᠯᠡᠭᠡ ᠬᠠᠮᠢᠶᠠᠷᠤᠯᠲᠠ ᠪᠠᠨ ᠰᠢᠯᠢᠳᠡᠭᠵᠢᠭᠦᠯᠦᠨ᠎ᠡ᠃ | ᠵᠢᠤ ᠶᠤᠸᠠᠨ ᠲᠣᠭᠤᠷᠢᠭ ᠤᠨ ᠡᠪᠯᠡᠯ ᠤᠨ ᠬᠤᠷᠢᠶ᠎ᠠ ᠵᠠᠯᠠᠭᠤᠴᠤᠳ ᠤᠨ ᠣᠷᠣᠶ ᠶᠢᠨ ᠰᠤᠷᠭᠠᠭᠤᠯᠢ ᠶᠢᠨ | ᠡᠵᠡᠩᠨᠡᠯᠲᠡ ᠳᠤᠮᠳᠠ᠂ ᠠᠯᠢ ᠣᠯᠠᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠠᠪᠴᠤ᠂ ᠬᠢᠴᠢᠶᠡᠯ ᠤᠨ ᠴᠢᠨᠠᠷ ᠰᠠᠶᠢᠲᠠᠶ | ᠪᠠ ᠲᠠᠲᠠᠬᠤ ᠬᠦᠴᠦᠨ ᠢ ᠦᠨᠡᠨ ᠬᠦ ᠪᠠᠲᠤᠯᠠᠪᠠ᠃ ᠶᠠᠭᠤᠨ ᠤ ᠡᠮᠦᠨ᠎ᠡ᠂ ᠣᠷᠣᠶ ᠶᠢᠨ ᠰᠤᠷᠭᠠᠭᠤᠯᠢ ᠨᠢ ᠴᠣ | ᠰᠢᠨ᠎ᠡ《ᠤᠷᠠᠯᠢᠭ ᠤᠨ ᠰᠢᠯᠢᠳᠡᠭ ᠵᠢᠭᠠᠨ ᠰᠤᠷᠭᠠᠯᠲᠠ》 ᠶᠢ ᠬᠡᠷᠡᠭᠯᠡᠵᠦ᠂ ᠠᠳᠠᠯᠢ ᠪᠤᠰᠤ ᠬᠦᠷᠢᠶᠡᠨ ᠤ ᠲᠤᠰᠬᠠᠶ | ᠮᠡᠷᠭᠡᠵᠢᠯ ᠤᠨ ᠬᠥᠮᠦᠰ ᠢ ᠤᠷᠢᠵᠤ ᠬᠢᠴᠢᠶᠡᠯᠯᠡᠭᠦᠯᠳᠡᠭ᠃ ᠡᠯᠪᠡᠭ ᠪᠠᠶᠠᠯᠢᠭ ᠪᠠᠭᠰᠢ ᠶᠢᠨ ᠬᠦᠴᠦᠨ ᠨᠢ ᠬᠢᠴᠢᠶᠡᠯ ᠤᠨ | ᠲᠤᠰᠬᠠᠶ ᠮᠡᠷᠭᠡᠵᠢᠯ ᠤᠨ ᠴᠢᠨᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠰᠤᠷᠤᠭᠴᠢᠳ ᠲᠤ ᠴᠤ ᠰᠢᠨ᠎ᠡ | ᠰᠤᠷᠤᠯᠴᠠᠬᠤ ᠬᠠᠷᠠᠭᠠᠰᠤ ᠣᠯᠭᠤᠵᠠᠶ᠃ ᠵᠠᠽ ᠪᠥᠵᠢᠭ ᠪᠠ ᠡᠷᠲᠡᠨ ᠤ ᠪᠥᠵᠢᠭ ᠤᠨ ᠬᠢᠴᠢᠶᠡᠯ ᠢᠶᠠᠷ ᠵᠢᠱᠢᠶᠡᠯᠡᠪᠡᠯ᠂ | ᠰᠥᠨᠢ ᠶᠢᠨ ᠰᠤᠷᠭᠠᠭᠤᠯᠢ ᠨᠢ ᠲᠤᠰᠬᠠᠶ ᠮᠡᠷᠭᠡᠵᠢᠯ ᠤᠨ ᠪᠥᠵᠢᠭ ᠤᠨ ᠪᠠᠭᠰᠢ ᠶᠢ ᠤᠷᠢᠵᠤ ᠬᠢᠴᠢᠶᠡᠯᠯᠡᠭᠦᠯᠪᠡ᠃ | ᠰᠤᠷᠤᠭᠴᠢᠳ ᠪᠠᠭᠰᠢ ᠶᠢᠨ ᠵᠢᠯᠣᠭᠤᠳᠤᠯᠭ᠎ᠠ ᠳᠤᠤᠷ᠎ᠠ᠂ ᠰᠠᠭᠤᠷᠢ ᠠᠯᠬᠤᠮ ᠠᠴᠠ ᠡᠬᠢᠯᠡᠨ᠂ ᠠᠯᠬᠤᠮ ᠠᠯᠬᠤᠮ ᠢᠶᠠᠷ | ᠪᠤᠳᠤᠯᠢᠶᠠᠨᠲᠠᠶ ᠪᠥᠵᠢᠭ ᠤᠨ ᠬᠥᠳᠡᠯᠦᠯ ᠢ ᠡᠵᠡᠮᠰᠢᠨ᠎ᠡ᠃ ᠡᠶᠢᠮᠦᠷᠬᠦᠦ ᠵᠢᠭᠠᠨ ᠰᠤᠷᠭᠠᠬᠤ ᠠᠷᠭ᠎ᠠ ᠨᠢ | ᠰᠤᠷᠤᠭᠴᠢᠳ ᠲᠤ ᠪᠥᠵᠢᠭ ᠤᠨ ᠷᠢᠳᠢ ᠰᠢᠳᠢ ᠶᠢ ᠮᠡᠳᠡᠷᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠪᠡᠶ᠎ᠡ | ᠮᠠᠬᠠᠪᠣᠳ ᠢᠶᠠᠨ ᠳᠠᠪᠲᠠᠨ ᠪᠣᠯᠪᠠᠰᠤᠷᠠᠭᠤᠯᠬᠤ ᠶᠢᠨ ᠬᠠᠮᠲᠤ ᠤᠷᠠᠯᠢᠭ ᠤᠨ ᠪᠣᠯᠪᠠᠰᠤᠷᠠᠯ ᠢ ᠨᠢ ᠬᠥᠮᠦᠵᠢᠭᠦᠯᠦᠭᠰᠡᠨ | ᠪᠠᠶᠢᠨ᠎ᠠ᠃ | | | | ᠳᠠᠭᠤᠯᠠᠯ ᠤᠨ ᠬᠢᠴᠢᠶᠡᠯ ᠳᠡᠭᠡᠷ᠎ᠡ᠂ ᠰᠤᠷᠤᠭᠴᠢ ᠯᠢ ᠲᠦᠩ ᠲᠡᠭᠦᠨ ᠤ ᠰᠤᠷᠤᠯᠴᠠᠯᠭ᠎ᠠ ᠶᠢᠨ ᠥᠩᠭᠡᠷᠡᠯᠲᠡ ᠪᠠᠨ | ᠬᠤᠪᠢᠶᠠᠯᠴᠠᠵᠤ :《 ᠪᠢ ᠶᠡᠷᠦ ᠨᠢ ᠳᠠᠭᠤᠤ ᠬᠥᠭᠵᠢᠮ ᠳᠤ ᠣᠷᠭᠢᠯᠤᠮ᠎ᠠ ᠬᠠᠯᠠᠭᠤᠨ ᠰᠡᠳᠬᠢᠯᠭᠡ ᠲᠠᠢ᠂ ᠤᠷᠤᠢ ᠶᠢᠨ | ᠰᠤᠷᠭᠠᠭᠤᠯᠢ ᠶᠢᠨ ᠳᠠᠭᠤᠯᠠᠯ ᠤᠨ ᠬᠢᠴᠢᠶᠡᠯ ᠨᠢ ᠨᠠᠳᠠ ᠳᠤ ᠲᠠᠭᠤ ᠭᠠᠷᠭᠠᠬᠤ ᠤᠷ᠎ᠠ ᠮᠡᠷᠭᠡᠵᠢᠯ ᠢ ᠰᠢᠰᠲ᠋ᠧᠮ ᠲᠠᠢ | ᠰᠤᠷᠤᠯᠴᠠᠬᠤ ᠲᠣᠬᠢᠶᠠᠯ ᠣᠯᠭᠤᠵᠤ ᠪᠠᠭᠰᠢ ᠶᠢᠨ ᠵᠢᠯᠤᠭᠤᠳᠤᠯᠭ᠎ᠠ ᠪᠠᠷ ᠪᠢ ᠳᠠᠭᠤᠤ ᠬᠥᠭᠵᠢᠮ ᠤᠨ ᠬᠡᠪ | ᠪᠣᠯᠪᠠᠰᠤᠷᠠᠯ ᠢᠶᠠᠨ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠳᠠᠭᠤᠤ ᠬᠥᠭᠵᠢᠮ ᠤᠨ ᠲᠠᠯᠠᠢ ᠲᠠᠩᠭᠢᠰ ᠲᠤ | ᠥᠪᠡᠷ ᠢ ᠪᠠᠨ ᠢᠯᠡᠳᠬᠡᠬᠦ ᠠᠷᠭ᠎ᠠ ᠬᠡᠯᠪᠡᠷᠢ ᠶᠢ ᠡᠷᠢᠵᠦ ᠤᠯᠪᠠ 》ᠭᠡᠵᠡᠢ᠃ | ᠳᠠᠷᠠᠭᠠᠯᠠᠪᠠᠯ᠂ ᠵᠢᠤ ᠶᠤᠸᠠᠨ ᠲᠣᠭᠤᠷᠢᠭ ᠤᠨ ᠡᠪᠯᠡᠯ ᠤᠨ ᠬᠤᠷᠢᠶ᠎ᠠ ᠬᠢᠴᠢᠶᠡᠯ ᠤᠨ ᠬᠠᠷᠢᠯᠴᠠᠨ ᠦᠢᠯᠡᠳᠦᠯᠴᠡᠬᠦ | ᠴᠢᠨᠠᠷ ᠪᠠ ᠦᠢᠯᠡᠳᠦᠯᠭᠡ ᠶᠢᠨ ᠴᠢᠨᠠᠷ ᠢ ᠴᠢᠬᠤᠯᠠᠴᠢᠯᠠᠨ᠎ᠠ᠃ ᠤᠷᠠᠨ ᠪᠢᠴᠢᠯᠭᠡ ᠶᠢᠨ ᠬᠢᠴᠢᠶᠡᠯ ᠪᠠ ᠭᠡᠷᠡᠯ ᠵᠢᠷᠤᠭ ᠤᠨ | ᠬᠢᠴᠢᠶᠡᠯ ᠳᠤ ᠰᠤᠷᠤᠭᠴᠢᠳ ᠥᠪᠡᠷ ᠤᠨ ᠭᠠᠷ ᠢᠶᠠᠷ ᠢᠶᠠᠨ ᠪᠢᠴᠢᠬᠦ ᠪᠠ ᠰᠡᠭᠦᠳᠡᠷᠯᠡᠬᠦ ᠪᠠᠷ ᠳᠠᠮᠵᠢᠭᠤᠯᠤᠨ | ᠤᠯᠠᠮᠵᠢᠯᠠᠯᠲᠤ ᠤᠷᠠᠯᠢᠭ ᠤᠨ ᠷᠢᠳᠢ ᠰᠢᠳᠢ ᠪᠠ ᠣᠳᠣ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠥᠭᠦᠮ | ᠳᠥᠲᠡ ᠶᠢ ᠪᠡᠶᠡᠴᠢᠯᠡᠨ ᠣᠶᠢᠯᠠᠭᠠᠵᠤ ᠪᠣᠯᠤᠨ᠎ᠠ᠃ ᠡᠶᠢᠮᠦᠷᠬᠦᠦ ᠦᠢᠯᠡᠳᠦᠯᠭᠡ ᠶᠢ ᠴᠢᠬᠤᠯᠠᠴᠢᠯᠠᠳᠠᠭ ᠵᠢᠭᠠᠨ | ᠰᠤᠷᠭᠠᠬᠤ ᠠᠷᠭ᠎ᠠ ᠨᠢ ᠰᠤᠷᠤᠭᠴᠢᠳ ᠲᠤ ᠭᠠᠷ ᠬᠥᠳᠡᠯᠵᠦ ᠬᠢᠬᠦ ᠳᠤᠮᠳᠠ ᠮᠡᠳᠡᠯᠭᠡ ᠪᠠ ᠪᠠᠶᠠᠷ ᠴᠡᠩᠭᠡᠯ ᠣᠯᠭᠤᠳᠠᠭ᠃ | | | | ᠡᠭᠦᠨ ᠠᠴᠠ ᠭᠠᠳᠠᠨ᠎ᠠ᠂ ᠤᠷᠤᠢ ᠶᠢᠨ ᠰᠤᠷᠭᠠᠭᠤᠯᠢ ᠶᠢᠨ ᠨᠥᠯᠥᠭᠡᠯᠡᠬᠦ ᠬᠦᠴᠦᠨ ᠢ ᠤᠯᠠᠮ ᠴᠢᠨᠠᠭᠰᠢᠳᠠ | ᠥᠷᠭᠡᠳᠬᠡᠵᠦ᠂ ᠨᠡᠩ ᠤᠯᠠᠨ ᠡᠪᠯᠡᠯ ᠤᠨ ᠭᠡᠰᠢᠭᠦᠨ ᠵᠠᠯᠠᠭᠤᠴᠤᠳ ᠲᠤ ᠠᠰᠢᠭ ᠬᠦᠷᠲᠡᠭᠡᠬᠦ ᠶᠢᠨ ᠲᠥᠯᠥᠭᠡ᠂ ᠵᠢᠤ | ᠶᠤᠸᠠᠨ ᠲᠣᠭᠤᠷᠢᠭ ᠤᠨ ᠡᠪᠯᠡᠯ ᠤᠨ ᠬᠤᠷᠢᠶ᠎ᠠ ᠵᠠᠯᠠᠭᠤᠴᠤᠳ ᠤᠨ ᠤᠷᠤᠢ ᠶᠢᠨ ᠰᠤᠷᠭᠠᠭᠤᠯᠢ ᠶᠢᠨ《ᠲᠡᠮᠲᠡᠷᠢᠭᠦᠯ》 ᠢ | ᠤᠷᠲᠤᠳᠬᠠᠵᠤ᠂ ᠤᠷᠤᠢ ᠶᠢᠨ ᠰᠤᠷᠭᠠᠭᠤᠯᠢ ᠶᠢ《ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ》᠂《ᠠᠵᠤ | ᠠᠬᠤᠶᠢᠯᠠᠯ ᠳᠤ ᠣᠷᠣᠭᠤᠯᠬᠤ》ᠪᠣᠯᠤᠨ᠎ᠠ᠃ ᠪᠤᠭᠤᠲᠤ ᠬᠤᠲᠠ ᠶᠢᠨ ᠡᠯ᠎ᠡ ᠰᠤᠷᠭᠠᠭᠤᠯᠢ ᠠᠵᠤ ᠠᠬᠤᠶᠢᠯᠠᠯ ᠲᠠᠢ | ᠬᠠᠮᠲᠤᠷᠠᠯᠴᠠᠬᠤ ᠪᠠᠷ ᠳᠡᠮᠵᠢᠨ᠂ ᠰᠤᠷᠤᠭᠴᠢᠳ ᠤᠨ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠵᠤ᠂ ᠲᠡᠳᠡᠨ ᠢ ᠬᠠᠪᠰᠤᠷᠤᠨ ᠳᠤᠷ᠎ᠠ ᠰᠣᠨᠢᠷᠬᠠᠯ ᠢ ᠨᠢ ᠬᠥᠮᠦᠵᠢᠭᠦᠯᠦᠨ ᠥᠭᠴᠦ᠂ ᠠᠵᠢᠯ | ᠮᠡᠷᠭᠡᠵᠢᠯ ᠤᠨ ᠤᠷ᠎ᠠ ᠴᠢᠳᠠᠪᠤᠷᠢ ᠪᠠ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠨᠢ ᠳᠡᠭᠡᠭᠰᠢᠯᠡᠭᠦᠯᠵᠦ᠂ ᠠᠵᠤ | ᠠᠬᠤᠶᠢᠯᠠᠯ ᠤᠨ ᠨᠢᠭᠲᠠᠷᠠᠯ ᠤᠨ ᠬᠦᠴᠦᠨ ᠪᠠ ᠪᠦᠲᠦᠭᠡᠯᠴᠢ ᠴᠢᠳᠠᠪᠤᠷᠢ ᠶᠢ ᠨᠢ ᠨᠡᠮᠡᠭᠳᠡᠭᠦᠯᠦᠨ᠎ᠡ᠃ | 《ᠲᠠᠷᠠᠭᠠᠴᠢ ᠶᠢᠨ ᠠᠯᠬᠤᠮ ᠳᠤ᠂ ᠪᠢᠳᠡ ᠦᠷᠭᠦᠯᠵᠢᠯᠡᠨ ᠵᠠᠯᠠᠭᠤᠴᠤᠳ ᠤᠨ ᠬᠡᠷᠡᠭᠴᠡᠭᠡ ᠱᠠᠭᠠᠷᠳᠠᠯᠭ᠎ᠠ ᠳᠤ | ᠨᠡᠶᠢᠴᠡᠭᠰᠡᠨ ᠬᠢᠴᠢᠶᠡᠯ ᠢ ᠨᠡᠩ ᠤᠯᠠᠨ ᠭᠠᠷᠭᠠᠵᠤ᠂ ᠢᠯᠠᠩᠭᠤᠶ᠎ᠠ ᠪᠤᠭᠤᠲᠤ ᠬᠤᠳᠠ ᠶᠢᠨ ᠣᠷᠣᠨ ᠪᠦᠰᠡ ᠶᠢᠨ | ᠰᠣᠶᠣᠯ ᠪᠣᠯᠤᠨ ᠠᠵᠤ ᠦᠢᠯᠡᠰ ᠤᠨ ᠬᠥᠭᠵᠢᠯᠲᠡ ᠲᠠᠢ ᠤᠶᠠᠯᠳᠤᠭᠤᠯᠵᠤ᠂ ᠣᠷᠣᠨ ᠨᠤᠲᠤᠭ ᠤᠨ ᠣᠨᠴᠠᠯᠢᠭ ᠲᠠᠢ | ᠬᠢᠴᠢᠶᠡᠯ ᠤᠨ ᠰᠢᠰᠲ᠋ᠧᠮ ᠢ ᠪᠠᠶᠢᠭᠤᠯᠤᠨ᠎ᠠ》ᠭᠡᠵᠦ ᠵᠢᠤ ᠶᠤᠸᠠᠨ ᠲᠣᠭᠤᠷᠢᠭ ᠤᠨ ᠡᠪᠯᠡᠯ ᠤᠨ ᠬᠤᠷᠢᠶ᠎ᠠ ᠶᠢᠨ | ᠬᠠᠷᠢᠭᠤᠴᠠᠯᠭᠠᠲᠠᠨ᠂《ᠡᠳᠡᠭᠡᠷ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠵᠢᠤ ᠶᠤᠸᠠᠨ ᠲᠣᠭᠤᠷᠢᠭ ᠤᠨ | ᠵᠠᠯᠠᠭᠤᠴᠤᠳ ᠤᠨ ᠤᠷᠤᠢ ᠶᠢᠨ ᠰᠤᠷᠭᠠᠭᠤᠯᠢ ᠨᠢ ᠵᠠᠯᠠᠭᠤᠴᠤᠳ ᠤᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ | ᠴᠢᠬᠤᠯᠠ ᠲᠠᠪᠴᠠᠩ ᠪᠤᠯᠵᠤ᠂ ᠲᠡᠳᠡᠨ ᠤ ᠤᠯᠠᠨ ᠡᠰᠢᠵᠢᠭᠰᠡᠨ ᠰᠤᠷᠤᠯᠴᠠᠯᠭ᠎ᠠ ᠶᠢᠨ ᠣᠷᠴᠢᠨ ᠳᠤ ᠪᠦᠬᠦ ᠲᠠᠯ᠎ᠠ ᠪᠠᠷ | ᠬᠥᠭᠵᠢᠬᠦ ᠳᠤ ᠬᠦᠴᠦ ᠨᠡᠮᠡᠷᠢᠯᠡᠨ᠎ᠡ》ᠭᠡᠵᠦ ᠢᠯᠡᠳᠬᠡᠪᠡ᠃ | | | |