ᠥᠷᠭᠡᠨ ᠣᠯᠠᠨ ᠪᠠᠭᠰᠢ ᠰᠤᠷᠤᠭᠴᠢᠳ ᠤᠨ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ | ᠡᠵᠡᠮᠳᠡᠬᠦ ᠮᠡᠳᠡᠯᠭᠡ ᠶᠢᠨ ᠲᠠᠨᠢᠨ ᠮᠡᠳᠡᠬᠦᠶ ᠶᠢ ᠨᠡᠮᠡᠭᠳᠡᠭᠦᠯᠵᠦ᠂ ᠠᠮᠢ ᠠᠬᠤᠶ ᠶᠢ ᠬᠠᠮᠠᠭᠠᠯᠠᠬᠤ ᠦᠵᠡᠯ ᠤᠬᠠᠮᠰᠠᠷ ᠢ | ᠳᠡᠭᠡᠭᠰᠢᠯᠡᠭᠦᠯᠬᠦ ᠶᠢᠨ ᠲᠤᠰᠠᠳᠠ᠂ ᠵᠢᠦ ᠶᠤᠸᠠᠨ ᠲᠣᠭᠤᠷᠢᠭ ᠤᠨ ᠣᠶ ᠰᠢᠭᠤᠶ ᠶᠢᠨ ᠰᠡᠷᠭᠡᠶᠢᠯᠡᠯᠲᠡ ᠶᠢᠨ ᠥᠷᠲᠡᠭᠡ | ᠪᠤᠭᠤᠲᠤ ᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠲᠤ ᠬᠦᠷᠴᠦ᠂ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠥᠷᠭᠡᠨ ᠣᠯᠠᠨ ᠪᠠᠭᠰᠢ | ᠰᠤᠷᠤᠭᠴᠢᠳ ᠲᠤ ᠬᠠᠨᠳᠤᠭᠤᠯᠤᠨ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠡᠵᠡᠮᠳᠡᠬᠦ | ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | | | | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠣᠶ ᠰᠢᠭᠤᠶ ᠶᠢᠨ ᠰᠡᠷᠭᠡᠶᠢᠯᠡᠯᠲᠡ ᠶᠢᠨ ᠥᠷᠲᠡᠭᠡ ᠶᠢᠨ | ᠠᠵᠢᠯᠲᠠᠳ ᠤᠬᠠᠭᠤᠯᠭ᠎ᠠ ᠶᠢᠨ ᠤᠷᠢᠶ᠎ᠠ ᠲᠠᠯᠪᠢᠬᠤ᠂ ᠤᠬᠠᠭᠤᠯᠭ᠎ᠠ ᠶᠢᠨ ᠮᠡᠳᠡᠯᠭᠡ ᠶᠢᠨ ᠭᠠᠷ ᠳᠡᠪᠲᠡᠷ ᠪᠠ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠪᠠᠭᠰᠢ ᠰᠤᠷᠤᠭᠴᠢᠳ ᠤᠨ ᠠᠩᠬᠠᠷᠤᠯ ᠢ ᠲᠠᠲᠠᠪᠠ᠃ | ᠠᠵᠢᠯᠲᠠᠳ ᠭᠠᠷ ᠳᠡᠪᠲᠡᠷ ᠤᠨ ᠠᠭᠤᠯᠭ᠎ᠠ ᠲᠠᠢ ᠤᠶᠠᠯᠳᠤᠭᠤᠯᠤᠨ᠂ ᠣᠨᠴᠠᠭᠠᠶᠢᠯᠠᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠬᠦᠷᠢᠶᠡᠯᠡᠩ ᠲᠣᠭᠤᠷᠢᠭ ᠪᠠ ᠡᠷᠬᠢᠨ ᠲᠣᠭᠤᠷᠢᠨ ᠳᠤ ᠭᠠᠷᠴᠤ ᠮᠡᠳᠡᠬᠦ ᠣᠶ ᠰᠢᠭᠤᠶ ᠶᠢᠨ ᠬᠥᠨᠥᠭᠡᠯᠲᠡᠶ | ᠠᠮᠢᠳᠤ ᠪᠣᠳᠠᠰ ᠤᠨ ᠲᠥᠷᠥᠯ ᠵᠦᠢᠯ ᠵᠢᠴᠢ ᠰᠡᠷᠭᠡᠶᠢᠯᠡᠬᠦ ᠭᠤᠤᠯᠳᠠᠯᠭ᠎ᠠ ᠳᠤ ᠴᠢᠭᠯᠡᠭᠦᠯᠦᠨ ᠭᠤᠤᠯᠳᠠᠯᠭ᠎ᠠ ᠲᠠᠢ | ᠲᠣᠳᠣᠷᠬᠠᠶᠢᠯᠠᠯᠲᠠ ᠬᠢᠵᠦ᠂ ᠪᠠᠭᠰᠢ ᠰᠤᠷᠤᠭᠴᠢᠳ ᠢ ᠬᠠᠪᠰᠤᠷᠤᠨ ᠳᠡᠷᠭᠡᠳᠡᠬᠢ ᠣᠶ ᠰᠢᠭᠤᠶ ᠶᠢᠨ ᠬᠥᠨᠥᠭᠡᠯᠲᠡᠶ | ᠠᠮᠢᠳᠤ ᠪᠣᠳᠠᠰ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠨᠠᠩ ᠰᠠᠶᠢᠲᠤᠷ ᠣᠶᠢᠯᠠᠭᠠᠭᠤᠯᠪᠠ᠃ ᠪᠠᠭᠰᠢ | ᠰᠤᠷᠤᠭᠴᠢᠳ ᠤᠨ ᠡᠳᠦᠷ ᠲᠤᠲᠤᠮ ᠤᠨ ᠠᠮᠢᠳᠤᠷᠠᠯ ᠳᠤᠮᠳᠠ ᠣᠶ ᠰᠢᠭᠤᠶ ᠶᠢᠨ ᠬᠥᠨᠥᠭᠡᠯᠲᠡᠶ ᠠᠮᠢᠳᠤ ᠪᠣᠳᠠᠰ ᠢ | ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠶ ᠣᠷᠣᠯᠴᠠᠬᠤ ᠶᠢ ᠵᠤᠷᠢᠭᠵᠢᠭᠤᠯᠵᠤ ᠪᠠᠶᠢᠨ᠎ᠠ᠃ | | | | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠶᠢᠨ ᠵᠣᠷᠢᠯᠭ᠎ᠠ ᠨᠢ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠬᠦᠷᠢᠶᠡᠯᠡᠩ ᠲᠣᠭᠤᠷᠢᠭ ᠤᠨ ᠪᠠᠭᠰᠢ ᠰᠤᠷᠤᠭᠴᠢᠳ ᠤᠨ ᠣᠶ ᠰᠢᠭᠤᠶ ᠶᠢᠨ ᠬᠥᠨᠥᠭᠡᠯᠲᠡᠶ ᠠᠮᠢᠳᠤ | ᠪᠣᠳᠠᠰ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠵᠦ᠂ ᠪᠠᠭᠰᠢ | ᠰᠤᠷᠤᠭᠴᠢᠳ ᠤᠨ ᠠᠮᠢ ᠠᠬᠤᠶ ᠶᠢ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ ᠶᠤᠮ᠃ | ᠬᠤᠶᠢᠰᠢᠳᠠ ᠵᠢᠤ ᠶᠤᠸᠠᠨ ᠲᠣᠭᠤᠷᠢᠭ ᠤᠨ ᠣᠶ ᠰᠢᠭᠤᠶ ᠶᠢᠨ ᠰᠡᠷᠭᠡᠶᠢᠯᠡᠯᠲᠡ ᠶᠢᠨ ᠥᠷᠲᠡᠭᠡ ᠨᠢ ᠤᠬᠠᠭᠤᠯᠭ᠎ᠠ ᠶᠢᠨ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠬᠠᠭᠤᠯᠭ᠎ᠠ ᠶᠢᠨ ᠬᠡᠯᠪᠡᠷᠢ ᠪᠠᠨ ᠰᠢᠨᠡᠳᠬᠡᠵᠦ᠂ ᠨᠠᠩ ᠣᠯᠠᠨ | ᠪᠠᠶᠠᠯᠢᠭ ᠠᠭᠤᠯᠭ᠎ᠠ ᠲᠠᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠠᠮᠢ ᠠᠬᠤᠶ ᠶᠢᠨ ᠠᠮᠤᠷ ᠲᠦᠪᠰᠢᠨ ᠢ | ᠬᠠᠮᠠᠭᠠᠯᠠᠬᠤ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ | | | | | | | | |